| 1ᠰᠠᠷ᠎ᠠ ᠶᠢᠨ 16 ᠤ ᠡᠳᠦᠷ᠂ ᠠᠵᠢᠯᠲᠠᠨ ᠠᠵᠢᠯᠴᠢᠨ ᠤ ᠠᠵᠢᠯ ᠤᠨ ᠴᠢᠯᠦᠭᠡᠨ ᠤ ᠰᠣᠶᠣᠯ ᠤᠨ ᠠᠮᠢᠳᠤᠷᠠᠯ ᠢ | ᠪᠠᠶᠠᠯᠢᠭᠵᠢᠭᠤᠯᠵᠤ᠂ ᠪᠠᠶᠠᠷ ᠤᠨ ᠡᠳᠦᠷ ᠤᠨ ᠠᠭᠤᠷ ᠠᠮᠢᠰᠬᠤᠯ ᠢ ᠪᠣᠶ ᠪᠣᠯᠭᠠᠨ᠂ ᠠᠵᠢᠯᠲᠠᠨ ᠠᠵᠢᠯᠴᠢᠨ ᠤ ᠨᠢᠭᠲᠠᠷᠠᠯ ᠤᠨ | ᠬᠦᠴᠦᠨ ᠢ ᠤᠯᠠᠮ ᠨᠢᠭᠡ ᠠᠯᠬᠤᠮ ᠴᠢᠩᠭᠠᠷᠠᠭᠤᠯᠵᠤ᠂ ᠪᠥᠬᠦ ᠠᠵᠢᠯᠲᠠᠨ ᠠᠵᠢᠯᠴᠢᠨ ᠤ ᠠᠳᠠᠯ ᠦᠢᠯᠡᠰ ᠴᠣᠭᠴᠠᠯᠠᠬᠤ ᠰᠢᠨ᠎ᠡ | ᠠᠮᠢᠵᠢᠷᠠᠯ ᠤᠨ ᠬᠦᠴᠦᠨ ᠢ ᠬᠥᠭᠵᠢᠭᠡᠬᠦ ᠶᠢᠨ ᠲᠥᠯᠥᠭᠡ᠂ ᠥᠪᠥᠷ ᠮᠣᠩᠭᠤᠯ ᠤᠨ ᠴᠠᠬᠢᠯᠭᠠᠨ ᠬᠦᠴᠦᠨ ᠤ ᠪᠦᠯᠦᠭᠯᠡᠯ ᠤᠨ | ᠤᠯᠠᠭᠠᠨᠴᠠᠪ ᠤᠨ ᠹᠧᠩᠵᠧᠨ ᠤ ᠴᠠᠬᠢᠯᠭᠠᠨ ᠬᠠᠩᠭᠠᠬᠤ ᠺᠣᠮᠫᠠᠨᠢ ᠶᠢᠨ ᠬᠢᠨ ︽ᠪᠢᠳᠡᠨ ᠤ ᠪᠠᠶᠠᠷ ᠤᠨ ᠡᠳᠦᠷ᠂ ᠴᠠᠭᠠᠨ ᠰᠠᠷ᠎ᠠ︾ | ᠭᠡᠬᠦ ᠰᠢᠨ᠎ᠡ ᠵᠢᠯ ᠢ ᠤᠭᠲᠤᠬᠤ ᠨᠠᠶᠢᠷ ᠢ ᠥᠷᠨᠢᠭᠦᠯᠪᠡ᠃ ᠺᠣᠮᠫᠠᠨᠢ ᠶᠢᠨ ᠭᠡᠷ ᠲᠡᠭᠡᠨ ᠪᠠᠶᠢᠭ᠎ᠠ ᠤᠳᠤᠷᠢᠳᠬᠤ ᠪᠠᠭ ᠤᠨ | ᠪᠦᠷᠢᠯᠳᠦᠭᠦᠨ᠂ 40 ᠭᠠᠷᠤᠢ ᠠᠵᠢᠯᠲᠠᠨ ᠨᠢᠭᠡ ᠲᠠᠩᠬᠢᠮ ᠳᠤ ᠴᠤᠭᠯᠠᠷᠠᠵᠤ᠂ ᠳᠠᠭᠤᠯᠠᠨ ᠪᠥᠵᠢᠭᠯᠡᠵᠦ ᠬᠠᠮᠲᠤᠪᠠᠷ ᠮᠣᠭᠠᠢ | ᠵᠢᠯ ᠤᠨ ᠬᠦᠷᠴᠦ ᠢᠷᠡᠬᠦ ᠶᠢ ᠤᠭᠲᠤᠪᠠ᠃ | | ︽ᠰᠢᠨ᠎ᠡ ᠵᠢᠯ ᠤᠨ ᠰᠢᠨ᠎ᠡ ᠳᠦᠷᠰᠦ ᠪᠠᠶᠢᠳᠠᠯ ᠳᠤ ᠲᠠ ᠪᠦᠬᠦᠨ ᠤ ᠵᠢᠷᠭᠠᠯ ᠴᠡᠩᠭᠡᠯ ᠢ ᠪᠡᠯᠭᠡᠳᠡᠶ᠎ᠡ︕︾᠂ ︽ᠰᠢᠨ᠎ᠡ | ᠵᠢᠯ ᠤᠨ ᠰᠢᠨ᠎ᠡ ᠳᠦᠷᠰᠦ ᠪᠠᠶᠢᠳᠠᠯ ᠳᠤ ᠲᠠ ᠪᠦᠬᠦᠨ ᠤ ᠠᠵᠠ ᠵᠢᠷᠭᠠᠯ ᠢ ᠪᠡᠯᠭᠡᠯᠡᠶ᠎ᠡ︕︾᠂ ᠨᠢᠳᠦ ᠭᠢᠯᠠᠰᠤᠮ᠎ᠠ | ᠦᠪᠡᠳᠡᠭᠰᠢ ᠨᠠᠶᠢᠷ ᠢ ᠳᠠᠭᠠᠯᠳᠤᠨ᠂ ᠰᠢᠨ᠎ᠡ ᠵᠢᠯ ᠢ ᠤᠭᠲᠤᠬᠤ ᠨᠠᠶᠢᠷ ᠵᠢᠩᠬᠢᠨᠢ ᠪᠠᠷ ᠡᠬᠢᠯᠡᠪᠡ᠃ ᠺᠣᠮᠫᠠᠨᠢ ᠶᠢᠨ | ᠤᠳᠤᠷᠢᠳᠬᠤ ᠪᠠᠭ ᠤᠨ ᠪᠦᠷᠢᠯᠳᠦᠭᠦᠨ ᠲᠤᠬᠠᠢ ᠶᠢᠨ ᠲᠠᠯᠠᠪᠠᠢ ᠳᠤ ᠥᠷᠭᠡᠨ ᠤᠯᠠᠨ ᠠᠵᠢᠯᠲᠠᠨ ᠠᠵᠢᠯᠴᠢᠨ ᠳᠤ ᠮᠣᠭᠠᠢ | ᠵᠢᠯ ᠤᠨ ᠵᠥᠩᠨᠡᠯ ᠪᠠ ᠴᠠᠭᠠᠨ ᠰᠠᠷ᠎ᠠ ᠶᠢᠨ ᠮᠡᠨᠳᠦᠴᠢᠯᠡᠯ ᠢᠶᠠᠨ ᠬᠦᠷᠭᠡᠪᠡ᠃ | | ᠪᠦᠬᠦ ᠲᠠᠯᠠᠪᠠᠶ ᠶᠢᠨ ᠲᠣᠭᠯᠠᠯᠲᠠ ᠶᠢᠨ ᠠᠭᠤᠷ ᠠᠮᠢᠰᠬᠤᠯ ᠬᠦᠷ ᠬᠥᠭᠵᠢᠶᠡᠨ ᠢᠶᠠᠷ ᠪᠢᠯᠬᠠᠵᠤ᠂ ᠲᠣᠭᠯᠠᠯᠲᠠ ᠭᠤᠶᠢᠳᠠ | ᠰᠠᠶᠢᠬᠠᠨ᠂ ᠡᠯ᠎ᠡ ᠰᠠᠯᠠᠭ᠎ᠠ ᠮᠥᠴᠢᠷ᠂ ᠠᠩᠭᠢ ᠭᠠᠵᠠᠷ ᠤᠨ ᠠᠵᠢᠯᠲᠠᠳ ᠪᠦᠷ ᠲᠤᠭᠯᠠᠯᠲᠠ ᠳᠤ ᠣᠷᠣᠯᠴᠠᠵᠤ᠂ ᠳᠣᠮᠤᠭ ᠤᠨ | ᠥᠩᠭᠡ ᠪᠤᠳᠤᠭ ᠲᠠᠢ ᠱᠤᠭ ᠵᠦᠴᠦᠭᠡ᠂ ᠤᠯᠠᠮᠵᠢᠯᠠᠯᠲᠤ ᠪᠡᠶ᠎ᠡ ᠰᠤᠪᠢᠯᠠᠯᠲᠠ ᠶᠢᠨ ᠨᠠᠢᠮᠠᠨ ᠬᠡᠮᠡᠷᠯᠢᠭ ᠤᠨ ᠲᠣᠭᠯᠠᠯᠲᠠ᠂ | ᠣᠷᠭᠢᠯᠤᠮ᠎ᠠ ᠬᠠᠯᠠᠭᠤᠨ ᠰᠡᠳᠬᠢᠯᠭᠡ ᠲᠠᠢ ᠪᠥᠵᠢᠭ᠂ ᠦᠨᠳᠦᠰᠦᠲᠡᠨ ᠤ ᠤᠯᠠᠮᠵᠢᠯᠠᠯ ᠪᠠ ᠣᠲᠣ ᠦᠶ᠎ᠡ ᠶᠢᠨ ᠳᠡᠯᠭᠡᠷᠡᠵᠦ | ᠪᠠᠶᠢᠭ᠎ᠠ ᠬᠥᠭᠵᠢᠮᠳᠡᠭᠦᠷ ᠤᠨ ᠴᠢᠪᠬᠠᠳᠠᠯ ᠬᠥᠭᠵᠢᠮ ᠵᠡᠷᠭᠡ ᠪᠣᠶ᠃ ᠠᠵᠢᠯᠲᠠᠨ ᠠᠵᠢᠯᠴᠢᠳ ᠲᠤᠬᠠᠶᠢᠯᠠᠭᠰᠠᠨ ᠠᠵᠢᠯ ᠢᠶᠠᠨ | ᠰᠠᠶᠢᠲᠤᠷ ᠬᠢᠬᠦ ᠶᠢᠨ ᠬᠠᠮᠲᠤ ᠠᠵᠢᠯ ᠤᠨ ᠴᠢᠯᠦᠭᠡᠨ ᠤ ᠴᠠᠭ ᠢᠶᠠᠨ ᠠᠰᠢᠭᠯᠠᠨ ᠴᠠᠭ ᠭᠠᠷᠭᠠᠨ ᠪᠣᠯᠪᠠᠰᠤᠷᠠᠵᠤ᠂ ᠤᠯᠠᠨ ᠤ | ᠤᠶᠤᠨ ᠤᠬᠠᠭᠠᠨ ᠢ ᠲᠥᠪᠯᠡᠷᠡᠭᠦᠯᠵᠦ᠂ ᠰᠢᠨ᠎ᠡ ᠰᠡᠪᠡᠭᠦᠨ ᠡᠭᠦᠳᠦᠯᠲᠡ ᠲᠠᠢ᠂ ᠤᠯᠠᠨ ᠤ ᠤᠬᠠᠭᠠᠨ ᠬᠠᠮᠲᠤ ᠶᠢᠨ | ᠬᠦᠴᠦᠨ ᠢᠶᠠᠷ ᠭᠤᠶᠢᠳᠠ ᠰᠠᠶᠢᠬᠠᠨ ᠲᠣᠭᠯᠠᠯᠲᠠ ᠲᠤᠭᠯᠠᠨ ᠬᠤᠪᠢ ᠬᠥᠮᠥᠨ ᠤ ᠠᠪᠢᠶᠠᠰ ᠴᠢᠳᠠᠪᠤᠷᠢ ᠶᠢ | ᠢᠯᠡᠷᠡᠭᠦᠯᠦᠭᠰᠡᠨ ᠢᠶᠠᠷ ᠪᠠᠷᠠᠬᠤ ᠦᠭᠡᠢ᠂ ᠨᠡᠩ ᠴᠤ ᠪᠦᠯᠬᠦᠮ ᠨᠡᠶᠢᠲᠡ ᠶᠢᠨ ᠨᠢᠭᠲᠠᠷᠠᠯ ᠤᠨ ᠬᠦᠴᠦᠨ ᠢ ᠢᠯᠡᠷᠡᠭᠦᠯᠵᠦ᠂ | ᠠᠵᠢᠯᠯᠠᠭ᠎ᠠ ᠳᠤ ᠥᠩᠭᠡ ᠭᠡᠷᠡᠯ ᠨᠡᠮᠡᠷᠢᠯᠡᠵᠦ᠂ ᠪᠦᠬᠦ ᠠᠵᠢᠯᠲᠠᠨ ᠠᠵᠢᠯᠴᠢᠳ ᠬᠠᠮᠳᠤᠪᠠᠷ ᠬᠠᠯᠠᠭᠤᠨ ᠳᠤᠯᠠᠭᠠᠨ ᠪᠠᠶᠠᠷ | ᠪᠠᠶᠠᠰᠬᠤᠯᠠᠩ ᠲᠠᠢ ᠠᠵᠤ ᠠᠬᠤᠶᠢᠯᠠᠯ ᠤᠨ ᠰᠣᠶᠣᠯ ᠤᠨ ᠠᠭᠤᠷ ᠠᠮᠢᠰᠬᠤᠯ ᠢ ᠪᠤᠢ ᠪᠤᠯᠭᠠᠪᠠ᠃ | | ᠠᠵᠢᠯᠯᠠᠭ᠎ᠠ ᠶᠢᠨ ᠳᠤᠮᠳᠠ ︽ᠬᠡᠶᠢᠲᠦ ᠪᠥᠮᠪᠦᠭᠡ ᠠᠯᠠᠭᠠᠳᠠᠨ ᠬᠤᠪᠴᠠᠰᠤ ᠡᠮᠦᠰᠬᠦ︾᠂ ︽ᠴᠢ ᠦᠯᠢᠳᠬᠡᠵᠦ ᠦᠵᠡᠪᠡᠯ | ᠪᠢ ᠲᠠᠭᠠᠶ᠎ᠠ︾ ᠭᠡᠬᠦ ᠮᠡᠲᠦ ᠶᠢᠨ ᠰᠣᠨᠢᠷᠬᠠᠯᠲᠠᠢ ᠲᠣᠭᠯᠠᠭᠠᠮ᠂ ᠬᠥᠮᠥᠨ ᠤ ᠰᠡᠳᠬᠢᠯ ᠢ ᠳᠣᠭᠳᠣᠯᠤᠭᠤᠯᠤᠮ᠎ᠠ ᠱᠠᠩᠨᠠᠯ | ᠰᠤᠭᠤᠯᠬᠤ ᠭᠤᠭᠴᠤᠭ᠎ᠠ ᠵᠢᠴᠢ ᠬᠥᠲᠥᠯᠥᠭᠴᠢ ᠶᠢᠨ ᠱᠤᠭ ᠶᠦᠮᠦᠷᠯᠢᠭ᠂ ᠲᠠᠰᠢᠷᠠᠮ ᠤᠨ ᠤᠷᠠᠨ ᠴᠣᠪᠣᠭᠤᠯᠢᠭ ᠦᠭᠡ | ᠶᠠᠷᠢᠶ᠎ᠠ ᠨᠢ ᠨᠡᠩ ᠴᠤ ᠪᠦᠬᠦ ᠲᠠᠯᠠᠪᠠᠶ ᠶᠢᠨ ᠠᠭᠤᠷ ᠠᠮᠢᠰᠬᠤᠯ ᠢ ᠶᠡᠬᠡᠪᠡᠷ ᠬᠥᠭᠵᠢᠭᠡᠨ᠂ ᠲᠤᠬᠠᠢ ᠶᠢᠨ ᠲᠠᠯᠠᠪᠠᠶ ᠳᠤ ᠠᠯᠠᠭ᠎ᠠ | ᠲᠡᠰᠢᠯᠲᠡ ᠶᠢᠨ ᠳᠠᠭᠤᠨ ᠲᠠᠰᠤᠷᠠᠭ᠎ᠠ ᠦᠭᠡᠢ᠂ ᠪᠠᠶᠠᠷ ᠤᠨ ᠡᠳᠦᠷ ᠤᠨ ᠪᠠᠶᠠᠷ ᠪᠠᠶᠠᠰᠤᠯ ᠤᠨ ᠠᠭᠤᠷ ᠠᠮᠢᠰᠬᠤᠯ ᠢᠶᠠᠷ | ᠪᠢᠯᠬᠠᠵᠤ ᠪᠠᠶᠢᠯ᠎ᠠ᠃ | | ᠥᠪᠥᠷ ᠮᠣᠩᠭᠤᠯ ᠤᠨ ᠴᠠᠬᠢᠯᠭᠠᠨ ᠬᠦᠴᠦᠨ ᠤ ᠪᠦᠯᠦᠭᠯᠡᠯ ᠤᠨ ᠤᠯᠠᠭᠠᠨᠴᠠᠪ ᠤᠨ ᠹᠧᠩᠵᠧᠨ ᠤ ᠴᠠᠬᠢᠯᠭᠠᠨ ᠬᠠᠩᠭᠠᠬᠤ | ᠺᠣᠮᠫᠠᠨᠢ ᠶᠢᠨ ᠬᠢᠨ ︽ᠨᠢᠭᠡ ᠭᠡᠷ ᠢᠶᠠᠷ ᠢᠶᠠᠨ᠂ ᠰᠡᠳᠬᠢᠯ ᠨᠢᠭᠡᠳᠦᠨ᠂ ᠬᠠᠮᠲᠤᠪᠠᠷ ᠠᠵᠢᠯᠯᠠᠬᠤ︾ ᠰᠠᠶᠢᠨ ᠰᠠᠶᠢᠬᠠᠨ ᠠᠵᠤ | ᠠᠬᠤᠶᠢᠯᠠᠯ ᠤᠨ ᠠᠭᠤᠷ ᠠᠮᠢᠰᠬᠤᠯ ᠢ ᠲᠠᠰᠤᠷᠠᠯᠲᠠ ᠦᠭᠡᠢ ᠨᠢᠭᠲᠠᠷᠠᠭᠤᠯᠵᠤ᠂ ︽ᠬᠠᠮᠳᠤᠪᠠᠷ ᠬᠥᠭᠡᠷᠦᠯᠳᠦᠬᠦ᠂ ᠬᠠᠮᠳᠤᠪᠠᠷ | ᠪᠠᠶᠠᠷᠯᠠᠬᠤ᠂ ᠬᠠᠮᠳᠤᠪᠠᠷ ᠢᠨᠢᠶᠡᠯᠳᠤᠬᠦ᠂ ᠬᠠᠮᠳᠤᠪᠠᠷ ᠪᠡᠯᠭᠡᠯᠡᠬᠦ︾ ᠴᠠᠭᠠᠨ ᠰᠠᠷ᠎ᠠ ᠶᠢᠨ ᠠᠭᠤᠷ ᠠᠮᠢᠰᠬᠤᠯ ᠤᠨ ᠳᠤᠮᠳᠠ᠂ | ᠰᠢᠨ᠎ᠡ ᠡᠭᠦᠷᠭᠡ᠂ ᠰᠢᠨ᠎ᠡ ᠬᠠᠷᠠᠯᠲᠠ ᠶᠢ ᠡᠪᠦᠷᠯᠡᠨ᠂ ᠠᠵᠠ ᠲᠣᠬᠢᠶᠠᠯ ᠪᠠ ᠥᠷᠢᠰᠦᠯᠳᠦᠭᠡᠨ ᠳᠤ ᠰᠢᠭᠤᠳ ᠬᠠᠨᠳᠤᠵᠤ᠂ ᠨᠠᠩ | ᠲᠡᠭᠦᠯᠳᠡᠷ ᠣᠶᠤᠨ ᠰᠠᠨᠠᠭᠠᠨ ᠤ ᠳᠦᠷᠰᠦ ᠪᠠᠶᠢᠳᠠᠯ᠂ ᠨᠠᠩ ᠴᠤᠭ ᠪᠠᠳᠠᠷᠠᠩᠭᠤᠢ ᠲᠡᠮᠡᠴᠡᠯ ᠤᠨ ᠵᠣᠷᠢᠭ ᠰᠠᠨᠠᠭ᠎ᠠ᠂ ᠨᠠᠩ | ᠪᠣᠳᠠᠲᠠᠢ ᠶᠢ ᠡᠷᠬᠢᠮᠯᠡᠬᠦ ᠠᠵᠢᠯ ᠤᠨ ᠰᠤᠷᠲᠠᠯ ᠢᠶᠠᠷ ᠰᠢᠨ᠎ᠡ ᠠᠶᠠᠨ ᠳᠠᠭᠠᠨ᠂ ᠺᠣᠮᠫᠠᠨᠢ ᠶᠢᠨ ᠴᠢᠨᠠᠷ ᠰᠠᠶᠢᠲᠠᠢ ᠬᠥᠭᠵᠢᠯᠲᠡ ᠶᠢᠨ | ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠨ᠎ᠡ᠃ | | | ᠵᠣᠬᠢᠶᠠᠭᠴᠢ᠄ ᠪᠠᠢ ᠯᠢ ᠨᠠ | ᠨᠠᠶᠢᠷᠠᠭᠤᠯᠤᠭᠴᠢ᠄ ᠯᠢ ᠰᠧ ᠬᠤᠢ | ᠬᠢᠨᠠᠨ ᠬᠠᠷᠭᠤᠭᠤᠯᠤᠭᠴᠢ᠄ ᠶᠠᠨ ᠬᠤᠸᠠᠢ ᡁᠢ | ᠤᠷᠴᠢᠭᠤᠯᠤᠭᠴᠢ᠄ ᠬᠠᠨ ᠰᠢᠶᠤᠤ ᠿᠦᠩ | ᠬᠢᠨᠠᠭᠴᠢ᠄ ᠼᠦᠢ ᠶᠢᠩ | |