| ᠴᠠᠭᠠᠨ ᠰᠠᠷ᠎ᠠ ᠶᠢᠨ ᠪᠠᠶᠠᠷ ᠣᠶᠢᠷᠠᠳᠬᠤ ᠶᠢ ᠳᠠᠭᠠᠯᠳᠤᠨ᠂ ᠮᠠᠨ ᠤ ᠬᠤᠲᠠ ᠶᠢᠨ ᠴᠠᠭᠠᠨ ᠰᠠᠷ᠎ᠠ ᠶᠢᠨ ᠦᠳᠡᠰᠢᠯᠡᠭᠡ ᠶᠢᠨ | ᠪᠡᠯᠡᠳᠬᠡᠯ ᠠᠵᠢᠯ ᠨᠢᠭᠡᠨᠲᠡ ᠡᠴᠦᠰ ᠤᠨ ᠰᠢᠪᠲᠤᠯᠤᠯᠲᠠ ᠶᠢᠨ ᠱᠠᠲᠤᠨ ᠳᠤ ᠣᠷᠣᠪᠠ᠃ ᠣᠳᠣᠬᠠᠨ ᠳᠤ ᠴᠠᠭᠠᠨ ᠰᠠᠷ᠎ᠠ ᠶᠢᠨ | ᠦᠳᠡᠰᠢᠯᠡᠭᠡ ᠶᠢ ᠬᠤᠲᠠ ᠶᠢᠨ ᠬᠠᠮᠲᠤᠷᠠᠭᠰᠠᠨ ᠲᠣᠭᠯᠠᠯᠲᠠ ᠶᠢᠨ ᠲᠥᠪ ᠲᠤ ᠶᠠᠭᠠᠷᠠᠯᠲᠠᠢ ᠲᠣᠭᠯᠠᠵᠤ ᠪᠠᠶᠢᠨ᠎ᠠ᠃ ᠮᠠᠰᠢ | ᠤᠯᠠᠨ ᠲᠣᠭᠯᠠᠭᠴᠢᠳ ᠠᠳᠡ ᠴᠤᠭᠯᠠᠷᠠᠵᠤ᠂ ᠪᠦᠬᠦ ᠬᠦᠴᠦᠨ ᠢᠶᠠᠷ ᠢᠶᠠᠨ ᠦᠵᠡᠭᠴᠢᠳ ᠲᠤ ᠣᠷᠣᠨ ᠨᠤᠲᠤᠭ ᠤᠨ | ᠣᠨᠴᠠᠯᠢᠭ ᠲᠠᠢ᠂ ᠭᠤᠶᠢᠳᠠ ᠰᠠᠶᠢᠬᠠᠨ ᠰᠣᠶᠣᠯ ᠤᠨ ᠦᠪᠡᠳᠡᠭᠰᠢ ᠳᠠᠶᠢᠯᠠᠯᠭ᠎ᠠ ᠶᠢ ᠴᠣᠭᠴᠠᠯᠠᠵᠤ ᠦᠭᠪᠡ᠃ | | | | | | | ᠰᠤᠷᠢᠯᠭ᠎ᠠ ᠶᠢᠨ ᠠᠬᠤᠢ ᠲᠠᠯᠠᠪᠠᠢ ᠳᠤ ᠠᠯᠬᠤᠨ ᠣᠷᠣᠬᠤᠶ᠎ᠠ᠂ ᠶᠠᠭᠠᠷᠠᠯᠲᠠᠢ ᠪᠥᠭᠡᠳ ᠬᠦᠷ ᠬᠥᠭᠵᠢᠶᠡᠨ ᠲᠠᠢ ᠠᠭᠤᠷ | ᠠᠮᠢᠰᠬᠤᠯ ᠢᠶᠠᠷ ᠪᠢᠯᠬᠠᠵᠤ ᠪᠠᠶᠢᠯ᠎ᠠ᠃ ᠲᠠᠶᠢᠰᠠᠨ ᠳᠡᠭᠡᠷ᠎ᠡ᠂ ᠳ᠋ᠧᠩ ᠤᠨ ᠬᠡᠷᠡᠯ ᠭᠢᠯᠠᠯᠵᠠᠨ᠂ ᠲᠠᠭᠤ ᠴᠢᠮᠡᠭᠡᠨ ᠤ | ᠲᠥᠬᠦᠭᠡᠷᠦᠮᠵᠢ ᠶᠢ ᠲᠤᠷᠰᠢᠨ ᠲᠣᠬᠢᠷᠠᠭᠤᠯᠬᠤ ᠠᠵᠢᠯᠲᠠᠨ ᠳᠠᠭᠤᠨ ᠤ ᠦᠢᠯᠡᠳᠦᠯ ᠢ ᠥᠴᠥᠬᠡᠨ ᠴᠦ ᠠᠯᠳᠠᠭ᠎ᠠ ᠦᠭᠡᠢ ᠪᠠᠷ | ᠬᠠᠷᠭᠤᠭᠤᠯᠵᠤ᠂ ᠨᠣᠲ ᠲᠡᠮᠳᠡᠭ ᠨᠢᠭᠡᠪᠦᠷᠢ᠂ ᠲᠠᠶᠢᠰᠠᠨ ᠤ ᠦᠭᠡ ᠨᠢᠭᠡᠪᠦᠷᠢ ᠶᠢ ᠴᠥᠮ ᠦᠵᠡᠭᠴᠢᠳ ᠤᠨ ᠴᠢᠬᠢᠨ ᠤ | ᠬᠠᠵᠠᠭᠤ ᠳᠤ ᠲᠣᠳᠣᠷᠬᠠᠢ ᠳᠠᠮᠵᠢᠭᠤᠯᠬᠤ ᠪᠠᠷ ᠴᠢᠷᠮᠠᠶᠢᠵᠤ ᠪᠠᠶᠢᠨ᠎ᠠ᠃ ᠪᠥᠵᠢᠭᠴᠢᠳ ᠪᠤᠯᠪᠠᠰᠤᠷᠠᠭᠤᠯᠤᠯ ᠤᠨ | ᠬᠤᠪᠴᠠᠰᠤ ᠪᠠᠨ ᠡᠮᠦᠰᠦᠨ᠂ ᠤᠳᠤᠷᠢᠳᠤᠭᠠᠴᠢ ᠶᠢᠨ ᠨᠠᠷᠢᠨ ᠨᠢᠮᠪᠠᠢ ᠵᠢᠯᠣᠭᠤᠳᠤᠯᠭ᠎ᠠ ᠳᠣᠣᠷ᠎ᠠ ᠪᠥᠵᠢᠭ ᠤᠨ ᠬᠥᠳᠡᠯᠦᠯ ᠢ | ᠳᠠᠬᠢᠨ ᠳᠠᠪᠲᠠᠨ ᠪᠤᠯᠪᠠᠰᠤᠷᠠᠵᠤ᠂ ᠡᠩᠨᠡᠭᠡ ᠶᠢᠨ ᠨᠠᠷᠢᠯᠢᠭ ᠤᠨᠤᠪᠴᠢᠳᠠᠢ ᠪᠠᠷ ᠬᠤᠪᠢᠷᠠᠬᠤ ᠠᠴᠠ ᠮᠥᠴᠢ ᠶᠢᠨ ᠨᠠᠷᠢᠯᠢᠭ | ᠬᠡᠰᠡᠭ ᠲᠤ ᠬᠦᠷᠲᠡᠯ᠎ᠡ᠂ ᠲᠠᠳᠠ ᠴᠥᠮ ᠪᠦᠷᠢᠨ ᠲᠡᠭᠦᠯᠳᠡᠷ ᠪᠠᠶᠢᠬᠤ ᠶᠢ ᠴᠢᠷᠮᠠᠶᠢᠨ ᠭᠦᠢᠴᠡᠳᠬᠡᠳᠡᠭ᠃ | ᠪᠤᠯᠪᠠᠰᠤᠷᠠᠭᠤᠯᠤᠯ ᠤᠨ ᠶᠠᠪᠤᠴᠠ ᠳᠤ ᠮᠠᠰᠢ ᠵᠦᠳᠡᠷᠡᠯᠲᠡᠢ ᠪᠠᠶᠢᠭᠰᠠᠨ ᠴᠤ ᠣᠯᠠᠨ ᠤ ᠴᠢᠷᠠᠢ ᠳᠤ ᠲᠣᠭᠯᠠᠯᠲᠠ ᠶᠢᠨ ᠲᠤᠬᠠᠢ | ᠬᠠᠯᠠᠭᠤᠨ ᠬᠦᠰᠡᠯ ᠪᠠ ᠣᠷᠭᠢᠯᠤᠮ᠎ᠠ ᠬᠠᠯᠠᠭᠤᠨ ᠰᠡᠳᠬᠢᠯᠭᠡ ᠪᠢᠯᠬᠠᠵᠤ ᠪᠠᠶᠢᠯ᠎ᠠ᠃ | | | | | | ᠬᠡᠯᠡᠨ ᠤ ᠲᠥᠷᠥᠯ ᠤᠨ ᠫᠷᠣᠭ᠍ᠷᠠᠮ ᠤᠨ ᠪᠤᠯᠪᠠᠰᠤᠷᠠᠭᠤᠯᠤᠯ ᠤᠨ ᠣᠷᠣᠨ ᠨᠢ ᠴᠦ ᠮᠠᠰᠢ ᠬᠦᠷ ᠬᠥᠭᠵᠢᠶᠡᠨ ᠲᠠᠢ ᠪᠠᠶᠢᠯ᠎ᠠ᠃ | ᠱᠤᠭ ᠵᠦᠴᠦᠭᠡ ᠶᠢᠨ ᠲᠣᠭᠯᠠᠭᠴᠢᠳ ᠪᠥᠭᠡᠮᠨᠡᠷᠡᠨ ᠰᠠᠭᠤᠵᠤ᠂ ᠵᠦᠴᠦᠭᠡ ᠶᠢᠨ ᠳᠡᠪᠲᠡᠷ ᠢ ᠨᠠᠷᠢᠨ ᠬᠢᠨᠠᠮᠠᠭᠠᠢ ᠰᠤᠳᠤᠯᠤᠨ | ᠤᠩᠰᠢᠵᠤ᠂ ᠢᠨᠢᠶᠡᠳᠦ ᠲᠠᠢ ᠵᠦᠢᠯ ᠨᠢᠭᠡᠪᠦᠷᠢ᠂ ᠬᠠᠶᠢᠷ᠎ᠠ ᠰᠡᠳᠬᠢᠯᠭᠡ ᠶᠢᠨ ᠡᠷᠭᠢᠯᠲᠡ ᠶᠢᠨ ᠲᠤᠬᠠᠢ ᠭᠦᠨᠵᠡᠭᠡᠢ ᠰᠤᠳᠤᠯᠤᠨ | ᠶᠠᠷᠢᠯᠴᠠᠵᠤ᠂ ᠳᠠᠬᠢᠨ ᠳᠠᠪᠲᠠᠨ ᠰᠡᠳᠬᠢᠵᠦ ᠪᠠᠶᠢᠪᠠ᠃ ᠲᠡᠳᠡ ᠲᠠᠰᠤᠷᠠᠯᠲᠠ ᠦᠭᠡᠢ ᠲᠤᠷᠰᠢᠨ ᠲᠣᠭᠯᠠᠬᠤ ᠪᠠᠷ ᠳᠠᠮᠵᠢᠭᠤᠯᠤᠨ᠂ | ᠲᠣᠭᠯᠠᠯᠲᠠ ᠶᠢᠨ ᠠᠶᠢᠵᠠᠮ ᠢᠶᠠᠨ ᠳᠠᠬᠢᠨ ᠳᠠᠪᠲᠠᠨ ᠲᠣᠬᠢᠷᠠᠭᠤᠯᠵᠤ᠂ ᠳᠦᠷᠢ ᠪᠠᠶᠢᠳᠠᠯ ᠢᠶᠠᠨ ᠢᠯᠡᠷᠡᠭᠦᠯᠵᠦ᠂ ᠵᠢᠩᠬᠢᠨᠢ ᠪᠠᠷ | ᠲᠣᠭᠯᠠᠯᠲᠠ ᠭᠠᠷᠭᠠᠬᠤ ᠦᠶ᠎ᠡ ᠳᠤ ᠦᠵᠡᠭᠴᠢᠳ ᠲᠤ ᠨᠡᠩ ᠣᠯᠠᠨ ᠪᠠᠶᠠᠷ ᠪᠠᠶᠠᠰᠤᠯ ᠪᠠ ᠢᠷᠦᠭᠡᠯ ᠵᠥᠩᠨᠡᠯ ᠢ ᠠᠪᠴᠢᠷᠠᠨ᠂ | ᠰᠡᠳᠬᠢᠯᠭᠡ ᠶᠢᠨ ᠴᠢᠩᠭ᠎ᠠ ᠲᠤᠰᠬᠠᠯ ᠭᠠᠷᠭᠠᠬᠤ ᠶᠢ ᠬᠦᠰᠡᠨ ᠡᠷᠡᠮᠡᠯᠵᠡᠵᠦ ᠪᠠᠶᠢᠯ᠎ᠠ᠃ ᠹᠧᠩᠵᠧᠨ ᠬᠤᠲᠠ ᠶᠢᠨ ᠴᠠᠭᠠᠨ | ᠰᠠᠷ᠎ᠠ ᠶᠢᠨ ᠦᠳᠡᠰᠢᠯᠡᠭᠡ ᠨᠢ ᠫᠷᠣᠭ᠍ᠷᠠᠮ ᠤᠨ ᠨᠠᠶᠢᠷᠠᠭᠤᠯᠤᠯᠲᠠ ᠶᠢᠨ ᠲᠠᠯ᠎ᠠ ᠪᠠᠷ ᠥᠪᠡᠷᠮᠢᠴᠡ ᠣᠨᠴᠠᠯᠢᠭ ᠲᠠᠢ ᠪᠠᠶᠢᠵᠤ᠂ | ᠳᠡᠯᠭᠡᠷᠡᠮᠡᠯ ᠡᠯᠧᠮᠧᠨ᠋ᠲ ᠢ ᠠᠭᠤᠰᠬᠠᠭᠰᠠᠨ ᠢᠶᠠᠷ ᠪᠠᠷᠠᠬᠤ ᠦᠭᠡᠢ ᠪᠠᠰᠠ ᠣᠷᠣᠨ ᠨᠤᠲᠤᠭ ᠤᠨ ᠣᠨᠴᠠᠯᠢᠭ ᠪᠦᠬᠦᠢ ᠶᠡᠭᠡ | ᠬᠡᠮᠵᠢᠶᠡᠨ ᠤ ᠰᠣᠶᠣᠯ ᠤᠨ ᠡᠯᠧᠮᠧᠨ᠋ᠲ ᠢ ᠤᠷᠠᠨ ᠢᠶᠠᠷ ᠠᠭᠤᠰᠬᠠᠭᠰᠠᠨ ᠪᠠᠶᠢᠨ᠎ᠠ᠃ ᠵᠢᠱᠢᠶᠡᠯᠡᠪᠡᠯ᠂ ︽ᠸᠠᠩ ᠡᠮᠡᠭᠡᠨ ᠰᠢᠨ᠎ᠡ | ᠵᠢᠯ ᠢ ᠪᠡᠯᠭᠡᠯᠡᠶ᠎ᠡ︾ ᠭᠡᠬᠦ ᠦᠭᠡ ᠨᠢ ᠥᠪᠡᠷᠮᠢᠴᠡ ᠣᠨᠴᠠᠯᠢᠭ ᠲᠠᠢ ᠬᠡᠯᠪᠡᠷᠢ ᠪᠠᠷ ᠴᠠᠭᠠᠨ ᠰᠠᠷ᠎ᠠ ᠶᠢᠨ ᠦᠳᠡᠰᠢᠯᠡᠭᠡ ᠶᠢᠨ | ᠲᠠᠶᠢᠰᠠᠨ ᠳᠤ ᠭᠠᠷᠴᠤ᠂ ᠦᠵᠡᠭᠴᠢᠳ ᠲᠤ ᠭᠤᠶᠢᠳᠠ ᠰᠠᠶᠢᠬᠠᠨ ᠲᠣᠭᠯᠠᠯᠲᠠ ᠶᠢ ᠰᠣᠨᠢᠷᠬᠠᠭᠤᠯᠬᠤ ᠶᠢᠨ ᠬᠠᠮᠲᠤ ᠨᠤᠲᠤᠭ ᠤᠨ | ᠰᠣᠶᠣᠯ ᠤᠨ ᠭᠦᠨ ᠠᠭᠤᠯᠬᠤᠨ ᠢ ᠭᠦᠨᠵᠡᠭᠡᠢ ᠮᠡᠳᠡᠷᠡᠭᠦᠯᠬᠦ ᠪᠣᠯᠣᠨ᠎ᠠ᠃ | | | ᠵᠣᠬᠢᠶᠠᠭᠴᠢ᠄ ᠪᠠᠢ ᠯᠢ ᠨᠠ ᠬᠤᠸ ᠴᠧᠨ ᠹᠧᠩ ᠵᠣᠣ ᠵᠢᠶᠠ ᠯᠦ ︵ᠳᠠᠳᠤᠯᠭ᠎ᠠ︶ | ᠨᠠᠶᠢᠷᠠᠭᠤᠯᠤᠭᠴᠢ᠄ ᠯᠢ ᠰᠧ ᠬᠤᠢ | ᠬᠢᠨᠠᠨ ᠬᠠᠷᠭᠤᠭᠤᠯᠤᠭᠴᠢ᠄ ᠶᠠᠨ ᠬᠤᠸᠠᠢ ᡁᠢ | ᠤᠷᠴᠢᠭᠤᠯᠤᠭᠴᠢ᠄ ᠬᠠᠨ ᠰᠢᠶᠤᠤ ᠿᠦᠩ | ᠬᠢᠨᠠᠭᠴᠢ᠄ ᠼᠦᠢ ᠶᠢᠩ | |