| 1 ᠰᠠᠷ᠎ᠠ ᠶᠢᠨ 21 ᠤ ᠡᠳᠦᠷ᠂ ᠳᠤᠮᠳᠠᠳᠤ ᠤᠯᠤᠰ ᠤᠨ ᠠᠷᠠᠳ ᠤᠨ ᠤᠯᠤᠰ ᠲᠥᠷᠥ ᠶᠢᠨ ᠵᠥᠪᠯᠡᠯᠭᠡᠨ ᠤ ᠨᠠᠢᠮᠠᠳᠤᠭᠠᠷ | ᠬᠤᠭᠤᠴᠠᠭᠠᠨ ᠤ ᠹᠧᠩᠵᠧᠨ ᠬᠤᠲᠠ ᠶᠢᠨ ᠬᠤᠷᠢᠶᠠᠨ ᠤ ᠳᠥᠷᠪᠡᠳᠦᠭᠡᠷ ᠤᠳᠠᠭᠠᠨ ᠤ ᠬᠤᠷᠠᠯᠳᠤᠭᠠᠨ ᠬᠤᠷᠠᠯᠳᠤᠪᠠ᠃ | ᠤᠯᠤᠰ ᠲᠦᠷᠦ ᠶᠢᠨ ᠵᠥᠪᠯᠡᠯᠭᠡᠨ ᠤ ᠨᠠᠢᠮᠠᠳᠤᠭᠠᠷ ᠬᠤᠭᠤᠴᠠᠭᠠᠨ ᠤ ᠹᠸᠡᠭᠵᠧᠨ ᠬᠤᠳᠠ ᠶᠢᠨ ᠬᠤᠷᠢᠶᠠᠨ ᠳᠤ ᠨᠡᠶᠢᠳᠡ | 190 ᠭᠡᠰᠢᠭᠦᠨ ᠲᠠᠢ᠂ ᠪᠣᠳᠠᠲᠠᠢ ᠣᠷᠣᠯᠴᠠᠭᠰᠠᠨ ᠭᠡᠰᠢᠭᠦᠨ 175 ᠬᠥᠮᠥᠨ ᠪᠠᠶᠢᠵᠤ᠂ ᠲᠣᠭᠲᠠᠭᠠᠭᠰᠠᠨ ᠬᠥᠮᠥᠨ ᠤ | ᠲᠣᠭᠠᠨ ᠳᠤ ᠨᠡᠶᠢᠴᠡᠵᠦ ᠪᠠᠶᠢᠨ᠎ᠠ᠃ | | ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠡᠷᠢᠭᠦᠯᠡᠭᠴᠢ | ᠵᠠᠩ ᠵᠢᠶᠦ᠋ᠨ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ | ᠳᠠᠷᠤᠭ᠎ᠠ᠂ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ ᠳ᠋ᠧᠩ ᠰᠢᠶᠣᠣ | ᠯᠢ᠂ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠳᠡᠳ᠋ ᠲᠡᠷᠢᠭᠦᠯᠡᠭᠴᠢ | ᠵᠣᠣ ᠲᠤᠸᠠᠨ ᠢ᠂ ᠵᠧᠦ ᠵᠢᠶᠠᠨ ᠫᠢᠩ᠂ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ | ᠪᠦᠷᠢᠯᠳᠦᠭᠦᠨ᠂ ᠨᠠᠷᠢᠨ ᠪᠢᠴᠢᠭ ᠤᠨ ᠳᠠᠷᠤᠭ᠎ᠠ ᠸᠠᠩ ᠶᠤᠸᠠᠢ ᠬᠤᠸᠠ ᠨᠠᠷ ᠬᠤᠷᠠᠯ ᠳᠤ ᠣᠷᠣᠯᠴᠠᠭᠰᠠᠨ ᠪᠥᠭᠡᠳ | ᠲᠡᠷᠢᠭᠦᠯᠡᠭᠴᠢ ᠶᠢᠨ ᠲᠠᠶᠢᠰᠠᠨ ᠳᠤ ᠰᠠᠭᠠᠳᠤᠪᠠ᠃ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ | ᠵᠣᠣ ᠶᠧ ᠡᠬᠢᠯᠡᠯᠲᠡ ᠶᠢᠨ ᠬᠤᠷᠠᠯ ᠢ ᠡᠷᠭᠢᠯᠡᠪᠡ᠃ | | ᠬᠤᠳᠠ ᠶᠢᠨ ᠨᠠᠮ ᠤᠨ ᠬᠤᠷᠢᠶᠠᠨ ᠤ ᠱᠦᠵᠢ ᠯᠢ ᠶᠢᠩ ᠶᠡᠭᠡ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠬᠤᠲᠠ | ᠶᠢᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠣᠷᠣᠯᠠᠭᠴᠢ ᠬᠤᠲᠠ ᠶᠢᠨ ᠳᠠᠷᠤᠭ᠎ᠠ ᠯᠢ ᠱᠦ ᠸᠧᠢ᠂ | ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠵᠠᠩ ᠬᠤᠩ | ᠬᠤᠷᠠᠯ ᠳᠤ ᠣᠷᠣᠯᠴᠠᠵᠤ ᠪᠠᠶᠠᠷ ᠬᠦᠷᠭᠡᠭᠰᠡᠨ ᠪᠥᠭᠡᠳ ᠲᠡᠷᠢᠭᠦᠯᠡᠭᠴᠢ ᠶᠢᠨ ᠲᠠᠶᠢᠰᠠᠨ ᠳᠤ ᠰᠠᠭᠠᠳᠤᠪᠠ᠃ | ᠬᠤᠲᠠ ᠶᠢᠨ ᠨᠠᠮ ᠤᠨ ᠬᠤᠷᠢᠶ᠎ᠠ ᠶᠢᠨ ᠡᠯ᠎ᠡ ᠪᠠᠶᠢᠩᠭᠤ ᠶᠢᠨ ᠭᠡᠰᠢᠭᠦᠨ᠂ ᠬᠤᠲᠠ ᠶᠢᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠯ᠎ᠡ ᠳᠡᠳ᠋ ᠡᠷᠬᠢᠯᠡᠭᠴᠢ ᠪᠠ ᠳᠡᠳ᠋ ᠡᠷᠬᠢᠯᠡᠭᠴᠢ ᠶᠢᠨ | ᠵᠢᠱᠢᠭᠳᠡᠭᠴᠢ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠡᠯ᠎ᠡ ᠳᠡᠳ᠋ ᠬᠤᠲᠠ ᠶᠢᠨ ᠳᠠᠷᠤᠭ᠎ᠠ᠂ ᠬᠤᠲᠠ ᠶᠢᠨ | ᠤᠯᠤᠰ ᠲᠥᠷᠥ ᠶᠢᠨ ᠵᠥᠪᠯᠡᠯᠭᠡᠨ ᠤ ᠠᠵᠢᠯ ᠳᠤ ᠪᠠᠶᠢᠭ᠎ᠠ ᠭᠠᠵᠠᠷ ᠤᠨ ᠲᠠᠰ ᠤᠨ ᠺᠠᠳ᠋ᠷ᠂ ᠬᠤᠲᠠ ᠶᠢᠨ ᠠᠷᠠᠳ ᠤᠨ ᠵᠡᠪᠰᠡᠭᠲᠦ | ᠬᠦᠴᠦᠨ ᠤ ᠬᠡᠯᠲᠡᠰ᠂ ᠰᠢᠭᠦᠬᠦ ᠬᠤᠷᠢᠶ᠎ᠠ᠂ ᠪᠠᠶᠢᠴᠠᠭᠠᠬᠤ ᠬᠤᠷᠢᠶ᠎ᠠ ᠵᠢᠴᠢ ᠤᠯᠠᠭᠠᠨᠴᠠᠪ ᠤᠨ ᠹᠧᠩᠵᠧᠨ ᠤ ᠣᠷᠴᠢᠯ ᠠᠵᠤ | ᠠᠬᠤᠢ ᠶᠢᠨ ᠨᠡᠭᠡᠭᠡᠯᠲᠡ ᠶᠢᠨ ᠲᠣᠭᠤᠷᠢᠭ ᠤᠨ ᠭᠤᠣᠯ ᠬᠠᠷᠢᠭᠤᠴᠠᠯᠭᠠᠲᠠᠨ ᠨᠥᠬᠦᠳ ᠤᠷᠢᠯᠭ᠎ᠠ ᠪᠠᠷ ᠶᠡᠭᠡ ᠬᠤᠷᠠᠯ ᠳᠤ | ᠣᠷᠣᠯᠴᠠᠭᠰᠠᠨ ᠪᠥᠭᠡᠳ ᠲᠡᠷᠢᠭᠦᠯᠡᠭᠴᠢ ᠶᠢᠨ ᠲᠠᠶᠢᠰᠠᠨ ᠳᠤ ᠰᠠᠭᠠᠳᠤᠪᠠ᠃ | ᠬᠤᠷᠠᠯᠳᠤᠭᠠᠨ ᠠᠴᠠ ᠳᠤᠮᠳᠠᠳᠤ ᠤᠯᠤᠰ ᠤᠨ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠨᠠᠢᠮᠠᠳᠤᠭᠠᠷ | ᠬᠤᠭᠤᠴᠠᠭᠠᠨ ᠤ ᠹᠧᠩᠵᠧᠨ ᠬᠤᠲᠠ ᠶᠢᠨ ᠬᠤᠷᠢᠶᠠᠨ ᠤ ᠳᠥᠷᠪᠡᠳᠦᠭᠡᠷ ᠤᠳᠠᠭᠠᠨ ᠤ ᠬᠤᠷᠠᠯᠳᠤᠭᠠᠨ ᠤ ᠵᠥᠪᠯᠡᠬᠦ ᠶᠠᠪᠤᠴᠠ ᠶᠢ | ᠬᠢᠨᠠᠨ ᠵᠦᠪᠯᠡᠵᠦ ᠪᠠᠳᠤᠯᠠᠪᠠ᠃ | | ᠵᠠᠩ ᠵᠢᠶᠦ᠋ᠨ ᠤᠯᠤᠰ ᠲᠦᠷᠦ ᠶᠢᠨ ᠵᠥᠪᠯᠡᠯᠭᠡᠨ ᠤ ᠨᠠᠢᠮᠠᠳᠤᠭᠠᠷ ᠬᠤᠭᠤᠴᠠᠭᠠᠨ ᠤ ᠹᠧᠩᠵᠧᠨ ᠬᠤᠲᠠ ᠶᠢᠨ | ᠬᠤᠷᠢᠶᠠᠨ ᠤ ᠪᠠᠶᠢᠩᠭᠤ ᠶᠢᠨ ᠬᠤᠷᠢᠶ᠎ᠠ ᠶᠢ ᠲᠥᠯᠥᠭᠡᠯᠡᠨ ᠠᠵᠢᠯ ᠤᠨ ᠢᠯᠡᠳᠬᠡᠯ ᠬᠢᠪᠡ᠃ ᠢᠯᠡᠳᠭᠡᠯ ᠳᠤ ᠨᠠᠮ ᠤᠨ | ᠤᠳᠤᠷᠢᠳᠤᠯᠭ᠎ᠠ ᠶᠢ ᠪᠠᠷᠢᠮᠲᠠᠯᠠᠬᠤ ᠪᠠᠷ ᠦᠨᠳᠦᠰᠦᠨ ᠪᠠᠲᠤᠯᠠᠭ᠎ᠠ ᠪᠣᠯᠭᠠᠵᠤ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ | ᠵᠥᠪ ᠤᠯᠤᠰ ᠲᠦᠷᠦ ᠶᠢᠨ ᠴᠢᠭᠯᠡᠯ ᠢ ᠪᠠᠲᠤᠳᠬᠠᠬᠤ ᠪᠠᠷ ᠬᠦᠴᠦᠯᠡᠨ ᠴᠢᠷᠮᠠᠢᠬᠤ︔ ᠥᠭᠡᠷᠡᠴᠢᠯᠡᠯᠲᠡ ᠬᠥᠭᠵᠢᠯᠲᠡ ᠳᠤ | ᠦᠢᠯᠡᠴᠢᠯᠡᠬᠦ ᠶᠢ ᠡᠭᠦᠷᠭᠡ ᠲᠤᠰᠢᠶᠠᠯ ᠢᠶᠠᠨ ᠭᠦᠢᠴᠡᠳᠬᠡᠬᠦ ᠭᠤᠣᠯ ᠱᠤᠭᠤᠮ ᠪᠣᠯᠭᠠᠵᠤ᠂ ᠰᠠᠨᠠᠯ ᠵᠥᠪᠯᠡᠯᠭᠡ ᠳᠤᠷᠠᠳᠴᠤ | ᠵᠠᠰᠠᠭ ᠲᠤ ᠲᠤᠰᠠᠯᠠᠬᠤ ᠶᠠᠰᠤ ᠴᠢᠨᠠᠷ ᠦᠷ᠎ᠡ ᠪᠦᠲᠦᠮᠵᠢ ᠶᠢ ᠪᠦᠬᠦ ᠲᠠᠯ᠎ᠠ ᠪᠠᠷ ᠳᠡᠭᠡᠭᠰᠢᠯᠡᠭᠦᠯᠬᠦ︔ ᠶᠡᠭᠡ ᠪᠦᠯᠬᠦᠮᠳᠡᠯ ᠶᠡᠭᠡ | ᠬᠤᠯᠪᠣᠭᠠᠯᠠᠯ ᠢᠶᠠᠷ ᠢᠯᠡ ᠲᠣᠳᠣ ᠭᠤᠣᠯ ᠰᠡᠳᠦᠪ ᠪᠣᠯᠭᠠᠵᠤ᠂ ᠬᠠᠮᠲᠤ ᠶᠢᠨ ᠲᠠᠨᠢᠯᠲᠠ ᠶᠢ ᠨᠢᠭᠲᠠᠷᠠᠭᠤᠯᠬᠤ ᠠᠵᠢᠯ ᠤᠨ | ᠲᠦᠪᠰᠢᠨ ᠢᠶᠠᠨ ᠦᠷᠭᠦᠯᠵᠢᠯᠡᠨ ᠳᠡᠭᠡᠭᠰᠢᠯᠡᠭᠦᠯᠬᠦ︔ ᠵᠥᠪᠯᠡᠬᠦ ᠠᠷᠠᠳᠴᠢᠯᠠᠯ ᠢ ᠬᠥᠭᠵᠢᠭᠦᠯᠬᠦ ᠶᠢ ᠴᠢᠬᠤᠯᠠ | ᠬᠠᠷᠢᠭᠤᠴᠠᠯᠭ᠎ᠠ ᠪᠠᠨ ᠪᠣᠯᠭᠠᠵᠤ᠂ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠳᠦᠷᠢᠮ ᠤᠨ ᠳᠠᠪᠠᠭᠤᠯᠢᠭ ᠢ ᠦᠨᠡᠨᠬᠦ | ᠪᠠᠳᠠᠷᠠᠭᠤᠯᠬᠤ︔ ᠲᠤᠰ ᠪᠡᠶ᠎ᠡ ᠶᠢᠨ ᠪᠠᠶᠢᠭᠤᠯᠤᠯᠲᠠ ᠪᠠᠨ ᠴᠢᠩᠭᠠᠳᠬᠠᠬᠤ ᠪᠠᠷ ᠰᠠᠭᠤᠷᠢ ᠢᠨᠵᠧᠨᠧᠷᠢᠩ ᠪᠣᠯᠭᠠᠵᠤ᠂ ᠤᠯᠤᠰ | ᠲᠦᠷᠦ ᠶᠢᠨ ᠵᠥᠪᠯᠡᠯᠭᠡᠨ ᠤ ᠡᠭᠦᠷᠭᠡ ᠲᠤᠰᠢᠶᠠᠯ ᠢᠶᠠᠨ ᠭᠦᠢᠴᠡᠳᠬᠡᠬᠦ ᠴᠢᠳᠠᠪᠤᠷᠢ ᠶᠢ ᠪᠦᠬᠦ ᠬᠦᠴᠦᠨ ᠢᠶᠠᠷ ᠢᠶᠠᠨ | ᠴᠢᠩᠭᠠᠳᠬᠠᠬᠤ ᠲᠠᠪᠤᠨ ᠲᠠᠯ᠎ᠠ ᠪᠠᠷ 2024 ᠣᠨ ᠤ ᠠᠵᠢᠯ ᠢᠶᠠᠨ ᠡᠷᠭᠢᠴᠡᠭᠦᠯᠦᠨ ᠳ᠋ᠦᠩᠨᠡᠪᠡ᠃ | ᠢᠯᠡᠳᠭᠡᠯ ᠳᠤ ᠵᠢᠭᠠᠵᠤ ᠭᠠᠷᠭᠠᠭᠰᠠᠨ ᠨᠢ᠂ 2024 ᠣᠨ ᠪᠣᠯ ᠰᠢᠨ᠎ᠡ ᠳᠤᠮᠳᠠᠳᠤ ᠤᠯᠤᠰ ᠪᠣᠯᠣᠨ ᠠᠷᠠᠳ ᠤᠨ | ᠤᠯᠤᠰ ᠲᠥᠷᠥ ᠶᠢᠨ ᠵᠥᠪᠯᠡᠯᠭᠡᠨ ᠪᠠᠶᠢᠭᠤᠯᠤᠭᠳᠠᠭᠰᠠᠨ 75 ᠵᠢᠯ ᠤᠨ ᠣᠶ ᠮᠥᠨ᠂ ᠡᠨᠡ ᠨᠢᠭᠡ ᠵᠢᠯ ᠳᠤ ᠨᠠᠮ ᠤᠨ | ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠢᠯᠠᠯᠲᠠ ᠲᠠᠢ ᠪᠠᠷ ᠬᠤᠷᠠᠯᠳᠤᠵᠤ᠂ | ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠥᠬᠦ ᠲᠠᠯ᠎ᠠ ᠪᠠᠷ ᠭᠦᠨᠵᠡᠭᠡᠶᠢᠷᠡᠭᠦᠯᠦᠨ᠂ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠶᠢ ᠲᠦᠯᠬᠢᠨ ᠠᠬᠢᠭᠤᠯᠬᠤ ᠠᠤᠭ᠎ᠠ ᠲᠥᠰᠥᠪ ᠢ ᠵᠢᠷᠤᠭᠯᠠᠭᠰᠠᠨ ᠪᠠᠶᠢᠨ᠎ᠠ᠃ ᠨᠢᠭᠡ ᠵᠢᠯ ᠤᠨ ᠲᠤᠷᠰᠢ᠂ | ᠬᠤᠳᠠ ᠶᠢᠨ ᠨᠠᠮ ᠤᠨ ᠬᠤᠷᠢᠶ᠎ᠠ ᠶᠢᠨ ᠬᠢᠨ ᠪᠦᠬᠦ ᠬᠤᠳᠠ ᠶᠢᠨ ᠥᠷᠭᠡᠨ ᠤᠯᠠᠨ ᠺᠠᠳ᠋ᠷ ᠤᠯᠠᠨ ᠲᠦᠮᠡᠨ ᠢ ᠪᠦᠯᠬᠦᠮᠳᠡᠭᠦᠯᠦᠨ | ᠳᠠᠭᠠᠭᠤᠯᠵᠤ ᠬᠠᠷᠠᠯᠲᠠ ᠪᠠᠨ ᠲᠣᠭᠲᠠᠭᠠᠵᠤ᠂ ᠵᠠᠮ ᠨᠡᠭᠡᠭᠡᠨ ᠡᠷᠡᠯᠬᠡᠭᠯᠡᠨ ᠤᠷᠤᠭᠰᠢᠯᠠᠵᠤ᠂ ᠢᠲᠡᠭᠡᠯ ᠵᠣᠷᠢᠭ ᠪᠠ ᠬᠦᠴᠦᠲᠡᠢ | ᠠᠷᠭ᠎ᠠ ᠬᠡᠮᠵᠢᠶ᠎ᠡ ᠪᠠᠷ ᠪᠦᠬᠦ ᠬᠤᠳᠠ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠰᠢᠨ᠎ᠡ ᠠᠬᠢᠴᠠ ᠰᠢᠨ᠎ᠡ ᠠᠮᠵᠢᠯᠲᠠ | ᠣᠯᠬᠤ ᠶᠢ ᠠᠬᠢᠭᠤᠯᠪᠠ᠃ ᠬᠤᠲᠠ ᠶᠢᠨ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠪᠠ ᠬᠤᠲᠠ ᠶᠢᠨ | ᠵᠠᠰᠠᠭ ᠤᠨ ᠣᠷᠳᠣᠨ ᠤ ᠬᠦᠴᠦᠲᠡᠢ ᠳᠡᠮᠵᠢᠯᠭᠡ ᠳᠣᠣᠷ᠎ᠠ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠵᠢᠴᠢ ᠲᠡᠭᠦᠨ ᠤ | ᠪᠠᠶᠢᠩᠭᠤ ᠶᠢᠨ ᠬᠤᠷᠢᠶ᠎ᠠ ᠶᠢᠨ ᠬᠢᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ | ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠵᠤ᠂ ᠪᠦᠬᠦ ᠭᠡᠰᠢᠭᠦᠳ ᠢ ᠪᠦᠯᠬᠦᠮᠳᠡᠭᠦᠯᠦᠨ ᠳᠠᠭᠠᠭᠤᠯᠵᠤ | ᠨᠠᠮ ᠤᠨ ᠬᠤᠷᠢᠳᠤᠭᠠᠷ ᠤᠳᠠᠭᠠᠨ ᠤ ᠶᠡᠭᠡ ᠬᠤᠷᠠᠯ ᠪᠣᠯᠣᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ | ᠬᠤᠶᠠᠳᠤᠭᠠᠷ᠂ ᠲᠥᠪ ᠬᠤᠷᠢᠶᠠᠨ ᠤ ᠭᠤᠷᠪᠠᠳᠤᠭᠠᠷ ᠤᠳᠠᠭᠠᠨ ᠤ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ | ᠰᠤᠷᠤᠯᠴᠠᠨ ᠲᠤᠭᠤᠰᠢᠯᠠᠭᠤᠯᠵᠤ᠂ ᠰᠢ ᠶᠢᠨ ᠫᠢᠩ ᠶᠡᠷᠦᠩᠬᠡᠢ ᠱᠦᠵᠢ ᠶᠢᠨ ᠠᠷᠠᠳ ᠤᠨ ᠤᠯᠤᠰ ᠲᠥᠷᠥ ᠶᠢᠨ ᠵᠥᠪᠯᠡᠯᠭᠡᠨ ᠤ | ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠪᠠ ᠳᠤᠮᠳᠠᠳᠤ ᠤᠯᠤᠰ ᠤᠨ ᠠᠷᠠᠳ ᠤᠨ | ᠤᠯᠤᠰ ᠲᠥᠷᠥ ᠶᠢᠨ ᠵᠥᠪᠯᠡᠯᠭᠡᠨ ᠪᠠᠶᠢᠭᠤᠯᠤᠭᠳᠠᠭᠰᠠᠨ 75 ᠵᠢᠯ ᠤᠨ ᠣᠶ ᠶᠢ ᠪᠡᠯᠭᠡᠯᠡᠬᠦ ᠶᠡᠭᠡ ᠬᠤᠷᠠᠯ ᠳᠡᠭᠡᠷᠡᠬᠢ ᠶᠠᠷᠢᠶ᠎ᠠ ᠶᠢ | ᠰᠤᠷᠤᠯᠴᠠᠨ ᠲᠤᠭᠤᠰᠢᠯᠠᠭᠤᠯᠵᠤ᠂ ᠬᠤᠳᠠ ᠶᠢᠨ ᠨᠠᠮ ᠤᠨ ᠬᠤᠷᠢᠶᠠᠨ ᠤ ᠵᠢᠷᠭᠤᠳᠤᠭᠠᠷ ᠬᠤᠭᠤᠴᠠᠭᠠᠨ ᠤ ᠳᠣᠯᠣᠳᠤᠭᠠᠷ᠂ | ᠨᠠᠢᠮᠠᠳᠤᠭᠠᠷ ᠤᠳᠠᠭᠠᠨ ᠤ ᠪᠦᠬᠦᠳᠠ ᠬᠤᠷᠠᠯ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠲᠠᠢ ᠨᠢᠭᠲᠠ ᠤᠶᠠᠯᠳᠤᠭᠤᠯᠤᠨ᠂ | ᠲᠤᠰᠬᠠᠢ ᠵᠥᠪᠯᠡᠬᠦ ᠪᠠᠶᠢᠭᠤᠯᠤᠮᠵᠢ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠤᠯᠤᠰ ᠲᠦᠷᠦ ᠶᠢᠨ ᠵᠥᠪᠯᠡᠯᠭᠡᠨ ᠤ ︽ | ᠵᠠᠰᠠᠭ︾ ᠢ ᠪᠠᠲᠤᠳᠬᠠᠬᠤ᠂ ᠤᠯᠤᠰ ᠲᠦᠷᠦ ᠶᠢᠨ ᠵᠥᠪᠯᠡᠯᠭᠡᠨ ᠤ ︽ᠴᠢᠳᠠᠪᠤᠷᠢ︾ ᠶᠢ ᠳᠡᠭᠡᠭᠰᠢᠯᠡᠭᠦᠯᠬᠦ᠂ ᠤᠯᠤᠰ | ᠲᠦᠷᠦ ᠶᠢᠨ ᠵᠥᠪᠯᠡᠯᠭᠡᠨ ᠤ ︽ᠵᠢᠳᠬᠦᠯ︾ ᠢ ᠢᠯᠡᠷᠡᠭᠦᠯᠬᠦ ᠳᠡᠭᠡᠷ᠎ᠡ ᠬᠦᠴᠦ ᠣᠷᠣᠭᠤᠯᠵᠤ᠂ ᠪᠦᠬᠦ ᠬᠤᠳᠠ ᠶᠢᠨ ᠠᠵᠤ | ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠤᠯᠤᠰ ᠲᠦᠷᠦ ᠶᠢᠨ ᠵᠥᠪᠯᠡᠯᠭᠡᠨ ᠤ ᠤᠶᠤᠨ | ᠤᠬᠠᠭᠠᠨ ᠪᠠ ᠬᠦᠴᠦᠨ ᠴᠢᠳᠠᠯ ᠢ ᠨᠡᠮᠡᠷᠢᠯᠡᠪᠡ᠃ | ᠢᠯᠡᠳᠬᠡᠯ ᠳᠤ ᠴᠢᠬᠤᠯᠠᠴᠢᠯᠠᠭᠰᠠᠨ ᠨᠢ᠂ 2025 ᠣᠨ ᠪᠣᠯ ᠠᠷᠪᠠᠨ ᠳᠥᠷᠪᠡᠳᠦᠭᠡᠷ ᠲᠠᠪᠤᠨ ᠵᠢᠯ ᠤᠨ | ᠲᠥᠯᠦᠪᠵᠢᠭᠦᠯᠭᠡ ᠶᠢᠨ ᠲᠡᠭᠦᠰᠬᠡᠯ ᠤᠨ ᠵᠢᠯ ᠮᠥᠨ᠂ ᠪᠠᠰᠠ ᠴᠤ ᠠᠷᠪᠠᠨ ᠲᠠᠪᠤᠳᠤᠭᠠᠷ ᠲᠠᠪᠤᠨ ᠵᠢᠯ ᠤᠨ | ᠲᠥᠯᠦᠪᠵᠢᠭᠦᠯᠭᠡ ᠶᠢᠨ ᠲᠥᠰᠥᠪᠯᠡᠯ ᠤᠨ ᠵᠢᠯ ᠮᠥᠨ᠃ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ | ᠭᠤᠷᠪᠠᠳᠤᠭᠠᠷ ᠤᠳᠠᠭᠠᠨ ᠤ ᠪᠥᠬᠦᠳᠡ ᠬᠤᠷᠠᠯ ᠨᠢ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠬᠤ ᠪᠦᠲᠦᠭᠡᠨ | ᠪᠠᠶᠢᠭᠤᠯᠤᠯᠲᠠ ᠶᠢ ᠲᠦᠯᠬᠢᠨ ᠠᠬᠢᠭᠤᠯᠬᠤ ᠰᠢᠨ᠎ᠡ ᠠᠶᠠᠨ ᠢᠶᠠᠨ ᠡᠬᠢᠯᠡᠭᠦᠯᠵᠦ᠂ ᠬᠤᠳᠠ ᠶᠢᠨ ᠨᠠᠮ ᠤᠨ ᠬᠤᠷᠢᠶᠠᠨ ᠤ | ᠲᠠᠪᠤᠳᠤᠭᠠᠷ ᠬᠤᠭᠤᠴᠠᠭᠠᠨ ᠤ ᠶᠢᠰᠦᠳᠦᠭᠡᠷ ᠤᠳᠠᠭᠠᠨ ᠤ ᠪᠥᠬᠦᠳᠡ ᠬᠤᠷᠠᠯ ᠵᠢᠴᠢ ᠪᠦᠬᠦ ᠬᠤᠳᠠ ᠶᠢᠨ ᠠᠵᠤ ᠠᠬᠤᠢ ᠶᠢᠨ | ᠠᠵᠢᠯ ᠤᠨ ᠬᠤᠷᠠᠯᠳᠤᠭᠠᠨ ᠠᠴᠠ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠹᠧᠩᠵᠧᠨ ᠤ ᠰᠢᠨ᠎ᠡ | ᠬᠠᠭᠤᠳᠠᠰᠤ ᠶᠢ ᠪᠢᠴᠢᠭᠯᠡᠬᠦ ᠲᠤᠬᠠᠢ ᠪᠦᠬᠦ ᠲᠠᠯ᠎ᠠ ᠶᠢᠨ ᠪᠠᠶᠢᠷᠢᠯᠠᠭᠤᠯᠤᠯᠲᠠ ᠬᠢᠬᠦ ᠬᠡᠷᠡᠭᠳᠡᠢ︔ ᠬᠤᠲᠠ ᠶᠢᠨ ᠤᠯᠤᠰ | ᠲᠥᠷᠥ ᠶᠢᠨ ᠵᠥᠪᠯᠡᠯᠭᠡᠨ ᠵᠢᠴᠢ ᠲᠡᠭᠦᠨ ᠤ ᠪᠠᠶᠢᠩᠭᠤ ᠶᠢᠨ ᠬᠤᠷᠢᠶ᠎ᠠ ᠶᠢᠨ ᠬᠢᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ | ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ | ᠨᠠᠮ ᠤᠨ ᠬᠤᠷᠢᠳᠤᠭᠠᠷ ᠶᠡᠭᠡ ᠬᠤᠷᠠᠯ ᠪᠣᠯᠣᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠲᠥᠪ | ᠬᠤᠷᠢᠶᠠᠨ ᠤ ᠭᠤᠷᠪᠠᠳᠤᠭᠠᠷ ᠤᠳᠠᠭᠠᠨ ᠤ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ | ᠰᠢ ᠶᠢᠨ ᠫᠢᠩ ᠶᠡᠷᠦᠩᠬᠡᠢ ᠱᠦᠵᠢ ᠶᠢᠨ ᠳᠤᠮᠳᠠᠳᠤ ᠤᠯᠤᠰ ᠤᠨ ᠠᠷᠠᠳ ᠤᠨ ᠤᠯᠤᠰ ᠲᠥᠷᠥ ᠶᠢᠨ ᠵᠥᠪᠯᠡᠯᠭᠡᠨ | ᠪᠠᠶᠢᠭᠤᠯᠤᠭᠳᠠᠭᠰᠠᠨ 75 ᠵᠢᠯ ᠤᠨ ᠣᠶ ᠶᠢ ᠪᠡᠯᠭᠡᠯᠡᠬᠦ ᠶᠡᠭᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠠ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ︽ᠪᠦᠬᠦ ᠣᠷᠣᠨ ᠤ ᠤᠯᠤᠰ ᠲᠥᠷᠥ ᠶᠢᠨ | ᠵᠥᠪᠯᠡᠯᠭᠡᠨ ᠤ ᠠᠵᠢᠯ ᠢ ᠤᠯᠠᠮ ᠨᠢᠭᠡ ᠠᠯᠬᠤᠮ ᠴᠢᠩᠭᠠᠳᠬᠠᠨ ᠰᠠᠶᠢᠵᠢᠷᠠᠭᠤᠯᠬᠤ ᠲᠤᠬᠠᠢ ᠰᠠᠨᠠᠯ︾ ᠤᠨ ᠵᠣᠷᠢᠭ ᠰᠠᠨᠠᠭ᠎ᠠ ᠶᠢ | ᠬᠢᠨᠠᠮᠠᠭᠠᠢ ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠤᠢ | ᠪᠣᠯᠭᠠᠬᠤ ᠠᠵᠢᠯ ᠤᠨ ᠭᠤᠣᠯ ᠰᠢᠵᠢᠮ ᠢ ᠪᠦᠬᠦ ᠲᠠᠯ᠎ᠠ ᠪᠠᠷ ᠲᠤᠭᠤᠰᠢᠯᠠᠭᠤᠯᠤᠨ ᠪᠠᠲᠤ ᠪᠠᠬᠢ ᠪᠣᠯᠭᠠᠵᠤ᠂ ᠠᠷᠠᠳᠴᠢᠯᠠᠯ ᠢ | ᠪᠠᠳᠠᠷᠠᠭᠤᠯᠬᠤ ᠪᠠ ᠪᠦᠯᠬᠦᠮᠳᠡᠯ ᠢ ᠴᠢᠩᠭᠠᠳᠬᠠᠬᠤ ᠶᠢ ᠬᠠᠷᠢᠯᠴᠠᠨ ᠨᠡᠪᠲᠡᠷᠡᠯᠴᠡᠭᠦᠯᠬᠦ ᠶᠢ ᠪᠠᠷᠢᠮᠲᠠᠯᠠᠵᠤ᠂ ᠰᠠᠨᠠᠯ ᠵᠥᠪᠯᠡᠯᠭᠡ | ᠳᠤᠷᠠᠳᠤᠨ ᠵᠠᠰᠠᠭ ᠲᠤ ᠲᠤᠰᠠᠯᠠᠬᠤ ᠪᠠ ᠬᠠᠮᠲᠤ ᠶᠢᠨ ᠲᠠᠨᠢᠯᠲᠠ ᠶᠢ ᠨᠢᠭᠲᠠᠷᠠᠭᠤᠯᠬᠤ ᠳᠤ ᠬᠤᠣᠰ ᠴᠢᠭᠯᠡᠯ ᠢᠶᠠᠷ ᠬᠦᠴᠦᠯᠡᠵᠦ᠂ | ᠲᠤᠰᠬᠠᠢ ᠵᠥᠪᠯᠡᠬᠦ ᠪᠠᠶᠢᠭᠤᠯᠤᠮᠵᠢ ᠶᠢᠨ ᠦᠢᠯᠡᠳᠦᠯ ᠢ ᠨᠡᠩ ᠰᠠᠶᠢᠲᠤᠷ ᠪᠠᠳᠠᠷᠠᠭᠤᠯᠵᠤ᠂ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠭᠰᠠᠨ ᠹᠧᠩᠵᠧᠨ ᠤ ᠰᠢᠨ᠎ᠡ ᠬᠠᠭᠤᠳᠠᠰᠤ ᠶᠢ ᠪᠢᠴᠢᠭᠯᠡᠬᠦ ᠶᠢ ᠠᠬᠢᠭᠤᠯᠬᠤ ᠳᠤ ᠤᠯᠤᠰ ᠲᠦᠷᠦ ᠶᠢᠨ | ᠵᠥᠪᠯᠡᠯᠭᠡᠨ ᠤ ᠬᠦᠴᠦᠨ ᠴᠢᠳᠠᠯ ᠢᠶᠠᠨ ᠡᠷᠭᠦᠬᠦ ᠬᠡᠷᠡᠭᠳᠡᠢ᠃ | ᠬᠤᠷᠠᠯ ᠳᠡᠭᠡᠷ᠎ᠡ᠂ ᠤᠯᠤᠰ ᠲᠦᠷᠦ ᠶᠢᠨ ᠵᠥᠪᠯᠡᠯᠭᠡᠨ ᠤ ᠨᠠᠢᠮᠠᠳᠤᠭᠠᠷ ᠬᠤᠭᠤᠴᠠᠭᠠᠨ ᠤ ᠬᠤᠷᠢᠶᠠᠨ ᠤ ᠪᠠᠶᠢᠩᠭᠤ ᠶᠢᠨ | ᠬᠤᠷᠢᠶᠠᠨ ᠤ ᠨᠠᠶᠢᠳᠠᠯᠭ᠎ᠠ ᠪᠠᠷ ᠵᠧᠦ ᠵᠢᠶᠠᠨ ᠫᠢᠩ ᠶᠡᠭᠡ ᠬᠤᠷᠠᠯ ᠳᠤ ᠤᠯᠤᠰ ᠲᠦᠷᠦ ᠶᠢᠨ ᠵᠥᠪᠯᠡᠯᠭᠡᠨ ᠤ ᠨᠠᠢᠮᠠᠳᠤᠭᠠᠷ | ᠬᠤᠭᠤᠴᠠᠭᠠᠨ ᠤ ᠭᠤᠷᠪᠠᠳᠤᠭᠠᠷ ᠤᠳᠠᠭᠠᠨ ᠤ ᠬᠤᠷᠠᠯᠳᠤᠭᠠᠨ ᠠᠴᠠ ᠨᠠᠰᠢᠬᠢ ᠰᠠᠨᠠᠯ ᠵᠥᠪᠯᠡᠯᠭᠡ ᠶᠢᠨ ᠠᠵᠢᠯ ᠤᠨ ᠪᠠᠶᠢᠳᠠᠯ ᠤᠨ | ᠲᠤᠬᠠᠢ ᠮᠡᠳᠡᠭᠦᠯᠦᠯᠲᠡ ᠶᠢ ᠮᠡᠳᠡᠭᠦᠯᠪᠡ᠃ ᠵᠣᠣ ᠲᠤᠸᠠᠨ ᠢ ᠶᠡᠭᠡ ᠬᠤᠷᠠᠯ ᠳᠤ ᠤᠯᠤᠰ ᠲᠥᠷᠥ ᠶᠢᠨ ᠵᠥᠪᠯᠡᠯᠭᠡᠨ ᠤ | ᠨᠠᠢᠮᠠᠳᠤᠭᠠᠷ ᠬᠤᠭᠤᠴᠠᠭᠠᠨ ᠤ ᠹᠧᠩᠵᠧᠨ ᠬᠤᠲᠠ ᠶᠢᠨ ᠬᠤᠷᠢᠶ᠎ᠠ ᠶᠢᠨ 2024 ᠣᠨ ᠤ ᠭᠡᠰᠢᠭᠦᠨ ᠤ ᠲᠤᠰᠢᠶᠠᠯ | ᠬᠠᠷᠢᠭᠤᠴᠠᠯᠭ᠎ᠠ ᠪᠠᠨ ᠭᠦᠢᠴᠡᠳᠬᠡᠭᠰᠡᠨ ᠪᠠᠶᠢᠳᠠᠯ ᠢ ᠮᠡᠳᠡᠭᠳᠡᠪᠡ᠃ | ᠯᠢ ᠶᠢᠩ ᠶᠠᠷᠢᠶᠠᠨ ᠳᠠᠭᠠᠨ᠂ ᠰᠠᠶ᠋ᠢᠬᠠᠨ ᠥᠩᠭᠡᠷᠡᠭᠰᠡᠨ 2024 ᠣᠨ ᠪᠣᠯ ᠨᠠᠮ ᠪᠣᠯᠣᠨ ᠤᠯᠤᠰ ᠤᠨ ᠲᠡᠦᠬᠡᠨ | ᠳᠡᠭᠡᠷᠡᠬᠢ ᠬᠥᠰᠢᠶ᠎ᠡ ᠳᠤᠷᠠᠰᠬᠠᠯ ᠤᠨ ᠠᠴᠢ ᠬᠤᠯᠪᠣᠭᠳᠠᠯ ᠲᠠᠢ ᠨᠢᠭᠡ ᠵᠢᠯ ᠪᠣᠯᠣᠨ᠎ᠠ᠂ ᠮᠥᠨᠴᠦ ᠹᠥ᠋ᠩᠵᠥᠨ ᠤ | ᠬᠥᠭᠵᠢᠯᠲᠡ ᠶᠢᠨ ᠶᠠᠪᠤᠴᠠ ᠳᠠᠬᠢ ᠲᠤᠶᠢᠯ ᠤᠨ ᠶᠡᠷᠦ ᠪᠤᠰᠤ ᠶᠢᠨ᠂ ᠲᠤᠶᠢᠯ ᠤᠨ ᠵᠠᠩᠭᠢᠯᠠᠭ᠎ᠠ ᠶᠢᠨ ᠨᠢᠭᠡ ᠵᠢᠯ ᠪᠣᠯᠣᠨ᠎ᠠ᠃ | ᠨᠢᠭᠡ ᠵᠢᠯ ᠤᠨ ᠲᠤᠷᠰᠢ᠂ ᠭᠠᠳᠠᠭᠠᠳᠤ ᠶᠢᠨ ᠳᠠᠷᠤᠯᠲᠠ ᠶᠡᠬᠡᠰᠴᠦ᠂ ᠳᠣᠲᠣᠭᠠᠳᠤ ᠶᠢᠨ ᠬᠦᠴᠢᠷᠳᠡᠯ ᠨᠡᠮᠡᠭᠳᠡᠵᠦ ᠪᠠᠶᠢᠭ᠎ᠠ | ᠨᠠᠷᠢᠨ ᠪᠤᠳᠤᠯᠢᠶᠠᠨᠲᠠᠢ ᠬᠦᠨᠳᠦ ᠬᠡᠴᠡᠭᠦᠦ ᠪᠠᠶᠢᠳᠠᠯ ᠤᠨ ᠡᠮᠦᠨ᠎ᠡ᠂ ᠪᠢᠳᠡ ︽ᠨᠢᠭᠡ ᠭᠤᠣᠯ ᠰᠢᠵᠢᠮ ᠢ ᠲᠤᠭᠤᠰᠢᠯᠠᠭᠤᠯᠵᠤ᠂ | ᠬᠤᠶᠠᠷ ᠶᠡᠭᠡ ᠶᠠᠪᠤᠳᠠᠯ ᠢ ᠰᠠᠶᠢᠲᠤᠷ ᠬᠢᠵᠦ᠂ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠰᠢᠨ᠎ᠡ ᠵᠠᠮ ᠢᠶᠠᠷ | ᠵᠠᠮᠨᠠᠵᠤ ᠳᠤᠮᠳᠠ ᠤᠷᠤᠰᠬᠠᠯ ᠳᠤ ᠣᠷᠣᠬᠤ︾ ᠬᠠᠷᠠᠯᠲᠠ ᠶᠢᠨ ᠲᠣᠭᠤᠷᠢᠨ ᠳᠤ᠂ ᠪᠦᠬᠦ ᠬᠦᠴᠦᠨ ᠢᠶᠠᠷ ᠢᠶᠠᠨ ᠠᠵᠤ | ᠠᠬᠤᠢ ᠶᠢᠨ ᠲᠥᠯᠥᠭᠡ ᠲᠡᠮᠡᠴᠡᠵᠦ᠂ ᠪᠦᠬᠦ ᠲᠠᠯ᠎ᠠ ᠪᠠᠷ ᠲᠦᠷᠭᠡᠨ ᠬᠥᠭᠵᠢᠯᠲᠡ ᠶᠢ ᠠᠬᠢᠭᠤᠯᠵᠤ᠂ ᠪᠦᠬᠦ ᠠᠵᠢᠯᠲᠠᠨ ᠤ | ᠠᠵᠢᠯᠯᠠᠭ᠎ᠠ ᠪᠠᠷ ᠢᠶᠠᠨ ᠨᠠᠶᠢᠳᠠᠪᠤᠷᠢᠵᠢᠭᠤᠯᠤᠯᠲᠠ ᠶᠢ ᠠᠳᠬᠤᠵᠤ᠂ ᠢᠲᠡᠭᠡᠯ ᠵᠣᠷᠢᠭ ᠢᠶᠠᠨ ᠪᠠᠲᠤᠳᠬᠠᠬᠤ᠂ ᠲᠣᠭᠲᠠᠭᠤᠨ ᠢᠶᠠᠷ | ᠨᠡᠮᠡᠭᠳᠡᠭᠦᠯᠬᠦ᠂ ᠠᠶᠤᠯ ᠲᠦᠭᠰᠢᠭᠦᠷᠢ ᠶᠢ ᠰᠡᠷᠭᠡᠶᠢᠯᠡᠬᠦ᠂ ᠥᠭᠡᠷᠡᠴᠢᠯᠡᠯᠲᠡ ᠶᠢ ᠠᠳᠬᠤᠬᠤ᠂ ᠠᠷᠠᠳ ᠤᠨ ᠠᠮᠢᠳᠤᠷᠠᠯ ᠳᠤ | ᠠᠰᠢᠭ ᠬᠦᠷᠲᠡᠭᠡᠬᠦ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠭᠰᠠᠨ ᠹᠧᠩᠵᠧᠨ ᠤ ᠦᠢᠯᠡᠳᠦᠯᠭᠡ ᠶᠢ ᠭᠤᠶᠢᠪᠢᠰᠢ ᠦᠭᠡᠢ ᠠᠬᠢᠭᠤᠯᠵᠠᠢ ᠭᠡᠪᠡ᠃ | ᠯᠢ ᠶᠢᠩ᠂ 2025 ᠣᠨ ᠪᠣᠯ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠦᠪᠵᠢᠭᠦᠯᠭᠡ ᠶᠢᠨ ᠲᠡᠭᠦᠰᠬᠡᠯ ᠤᠨ ᠵᠢᠯ | ᠪᠣᠯᠣᠨ᠎ᠠ᠂ ᠠᠵᠤ ᠠᠬᠤᠢ ᠶᠢᠨ ᠰᠡᠷᠭᠦᠨ ᠰᠠᠶᠢᠵᠢᠷᠠᠬᠤ ᠬᠠᠨᠳᠤᠰᠢ ᠶᠢ ᠪᠦᠬᠦ ᠲᠠᠯ᠎ᠠ ᠪᠠᠷ ᠪᠠᠬᠢᠵᠢᠭᠦᠯᠬᠦ ᠵᠠᠩᠭᠢᠯᠠᠭ᠎ᠠ ᠶᠢᠨ ᠵᠢᠯ | ᠪᠣᠯᠣᠨ᠎ᠠ᠂ ᠪᠦᠬᠦ ᠵᠢᠯ ᠤᠨ ᠡᠯ᠎ᠡ ᠵᠦᠢᠯ ᠤᠨ ᠠᠵᠢᠯ ᠢ ᠰᠠᠶᠢᠲᠤᠷ ᠬᠢᠬᠦ ᠳᠤ ᠬᠠᠷᠢᠭᠤᠴᠠᠯᠭ᠎ᠠ ᠬᠦᠨᠳᠦ ᠶᠡᠭᠡ ᠠᠴᠢ | ᠬᠤᠯᠪᠣᠭᠳᠠᠯ ᠲᠠᠢ ᠶᠤᠮ᠃ ᠲᠦᠷᠦᠭᠦᠬᠡᠨ ᠬᠤᠷᠠᠯᠳᠤᠭᠤᠯᠤᠭᠰᠠᠨ ᠬᠤᠳᠠ ᠶᠢᠨ ᠨᠠᠮ ᠤᠨ ᠬᠤᠷᠢᠶᠠᠨ ᠤ ᠵᠢᠷᠭᠤᠳᠤᠭᠠᠷ | ᠬᠤᠭᠤᠴᠠᠭᠠᠨ ᠤ ᠶᠢᠰᠦᠳᠦᠭᠡᠷ ᠤᠳᠠᠭᠠᠨ ᠤ ᠪᠥᠬᠦᠳᠡ ᠬᠤᠷᠠᠯ ᠲᠥᠪ ᠤᠨ ᠠᠵᠤ ᠠᠬᠤᠢ ᠶᠢᠨ ᠠᠵᠢᠯ ᠤᠨ ᠬᠤᠷᠠᠯ᠂ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠶᠢᠰᠦᠳᠦᠭᠡᠷ ᠤᠳᠠᠭᠠᠨ ᠤ | ᠪᠥᠬᠦᠳᠡ ᠬᠤᠷᠠᠯ ᠵᠢᠴᠢ ᠪᠦᠬᠦ ᠣᠷᠣᠨ ᠤ ᠠᠵᠤ ᠠᠬᠤᠢ ᠶᠢᠨ ᠠᠵᠢᠯ ᠤᠨ ᠬᠤᠷᠠᠯ᠂ ᠤᠯᠠᠭᠠᠨᠴᠠᠪ ᠬᠤᠲᠠ ᠶᠢᠨ ᠨᠠᠮ ᠤᠨ | ᠬᠤᠷᠢᠶ᠎ᠠ ᠶᠢᠨ ᠲᠠᠪᠤᠳᠤᠭᠠᠷ ᠬᠤᠭᠤᠴᠠᠭᠠᠨ ᠤ ᠶᠢᠰᠦᠳᠦᠭᠡᠷ ᠤᠳᠠᠭᠠᠨ ᠤ ᠪᠥᠬᠦᠳᠡ ᠬᠤᠷᠠᠯ ᠵᠢᠴᠢ ᠪᠦᠬᠦ ᠬᠤᠲᠠ ᠶᠢᠨ ᠠᠵᠤ | ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠪᠦᠬᠦ ᠬᠤᠳᠠ ᠳᠤ | ︽ᠶᠡᠭᠡ ᠬᠠᠨᠳᠤᠰᠢ ᠶᠢ ᠠᠵᠢᠭᠯᠠᠵᠤ᠂ ᠭᠤᠣᠯᠳᠠᠯᠭ᠎ᠠ ᠶᠢ ᠠᠳᠬᠤᠵᠤ᠂ ᠪᠦᠯᠬᠦᠮ ᠢᠶᠠᠨ ᠬᠦᠴᠦᠷᠬᠡᠭᠵᠢᠭᠦᠯᠵᠦ᠂ ᠬᠡᠪ | ᠰᠤᠷᠲᠠᠯ ᠢ ᠲᠥᠪ ᠪᠣᠯᠭᠠᠵᠤ᠂ ᠠᠮᠤᠷ ᠲᠦᠪᠰᠢᠨ ᠢ ᠪᠠᠲᠤᠯᠠᠵᠤ᠂ ᠬᠥᠭᠵᠢᠯᠲᠡ ᠶᠢ ᠠᠬᠢᠭᠤᠯᠵᠤ᠂ ᠳᠤᠮᠳᠠᠳᠤ ᠤᠯᠤᠰ ᠤᠨ | ᠮᠠᠶ᠋ᠢᠭ ᠤᠨ ᠣᠳᠣᠬᠢᠴᠢᠯᠠᠭᠰᠠᠨ ᠹᠧᠩᠵᠧᠨ ᠤ ᠰᠢᠨ᠎ᠡ ᠬᠠᠭᠤᠳᠠᠰᠤ ᠶᠢ ᠪᠢᠴᠢᠭᠯᠡᠬᠦ ᠳᠤ ᠨᠡᠩ ᠤᠯᠠᠨ ᠨᠡᠩ ᠶᠡᠭᠡ ᠬᠤᠪᠢ | ᠨᠡᠮᠡᠷᠢ ᠦᠵᠡᠭᠦᠯᠬᠦ︾ ᠤᠷᠢᠶᠠᠯᠠᠭ᠎ᠠ ᠭᠠᠷᠭᠠᠪᠠ᠃ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠪᠠ ᠥᠷᠭᠡᠨ ᠣᠯᠠᠨ | ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠰᠢᠯᠢᠳᠡᠭ ᠤᠯᠠᠮᠵᠢᠯᠠᠯ ᠢᠶᠠᠨ ᠪᠠᠳᠠᠷᠠᠭᠤᠯᠵᠤ᠂ ᠤᠯᠤᠰ ᠲᠥᠷᠥ ᠶᠢᠨ | ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠤᠯᠤᠰ ᠲᠥᠷᠥ ᠶᠢᠨ ᠵᠥᠪᠯᠡᠯᠭᠡ ᠬᠢᠬᠦ᠂ ᠠᠷᠠᠳᠴᠢᠯᠠᠯ ᠢᠶᠠᠷ ᠬᠢᠨᠠᠯᠲᠠ ᠲᠠᠯᠪᠢᠬᠤ᠂ | ᠵᠠᠰᠠᠭ ᠤᠨ ᠶᠠᠪᠤᠳᠠᠯ ᠳᠤ ᠣᠷᠣᠯᠴᠠᠨ ᠲᠥᠷᠥ ᠶᠢᠨ ᠬᠡᠷᠡᠭ ᠢ ᠵᠥᠪᠯᠡᠬᠦ ᠬᠢᠷᠢ ᠲᠦᠪᠰᠢᠨ ᠢᠶᠠᠨ ᠲᠠᠰᠤᠷᠠᠯᠲᠠ ᠦᠭᠡᠢ | ᠳᠡᠭᠡᠭᠰᠢᠯᠡᠭᠦᠯᠵᠦ᠂ ᠰᠢᠨ᠎ᠡ ᠠᠶᠠᠨ ᠵᠠᠮ ᠳᠠᠭᠠᠨ ᠠᠷᠠᠳ ᠤᠨ ᠤᠯᠤᠰ ᠲᠥᠷᠥ ᠶᠢᠨ ᠵᠥᠪᠯᠡᠯᠭᠡᠨ ᠤ ᠠᠵᠢᠯ ᠤᠨ ᠰᠢᠨ᠎ᠡ | ᠬᠠᠭᠤᠳᠠᠰᠤ ᠶᠢ ᠴᠢᠷᠮᠠᠶᠢᠨ ᠪᠢᠴᠢᠭᠯᠡᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠹᠧᠩᠵᠧᠨ ᠤ | ᠦᠢᠯᠡᠳᠦᠯᠭᠡ ᠶᠢ ᠲᠦᠯᠬᠢᠨ ᠠᠬᠢᠭᠤᠯᠬᠤ ᠳᠤ ᠨᠠᠩ ᠶᠡᠭᠡ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠪᠡ᠃ | ᠯᠢ ᠶᠢᠩ᠂ ᠤᠯᠤᠰ ᠲᠦᠷᠦ ᠶᠢᠨ ᠵᠥᠪᠯᠡᠯᠭᠡᠨ ᠤ ᠰᠦᠭ ᠰᠦᠨᠡᠰᠦ ᠶᠢ ᠪᠤᠢ ᠪᠣᠯᠭᠠᠵᠤ᠂ ᠨᠠᠮ ᠤᠨ ᠤᠳᠤᠷᠢᠳᠤᠯᠭ᠎ᠠ ᠶᠢ | ᠥᠴᠥᠬᠡᠨ ᠴᠦ ᠭᠤᠶᠢᠪᠢᠰᠢ ᠦᠭᠡᠢ ᠪᠠᠷ ᠪᠠᠷᠢᠮᠲᠠᠯᠠᠵᠤ᠂ ᠤᠯᠤᠰ ᠲᠦᠷᠦ ᠶᠢᠨ ᠮᠠᠭᠠᠳᠯᠠᠬᠤ ᠴᠢᠳᠠᠪᠤᠷᠢ᠂ ᠤᠯᠤᠰ | ᠲᠦᠷᠦ ᠶᠢᠨ ᠣᠶᠢᠯᠠᠭᠠᠬᠤ ᠴᠢᠳᠠᠪᠤᠷᠢ᠂ ᠤᠯᠤᠰ ᠲᠦᠷᠦ ᠶᠢᠨ ᠬᠡᠷᠡᠭᠵᠢᠭᠦᠯᠬᠦ ᠴᠢᠳᠠᠪᠤᠷᠢ ᠪᠠᠨ ᠲᠠᠰᠤᠷᠠᠯᠲᠠ ᠦᠭᠡᠢ | ᠳᠡᠭᠡᠭᠰᠢᠯᠡᠭᠦᠯᠬᠦ ᠬᠡᠷᠡᠭᠲᠡᠢ︔ ᠤᠯᠤᠰ ᠲᠦᠷᠦ ᠶᠢᠨ ᠵᠥᠪᠯᠡᠯᠭᠡᠨ ᠤ ᠴᠢᠳᠠᠪᠤᠷᠢ ᠶᠢ ᠪᠠᠳᠠᠷᠠᠭᠤᠯᠵᠤ᠂ ᠤᠨᠢᠨ ᠳᠡᠭᠡᠷ᠎ᠡ ᠨᠢ | ᠪᠦᠲᠦᠮᠵᠢᠲᠡᠢ ᠶᠡᠭᠡ ᠲᠠᠯ᠎ᠠ ᠳᠤ ᠦᠢᠯᠡᠴᠢᠯᠡᠵᠦ᠂ ᠬᠥᠭᠵᠢᠯᠲᠡ ᠶᠢ ᠠᠬᠢᠭᠤᠯᠬᠤ ᠲᠠᠯ᠎ᠠ ᠪᠠᠷ ᠬᠦᠴᠦᠯᠡᠵᠦ᠂ | ᠥᠭᠡᠷᠡᠴᠢᠯᠡᠯᠲᠡ ᠶᠢ ᠳᠡᠮᠵᠢᠬᠦ ᠲᠠᠯ᠎ᠠ ᠪᠠᠷ ᠬᠦᠴᠦ ᠪᠠᠨ ᠲᠥᠪᠯᠡᠷᠡᠭᠦᠯᠵᠦ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ | ᠲᠠᠯ᠎ᠠ ᠪᠠᠷ ᠬᠦᠴᠦᠯᠡᠬᠦ ᠬᠡᠷᠡᠭᠲᠡᠢ︔ ᠤᠯᠤᠰ ᠲᠦᠷᠦ ᠶᠢᠨ ᠵᠥᠪᠯᠡᠯᠭᠡᠨ ᠤ ᠠᠵᠢᠯᠯᠠᠭ᠎ᠠ ᠶᠢ ᠭᠦᠢᠴᠡᠳ ᠢᠯᠡᠷᠡᠭᠦᠯᠵᠦ᠂ | ᠲᠡᠮᠡᠴᠡᠯ ᠤᠨ ᠬᠠᠮᠲᠤᠷᠠᠯ ᠤᠨ ᠬᠦᠴᠦᠨ ᠢ ᠬᠠᠮᠤᠭ ᠤᠨ ᠶᠡᠭᠡ ᠬᠡᠮᠵᠢᠶ᠎ᠡ ᠪᠠᠷ ᠨᠢᠭᠲᠠᠷᠠᠭᠤᠯᠵᠤ᠂ ᠵᠥᠪᠯᠡᠬᠦ ᠤᠬᠠᠮᠰᠠᠷ ᠢᠶᠠᠨ | ᠴᠢᠩᠭᠠᠳᠬᠠᠵᠤ᠂ ᠵᠥᠪᠯᠡᠬᠦ ᠳᠦᠷᠢᠮ ᠢ ᠪᠦᠷᠢᠨᠰᠢᠭᠦᠯᠵᠦ᠂ ᠵᠥᠪᠯᠡᠬᠦ ᠶᠠᠰᠤ ᠴᠢᠨᠠᠷ ᠢ ᠳᠡᠭᠡᠭᠰᠢᠯᠡᠭᠦᠯᠬᠦ ᠬᠡᠷᠡᠭᠲᠡᠢ︔ ᠤᠯᠤᠰ | ᠲᠦᠷᠦ ᠶᠢᠨ ᠵᠥᠪᠯᠡᠯᠭᠡᠨ ᠤ ᠴᠢᠳᠠᠪᠤᠷᠢ ᠶᠢ ᠳᠡᠭᠡᠭᠰᠢᠯᠡᠭᠦᠯᠵᠦ᠂ ᠴᠠᠭ ᠦᠶ᠎ᠡ ᠲᠠᠢ ᠵᠡᠷᠭᠡᠪᠡᠷ ᠤᠷᠤᠭᠰᠢᠯᠠᠨ ᠲᠤᠰ ᠪᠡᠶ᠎ᠡ ᠶᠢᠨ | ᠪᠠᠶᠢᠭᠤᠯᠤᠯᠲᠠ ᠪᠠᠨ ᠴᠢᠩᠭᠠᠳᠬᠠᠵᠤ᠂ ᠨᠠᠮ ᠤᠨ ᠪᠠᠶᠢᠭᠤᠯᠤᠯᠲᠠ ᠪᠠᠨ ᠴᠢᠩᠭᠠᠳᠬᠠᠵᠤ᠂ ᠡᠩᠨᠡᠭᠡᠨ ᠤ ᠪᠠᠶᠢᠭᠤᠯᠤᠯᠲᠠ ᠪᠠᠨ | ᠴᠢᠩᠭᠠᠳᠬᠠᠵᠤ᠂ ᠰᠤᠷᠲᠠᠯ ᠤᠨ ᠪᠠᠶᠢᠭᠤᠯᠤᠯᠲᠠ ᠪᠠᠨ ᠴᠢᠩᠭᠠᠳᠬᠠᠬᠤ ᠬᠡᠷᠡᠭᠲᠡᠢ ᠭᠡᠪᠡ᠃ | ᠯᠢ ᠶᠢᠩ᠂ ᠰᠢ ᠶᠢᠨ ᠫᠢᠩ ᠶᠡᠷᠦᠩᠬᠡᠢ ᠱᠦᠵᠢ ᠶᠢᠨ ᠠᠷᠠᠳ ᠤᠨ ᠤᠯᠤᠰ ᠲᠥᠷᠥ ᠶᠢᠨ ᠵᠥᠪᠯᠡᠯᠭᠡᠨ ᠤ ᠠᠵᠢᠯ ᠢ | ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ ᠬᠢᠨᠠᠮᠠᠭᠠᠢ ᠰᠤᠷᠤᠯᠴᠠᠨ ᠲᠤᠭᠤᠰᠢᠯᠠᠭᠤᠯᠵᠤ᠂ | ᠤᠯᠤᠰ ᠲᠦᠷᠦ ᠶᠢᠨ ᠵᠥᠪᠯᠡᠯᠭᠡᠨ ᠤ ᠠᠵᠢᠯ ᠢ ᠤᠬᠠᠮᠰᠠᠷ ᠠᠴᠠ ᠪᠠᠨ ᠴᠢᠬᠤᠯᠠ ᠪᠠᠶᠢᠷᠢᠨ ᠳᠤ ᠲᠠᠯᠪᠢᠵᠤ᠂ ᠤᠯᠤᠰ | ᠲᠦᠷᠦ ᠶᠢᠨ ᠵᠥᠪᠯᠡᠯᠭᠡᠨ ᠤ ᠵᠠᠰᠠᠭ ᠤᠨ ᠶᠠᠪᠤᠳᠠᠯ ᠳᠤ ᠣᠷᠣᠯᠴᠠᠨ ᠲᠦᠷᠦ ᠶᠢᠨ ᠬᠡᠷᠡᠭ ᠢ ᠵᠥᠪᠯᠡᠬᠦ ᠶᠢ ᠶᠡᠭᠡ ᠪᠠᠷ ᠳᠡᠮᠵᠢᠵᠦ᠂ | ᠤᠯᠤᠰ ᠲᠦᠷᠦ ᠶᠢᠨ ᠵᠥᠪᠯᠡᠯᠭᠡᠨ ᠤ ᠠᠷᠠᠳᠴᠢᠯᠠᠭᠰᠠᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠤᠯᠤᠰ | ᠲᠦᠷᠦ ᠶᠢᠨ ᠵᠥᠪᠯᠡᠯᠭᠡᠨ ᠤ ᠰᠠᠨᠠᠯ ᠰᠠᠨᠠᠭᠤᠯᠭ᠎ᠠ ᠶᠢ ᠢᠳᠡᠪᠬᠢᠲᠡᠢ ᠪᠠᠷ ᠬᠦᠯᠢᠶᠡᠨ ᠠᠪᠴᠤ᠂ ᠤᠯᠤᠰ ᠲᠦᠷᠦ ᠶᠢᠨ | ᠵᠥᠪᠯᠡᠯᠭᠡᠨ ᠤ ᠰᠠᠨᠠᠯ ᠵᠥᠪᠯᠡᠯᠭᠡ ᠶᠢ ᠬᠢᠨᠠᠮᠠᠭᠠᠢ ᠰᠢᠢᠳᠪᠦᠷᠢᠯᠡᠵᠦ᠂ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠤᠯᠤᠰ | ᠲᠦᠷᠦ ᠶᠢᠨ ᠲᠠᠯ᠎ᠠ ᠪᠠᠷ ᠪᠠᠶᠢᠷᠢ ᠰᠠᠭᠤᠷᠢ ᠲᠠᠢ᠂ ᠰᠠᠨᠠᠯ ᠵᠥᠪᠯᠡᠯᠭᠡ ᠳᠤᠷᠠᠳᠬᠤ ᠲᠣᠬᠢᠶᠠᠯ ᠲᠠᠢ᠂ ᠬᠦᠴᠦ ᠪᠠᠨ ᠡᠷᠭᠦᠬᠦ ᠳᠤ | ᠲᠠᠪᠴᠠᠩ ᠲᠠᠢ ᠪᠠᠶᠢᠬᠤ ᠶᠢ ᠪᠠᠳᠤᠯᠠᠬᠤ ᠬᠡᠷᠡᠭᠳᠡᠢ︔ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ | ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠰᠡᠳᠬᠢᠯ ᠢᠶᠠᠨ ᠨᠢᠭᠡᠳᠬᠡᠨ ᠬᠦᠴᠦᠨ ᠢᠶᠠᠨ ᠬᠠᠮᠲᠤᠳᠬᠠᠵᠤ᠂ | ᠹᠧᠩᠵᠧᠨ ᠤ ᠤᠯᠤᠰ ᠲᠦᠷᠦ ᠶᠢᠨ ᠵᠥᠪᠯᠡᠯᠭᠡᠨ ᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠪᠠᠶᠢᠳᠠᠯ ᠢ | ᠲᠠᠰᠤᠷᠠᠯᠲᠠ ᠦᠭᠡᠢ ᠡᠭᠦᠳᠴᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠹᠧᠩᠵᠧᠨ ᠤ ᠰᠢᠨ᠎ᠡ | ᠬᠠᠭᠤᠳᠠᠰᠤ ᠶᠢ ᠪᠢᠴᠢᠭᠯᠡᠬᠦ ᠳᠤ ᠨᠡᠩ ᠶᠡᠭᠡ ᠰᠢᠨ᠎ᠡ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠪᠡ᠃ | | ᠮᠠᠨ ᠤ ᠬᠤᠲᠠ ᠳᠤ ᠰᠠᠭᠤᠭ᠎ᠠ ᠤᠯᠠᠭᠠᠨᠴᠠᠪ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ︔ ᠡᠯ᠎ᠡ | ᠰᠢᠶᠠᠩ ᠪᠠᠯᠭᠠᠰᠤ᠂ ᠵᠡᠭᠡᠯᠢ ᠭᠤᠳᠤᠮᠵᠢ᠂ ᠬᠤᠳᠠ ᠶᠢᠨ ᠰᠢᠭᠤᠳ ᠬᠠᠷᠢᠶ᠎ᠠ ᠵᠢᠴᠢ ᠹᠧᠩᠵᠧᠨ ᠳᠤ ᠰᠠᠭᠤᠭ᠎ᠠ ᠡᠯ᠎ᠡ ᠰᠠᠯᠠᠭ᠎ᠠ | ᠮᠥᠴᠢᠷ ᠨᠢᠭᠡᠴᠡ ᠶᠢᠨ ᠭᠤᠣᠯ ᠬᠠᠷᠢᠭᠤᠴᠠᠯᠭᠠᠲᠠᠨ ᠨᠥᠬᠦᠳ︔ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠪᠤᠰᠤ | ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠡᠯ᠎ᠡ ᠵᠥᠪᠯᠡᠯ᠂ ᠠᠯᠪᠠᠨ ᠭᠡᠷ ᠤᠨ ᠬᠠᠷᠢᠭᠤᠴᠠᠯᠭᠠᠲᠠᠨ ᠨᠥᠬᠦᠳ ᠶᠡᠭᠡ | ᠬᠤᠷᠠᠯ ᠳᠤ ᠰᠤᠯᠠ ᠣᠷᠣᠯᠴᠠᠪᠠ᠃ | | | ᠨᠠᠶᠢᠷᠠᠭᠤᠯᠤᠭᠴᠢ᠄ ᠯᠢ ᠰᠧ ᠬᠤᠢ | ᠬᠢᠨᠠᠨ ᠬᠠᠷᠭᠤᠭᠤᠯᠤᠭᠴᠢ᠄ ᠶᠠᠨ ᠬᠤᠸᠠᠢ ᡁᠢ | ᠤᠷᠴᠢᠭᠤᠯᠤᠭᠴᠢ᠄ ᠬᠠᠨ ᠰᠢᠶᠤᠤ ᠿᠦᠩ | ᠬᠢᠨᠠᠭᠴᠢ᠄ ᠼᠦᠢ ᠶᠢᠩ | |