ᠮᠠᠨ ᠤ ᠬᠤᠲᠠ ᠶᠢᠨ 2025 ᠣᠨ ᠤ ᠴᠠᠭᠠᠨ ᠰᠠᠷ᠎ᠠ ᠶᠢᠨ ᠵᠥᠭᠡᠭᠡᠪᠦᠷᠢ ᠵᠢᠩᠬᠢᠨᠢ ᠪᠠᠷ ᠡᠬᠢᠯᠡᠪᠡ
ᠨᠡᠶᠢᠲᠡᠯᠡᠭᠰᠡᠨ ᠴᠠᠭ᠄
2025/1/25
  2025 ᠣᠨ ᠤ ᠴᠠᠭᠠᠨ ᠰᠠᠷ᠎ᠠ ᠶᠢᠨ ᠵᠥᠭᠡᠭᠡᠪᠦᠷᠢ ᠶᠢᠨ ᠬᠤᠭᠤᠴᠠᠭᠠᠨ ᠳᠠᠬᠢ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯ ᠢ ᠦᠨᠡᠨᠬᠦ ᠰᠠᠶᠢᠲᠤᠷ ᠬᠢᠵᠦ᠂ ᠵᠠᠮ ᠬᠠᠷᠢᠯᠴᠠᠭᠠᠨ ᠤ ᠠᠳᠡᠯ ᠭᠠᠷᠬᠤ ᠶᠢ ᠪᠥᠬᠦ ᠬᠦᠴᠦᠨ ᠢᠶᠠᠷ ᠢᠶᠠᠨ ᠰᠡᠷᠭᠡᠶᠢᠯᠡᠨ ᠪᠠᠭᠠᠰᠬᠠᠵᠤ᠂ ᠥᠷᠭᠡᠨ ᠣᠯᠠᠨ ᠠᠷᠠᠳ ᠲᠦᠮᠡᠨ ᠤ ᠴᠠᠭᠠᠨ ᠰᠠᠷ᠎ᠠ ᠪᠠᠨ ᠪᠠᠶᠠᠷ ᠬᠥᠷ ᠲᠠᠢ ᠥᠩᠭᠡᠷᠡᠭᠦᠯᠬᠦ ᠳᠤ ᠵᠠᠮ ᠬᠠᠷᠢᠯᠴᠠᠭᠠᠨ ᠤ ᠶᠠᠪᠤᠵᠤ ᠰᠠᠭᠤᠬᠤ ᠰᠠᠶᠢᠨ ᠰᠠᠶᠢᠬᠠᠨ ᠣᠷᠴᠢᠨ ᠨᠥᠬᠦᠴᠡᠯ ᠢ ᠪᠣᠶ ᠪᠣᠯᠭᠠᠬᠤ ᠶᠢᠨ ᠲᠥᠯᠥᠭᠡ᠂ 1 ᠰᠠᠷ᠎ᠠ ᠶᠢᠨ 14 ᠤ ᠡᠳᠦᠷ ᠤᠨ ᠦᠳᠡ ᠶᠢᠨ ᠡᠮᠦᠨ᠎ᠡ᠂ ᠹᠧᠩᠵᠧᠨ ᠬᠤᠲᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ ᠶᠢᠨ ᠬᠢᠨ ᠹᠧᠩᠵᠧᠨ ᠬᠤᠲᠠ ᠶᠢᠨ ᠬᠤᠶᠢᠲᠤ ᠥᠷᠲᠡᠭᠡ ᠳᠤ ︽ᠠᠮᠤᠷ ᠠᠮᠤᠭᠤᠯᠠᠩ ᠴᠠᠭᠠᠨ ᠰᠠᠷ᠎ᠠ ᠶᠢᠨ ᠵᠥᠭᠡᠭᠡᠪᠦᠷᠢ᠂ ᠵᠠᠮ ᠬᠠᠷᠢᠯᠴᠠᠭᠠᠨ ᠤ ᠴᠠᠭᠳᠠᠭ᠎ᠠ ᠬᠠᠮᠲᠤ ᠤᠷᠤᠭᠰᠢᠯᠠᠨ᠎ᠠ︾ ᠭᠡᠬᠦ ᠭᠤᠣᠯ ᠰᠡᠳᠦᠪᠲᠦ 2025 ᠣᠨ ᠤ ᠴᠠᠭᠠᠨ ᠰᠠᠷ᠎ᠠ ᠶᠢᠨ ᠵᠥᠭᠡᠭᠡᠪᠦᠷᠢ ᠶᠢᠨ ᠡᠬᠢᠯᠡᠯᠲᠡ ᠶᠢᠨ ᠶᠣᠰᠣᠯᠠᠯ ᠶᠠᠪᠤᠭᠤᠯᠪᠠ᠃
   ᠹᠧᠩᠵᠧᠨ ᠬᠤᠲᠠ ᠶᠢᠨ ᠡᠪᠯᠡᠯ ᠤᠨ ᠬᠤᠷᠢᠶ᠎ᠠ᠂ ᠵᠢᠨᠢᠩ ᠤᠨ ᠮᠠᠰᠢᠨ ᠲᠡᠷᠭᠡᠨ ᠤ ᠶᠠᠪᠤᠳᠠᠯ ᠤᠨ ᠬᠡᠰᠡᠭ ᠤᠨ ᠹᠧᠩᠵᠧᠨ ᠤ ᠬᠤᠶᠢᠲᠤ ᠥᠷᠲᠡᠭᠡ᠂ ᠬᠥᠬᠡᠬᠤᠲᠠ ᠶᠢᠨ ᠳᠣᠲᠣᠭᠠᠳᠤ ᠶᠢ ᠬᠠᠮᠠᠭᠠᠯᠠᠬᠤ ᠭᠠᠵᠠᠷ ᠤᠨ ᠹᠧᠩᠵᠧᠨ ᠲᠡᠷᠭᠡᠨ ᠥᠷᠲᠡᠭᠡᠨ ᠤ ᠲᠣᠮᠢᠯᠠᠭᠰᠠᠨ ᠰᠠᠯᠪᠤᠷᠢ᠂ ᠹᠧᠩᠵᠧᠨ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ᠂ ᠤᠯᠠᠭᠠᠨᠴᠠᠪ ᠬᠤᠲᠠ ᠶᠢᠨ ᠵᠠᠮ ᠲᠡᠭᠡᠭᠡᠪᠦᠷᠢ ᠶᠢᠨ ᠤᠯᠠᠭᠠᠨᠴᠠᠪ ᠤᠨ ᠲᠡᠭᠡᠭᠡᠪᠦᠷᠢ ᠶᠢᠨ ᠬᠤᠯᠪᠤᠭᠠᠨ ᠤ ᠲᠦᠷᠭᠡᠨ ᠲᠡᠭᠡᠭᠡᠪᠦᠷᠢ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠹᠧᠩᠵᠧᠨ ᠬᠤᠲᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠨᠠᠷ ᠠᠵᠢᠯᠯᠠᠭ᠎ᠠ ᠳᠤ ᠤᠷᠤᠯᠴᠠᠪᠠ᠃ ᠹᠧᠩᠵᠧᠨ ᠬᠤᠲᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ ᠶᠢᠨ ᠳᠠᠷᠤᠭ᠎ᠠ ᠰᠦ᠋ ᠶᠦᠩ ᠵᠢᠶᠦ᠋ᠨ ᠠᠵᠢᠯᠯᠠᠭ᠎ᠠ ᠶᠢ ᠡᠷᠭᠢᠯᠡᠭᠰᠡᠨ ᠪᠥᠭᠡᠳ ᠠᠵᠢᠯ ᠤᠨ ᠳᠠᠶᠢᠴᠢᠯᠠᠯᠲᠠ ᠬᠢᠪᠡ᠃
   ᠠᠵᠢᠯᠯᠠᠭᠠᠨ ᠤ ᠳᠤᠮᠳᠠ᠂ ᠠᠷᠠᠳ ᠤᠨ ᠴᠠᠭᠳᠠᠭ᠎ᠠ ᠤᠷᠢᠶ᠎ᠠ ᠯᠣᠽᠦ᠋ᠩ ᠤᠨ ᠬᠥᠨᠳᠡᠯᠡᠨ ᠪᠢᠴᠢᠭᠡᠰᠦ ᠶᠢ ᠡᠯᠭᠦᠬᠦ᠂ ᠵᠠᠮ ᠬᠠᠷᠢᠯᠴᠠᠭᠠᠨ ᠤ ᠠᠮᠤᠷ ᠲᠦᠪᠰᠢᠨ ᠤ ᠥᠩᠭᠡᠲᠦ ᠬᠠᠭᠤᠳᠠᠰᠤ᠂ ᠵᠠᠮ ᠬᠠᠷᠢᠯᠴᠠᠭᠠᠨ ᠤ ᠠᠮᠤᠷ ᠲᠦᠪᠰᠢᠨ ᠤ ᠤᠬᠠᠭᠤᠯᠭ᠎ᠠ ᠶᠢᠨ ᠮᠠᠲ᠋ᠧᠷᠢᠶᠠᠯ᠂ ᠨᠢᠭᠤᠷᠲᠠᠨ ᠲᠠᠶᠢᠯᠪᠤᠷᠢᠯᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠣᠯᠠᠨ ᠲᠦᠮᠡᠨ ᠳᠤ ᠠᠷᠢᠬᠢ ᠤᠤᠭᠤᠭᠰᠠᠨ ᠤ ᠳᠠᠷᠠᠭ᠎ᠠ ᠲᠡᠷᠭᠡ ᠵᠢᠯᠤᠭᠤᠳᠬᠤ᠂ ᠬᠠᠤᠯᠢ ᠠᠴᠠ ᠵᠥᠷᠢᠴᠡᠨ ᠬᠥᠮᠥᠨ ᠠᠴᠢᠬᠤ᠂ ᠮᠣᠲ᠋ᠣᠷ ᠤᠨᠤᠭᠠᠳ ᠠᠮᠤᠷ ᠲᠦᠪᠰᠢᠨ ᠤ ᠳᠤᠭᠤᠯᠠᠭ᠎ᠠ ᠵᠡᠭᠦᠬᠦ ᠦᠭᠡᠢ ᠵᠡᠷᠭᠡ ᠦᠶᠯᠡ ᠠᠵᠢᠯᠯᠠᠭ᠎ᠠ ᠶᠢᠨ ᠬᠤᠣᠷ ᠬᠥᠨᠥᠭᠡᠯᠳᠦ ᠴᠢᠨᠠᠷ ᠢ ᠲᠠᠶᠢᠯᠪᠤᠷᠢᠯᠠᠨ ᠥᠭᠴᠦ᠂ ᠵᠠᠮ ᠬᠠᠷᠢᠯᠴᠠᠭᠠᠨ ᠤ ᠠᠮᠤᠷ ᠲᠦᠪᠰᠢᠨ ᠤ ᠮᠡᠳᠡᠯᠭᠡ ᠶᠢ ᠲᠦᠭᠡᠮᠡᠯᠵᠢᠭᠦᠯᠦᠨ᠂ ᠵᠠᠮ ᠬᠠᠷᠢᠯᠴᠠᠭᠠᠨ ᠤ ᠠᠮᠤᠷ ᠲᠦᠪᠰᠢᠨ ᠤ ᠤᠬᠠᠭᠤᠯᠭ᠎ᠠ ᠶᠢᠨ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠵᠤ᠂ ᠣᠯᠠᠨ ᠲᠦᠮᠡᠨ ᠤ ︽ᠠᠮᠢ ᠨᠠᠰᠤ ᠪᠠᠨ ᠬᠠᠶᠢᠷᠠᠯᠠᠵᠤ᠂ ᠳᠦᠷᠢᠮ ᠠᠴᠠ ᠵᠥᠷᠢᠴᠡᠬᠦ ᠶᠢ ᠲᠡᠪᠴᠢᠬᠦ︾ ᠦᠵᠡᠯ ᠤᠬᠠᠮᠰᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃ ᠡᠭᠦᠨ ᠤ ᠵᠡᠷᠭᠡ ᠳᠤ᠂ ᠠᠷᠠᠳ ᠤᠨ ᠴᠠᠭᠳᠠᠭ᠎ᠠ ᠪᠠᠰᠠ ᠪᠣᠳᠠᠲᠠᠢ ᠬᠡᠷᠡᠭ ᠤᠨ ᠵᠢᠱᠢᠶ᠎ᠡ ᠲᠠᠢ ᠤᠶᠠᠯᠳᠤᠭᠤᠯᠤᠨ ᠮᠠᠭᠤ ᠴᠠᠭ ᠠᠭᠤᠷ ᠤᠨ ᠳᠣᠣᠷ᠎ᠠ ᠠᠮᠤᠷ ᠲᠦᠪᠰᠢᠨ ᠢᠶᠠᠷ ᠲᠡᠷᠭᠡ ᠵᠢᠯᠤᠭᠤᠳᠬᠤ ᠶᠡᠷᠦ ᠶᠢᠨ ᠮᠡᠳᠡᠯᠭᠡ ᠪᠠ ᠴᠠᠭᠠᠨ ᠰᠠᠷ᠎ᠠ ᠶᠢᠨ ᠵᠥᠭᠡᠭᠡᠪᠦᠷᠢ ᠶᠢᠨ ᠠᠶᠠᠯᠠᠯ ᠳᠤ ᠠᠩᠬᠠᠷᠬᠤ ᠵᠦᠢᠯᠡᠰ ᠢ ᠲᠠᠶᠢᠯᠪᠤᠷᠢᠯᠠᠵᠤ᠂ ᠣᠯᠠᠨ ᠢᠶᠠᠷ ᠢᠶᠠᠨ ᠶᠠᠮᠠᠷᠪᠠ ᠦᠶ᠎ᠡ ᠳᠤ ᠴᠥᠮ ᠵᠠᠮ ᠬᠠᠷᠢᠯᠴᠠᠭᠠᠨ ᠤ ᠬᠠᠤᠯᠢ ᠴᠠᠭᠠᠵᠠ ᠬᠠᠤᠯᠢ ᠲᠣᠭᠲᠠᠭᠠᠯ ᠢ ᠵᠢᠷᠤᠮᠯᠠᠨ ᠰᠠᠬᠢᠵᠤ᠂ ᠠᠮᠤᠷ ᠲᠦᠪᠰᠢᠨ᠂ ᠡᠶ᠎ᠡ ᠵᠣᠬᠢᠴᠠᠯ ᠲᠠᠢ ᠴᠠᠭᠠᠨ ᠰᠠᠷ᠎ᠠ ᠶᠢᠨ ᠵᠥᠭᠡᠭᠡᠪᠦᠷᠢ ᠶᠢᠨ ᠠᠶᠠᠯᠠᠯ ᠤᠨ ᠣᠷᠴᠢᠨ ᠨᠥᠬᠦᠴᠡᠯ ᠢ ᠬᠠᠮᠳᠤᠪᠠᠷ ᠪᠣᠶ ᠪᠣᠯᠭᠠᠬᠤ ᠶᠢ ᠰᠠᠨᠠᠭᠠᠴᠢᠯᠠᠪᠠ᠃
 ᠴᠠᠭᠠᠨ ᠰᠠᠷ᠎ᠠ ᠶᠢᠨ ᠵᠥᠭᠡᠭᠡᠪᠦᠷᠢ ᠶᠢᠨ ᠠᠵᠢᠯ ᠲᠦᠭ ᠲᠦᠮᠡᠨ ᠠᠶᠢᠯ ᠡᠷᠦᠬᠡ ᠶᠢᠨ ᠵᠣᠯ ᠵᠢᠷᠭᠠᠯ᠂ ᠨᠡᠶᠢᠭᠡᠮ ᠤᠨ ᠡᠶ᠎ᠡ ᠵᠣᠬᠢᠴᠠᠯ ᠪᠣᠯᠣᠨ ᠲᠣᠭᠲᠠᠭᠤᠨ ᠪᠠᠶᠢᠳᠠᠯ ᠳᠤ ᠬᠤᠯᠪᠣᠭᠳᠠᠵᠤ ᠪᠠᠶᠢᠨ᠎ᠠ᠃ ᠹᠧᠩᠵᠧᠨ ᠬᠤᠲᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ ᠶᠢᠨ ᠬᠢᠨ ᠳᠡᠭᠡᠳᠦ ᠱᠠᠲᠤᠨ ᠤ ᠰᠠᠯᠠᠭ᠎ᠠ ᠮᠥᠴᠢᠷ ᠤᠨ ᠤᠳᠤᠷᠢᠳᠤᠯᠭ᠎ᠠ ᠳᠣᠣᠷ᠎ᠠ᠂ ᠳᠡᠭᠡᠳᠦ ᠬᠡᠮᠵᠢᠶᠡᠨ ᠤ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠪᠠᠷ 2025 ᠣᠨ ᠤ ᠴᠠᠭᠠᠨ ᠰᠠᠷ᠎ᠠ ᠶᠢᠨ ᠵᠥᠭᠡᠭᠡᠪᠦᠷᠢ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠣᠯᠠᠨ ᠲᠦᠮᠡᠨ ᠤ ᠴᠠᠭᠠᠨ ᠰᠠᠷ᠎ᠠ ᠪᠠᠨ ᠪᠠᠶᠠᠷ ᠬᠥᠷ ᠲᠠᠢ ᠥᠩᠭᠡᠷᠡᠭᠦᠯᠬᠦ ᠳᠤ ᠠᠮᠤᠷ ᠲᠦᠪᠰᠢᠨ᠂ ᠰᠠᠭᠠᠳ ᠦᠭᠡᠢ᠂ ᠡᠶ᠎ᠡ ᠵᠣᠬᠢᠴᠠᠯ ᠲᠠᠢ ᠵᠠᠮ ᠬᠠᠷᠢᠯᠴᠠᠭᠠᠨ ᠤ ᠣᠷᠴᠢᠨ ᠨᠥᠬᠦᠴᠡᠯ ᠢ ᠪᠣᠶ ᠪᠣᠯᠭᠠᠵᠤ ᠥᠭᠭᠦᠨ᠎ᠡ᠃          ᠤᠷᠴᠢᠭᠤᠯᠤᠭᠴᠢ᠄ ᠬᠠᠨ ᠰᠢᠶᠤᠤ ᠿᠦᠩ          ᠬᠢᠨᠠᠭᠴᠢ᠄ ᠼᠦᠢ ᠶᠢᠩ
 
ᠢᠷᠡᠯᠲᠡ᠄ ᠠᠮᠢᠵᠢᠷᠠᠯ ᠪᠢᠯᠬᠠᠭᠰᠠᠨ ᠹᠧᠩᠵᠧᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000072号-3