ᠹᠧᠩᠵᠧᠨ ᠬᠤᠲᠠ ᠶᠢᠨ ᠨᠠᠢᠮᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠦᠷᠪᠡᠳᠦᠭᠡᠷ ᠤᠳᠠᠭᠠᠨ ᠤ ᠬᠤᠷᠠᠯᠳᠤᠭᠠᠨ ᠬᠤᠷᠠᠯᠳᠤᠪᠠ
ᠨᠡᠶᠢᠲᠡᠯᠡᠭᠰᠡᠨ ᠴᠠᠭ᠄
2025/1/25
   1 ᠰᠠᠷ᠎ᠠ ᠶᠢᠨ 22 ᠤᠨ ᠡᠳᠦᠷ᠂ ᠹᠧᠩᠵᠧᠨ ᠬᠤᠲᠠ ᠶᠢᠨ ᠨᠠᠢᠮᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠦᠷᠪᠡᠳᠦᠭᠡᠷ ᠤᠳᠠᠭᠠᠨ ᠤ ᠬᠤᠷᠠᠯᠳᠤᠭᠠᠨ ᠬᠤᠷᠠᠯᠳᠤᠪᠠ᠃
   ᠹᠧᠩᠵᠧᠨ ᠬᠤᠲᠠ ᠶᠢᠨ ᠨᠠᠢᠮᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠤᠳᠠᠭᠠᠨ ᠬᠤᠷᠠᠯᠳᠤᠭᠠᠨ ᠳᠤ ᠣᠷᠣᠯᠴᠠᠬᠤ ᠶᠣᠰᠣᠲᠠᠢ ᠲᠥᠯᠥᠭᠡᠯᠡᠭᠴᠢ 197 ᠬᠥᠮᠥᠨ᠂ ᠲᠣᠰ ᠤᠳᠠᠭᠠᠨ ᠤ ᠬᠤᠷᠠᠯᠳᠤᠭᠠᠨ ᠳᠤ ᠣᠷᠣᠯᠴᠠᠭᠰᠠᠨ ᠲᠥᠯᠥᠭᠡᠯᠡᠭᠴᠢ 169 ᠬᠥᠮᠥᠨ ᠪᠠᠶᠢᠵᠤ᠂ ᠬᠠᠤᠯᠢ ᠳᠤ ᠲᠣᠭᠲᠠᠭᠠᠭᠰᠠᠨ ᠬᠥᠮᠥᠨ ᠤ ᠲᠤᠭ᠎ᠠ ᠳᠤ ᠨᠡᠶᠢᠴᠡᠨ᠎ᠡ᠃
   ᠶᠡᠭᠡ ᠬᠤᠷᠠᠯ ᠤᠨ ᠭᠦᠢᠴᠡᠳᠬᠡᠬᠦ ᠲᠡᠷᠢᠭᠦᠯᠡᠭᠴᠢ ᠳᠤ᠄ ᠯᠢ ᠶᠢᠩ᠂ ᠵᠠᠩ ᠬᠤᠩ᠂ ᠯᠢ ᠱᠦ ᠸᠧᠢ᠂ ᠵᠠᠩ ᠵᠢᠶᠦ᠋ᠨ᠂ ᠸᠠᠩ ᠯᠠᠢ ᠱᠤᠸᠠᠨ᠂ ᠸᠠᠩ ᠢᠦᠢ ᠴᠧᠩ᠂ ᠯᠢ ᠱᠦᠨ ᠢ᠂ ᠿᠦ ᠷᠦᠢ ᠬᠤᠩ᠂ ᠴᠧᠩ ᡁᠢ ᠢᠦᠢ ᠵᠡᠷᠭᠡ ᠪᠤᠢ᠃
   ᠲᠤᠰ ᠤᠳᠠᠭᠠᠨ ᠤ ᠪᠥᠬᠦᠳᠡ ᠬᠤᠷᠠᠯᠳᠤᠭᠠᠨ ᠳᠤ ᠰᠤᠯᠠ ᠣᠷᠣᠯᠴᠠᠭᠰᠠᠳ ᠲᠤ ᠬᠠᠤᠯᠢ ᠪᠠᠷ ᠲᠣᠭᠲᠠᠭᠠᠭᠰᠠᠨ ᠰᠤᠯᠠ ᠣᠷᠣᠯᠴᠠᠭᠰᠠᠳ ᠠᠴᠠ ᠭᠠᠳᠠᠨ᠎ᠠ ᠪᠠᠰᠠ ᠬᠤᠳᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠠᠴᠠ ᠲᠣᠭᠲᠠᠭᠠᠭᠰᠠᠨ ᠣᠨᠴᠠ ᠤᠷᠢᠭᠰᠠᠨ ᠬᠥᠮᠥᠰ᠂ ᠰᠤᠯᠠ ᠣᠷᠣᠯᠴᠠᠭᠰᠠᠳ᠂ ᠤᠯᠤᠰ ᠲᠦᠷᠦ ᠶᠢᠨ ᠵᠥᠪᠯᠡᠯᠭᠡᠨ ᠤ ᠨᠠᠢᠮᠠᠳᠤᠭᠠᠷ ᠬᠤᠭᠤᠴᠠᠭᠠᠨ ᠤ ᠹᠸᠡᠭᠵᠧᠨ ᠬᠤᠳᠠ ᠶᠢᠨ ᠬᠤᠷᠢᠶᠠᠨ ᠤ ᠳᠥᠷᠪᠡᠳᠦᠭᠡᠷ ᠤᠳᠠᠭᠠᠨ ᠤ ᠬᠤᠷᠠᠯᠳᠤᠭᠠᠨ ᠳᠤ ᠣᠷᠣᠯᠴᠠᠭᠰᠠᠨ ᠪᠦᠬᠦ ᠭᠡᠰᠢᠭᠦᠳ ᠪᠠᠶᠢᠨ᠎ᠠ᠃ ᠵᠠᠩ ᠬᠤᠩ ᠬᠤᠷᠠᠯ ᠢ ᠡᠷᠬᠢᠯᠡᠪᠡ᠃
   ᠬᠤᠷᠠᠯ ᠳᠡᠭᠡᠷ᠎ᠡ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠣᠷᠣᠯᠠᠭᠴᠢ ᠬᠤᠲᠠ ᠶᠢᠨ ᠳᠠᠷᠤᠭ᠎ᠠ ᠯᠢ ᠱᠦ ᠸᠧᠢ ᠶᠡᠭᠡ ᠬᠤᠷᠠᠯ ᠳᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠬᠢᠪᠡ᠃ 2024 ᠣᠨ ᠤ ᠡᠯ᠎ᠡ ᠵᠦᠢᠯ ᠤᠨ ᠠᠵᠢᠯ ᠢ ᠳ᠋ᠦᠩᠨᠡᠵᠦ᠂ 2025 ᠣᠨ ᠤ ᠭᠤᠣᠯᠳᠠᠯᠭ᠎ᠠ ᠲᠠᠢ ᠡᠭᠦᠷᠭᠡ ᠶᠢ ᠲᠤᠬᠢᠷᠠᠭᠤᠯᠪᠠ᠃    ᠯᠢ ᠱᠦ ᠸᠧᠢ᠄ 2024 ᠣᠨ ᠳᠤ᠂ ᠪᠢᠳᠡ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠥᠭᠭᠦᠭᠰᠡᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠠᠵᠢᠯ ᠤᠨ ᠭᠤᠣᠯ ᠰᠢᠵᠢᠮ ᠢ ᠪᠠᠲᠤ ᠪᠠᠬᠢ ᠪᠤᠢ ᠪᠣᠯᠭᠠᠵᠤ᠂ ᠬᠤᠶᠠᠷ ᠶᠡᠭᠡ ᠶᠠᠪᠤᠳᠠᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ︽ᠵᠢᠷᠭᠤᠭᠠᠨ ᠢᠨᠵᠧᠨᠧᠷᠢᠩ︾ ᠢ ᠯᠠᠪᠳᠠᠭᠤᠨ ᠪᠠᠲᠤᠲᠠᠢ ᠠᠬᠢᠭᠤᠯᠵᠤ᠂ ᠪᠣᠳᠠᠲᠠᠢ ᠠᠵᠢᠯᠯᠠᠬᠤ ᠪᠠᠷ ᠠᠵᠠ ᠲᠣᠬᠢᠶᠠᠯ ᠢ ᠠᠮᠵᠢᠵᠤ᠂ ᠬᠠᠷᠢᠭᠤᠴᠠᠯᠭ᠎ᠠ ᠡᠭᠦᠷᠭᠡᠯᠡᠬᠦ ᠪᠠᠷ ᠭᠤᠶᠢᠳᠠ ᠰᠠᠶᠢᠬᠠᠨ ᠢ ᠪᠢᠴᠢᠭᠯᠡᠵᠦ᠂ ᠡᠯ᠎ᠡ ᠵᠦᠢᠯ ᠤᠨ ᠠᠵᠤ ᠠᠬᠤᠢ ᠶᠢᠨ ᠭᠦᠢᠴᠡᠳᠬᠡᠯ ᠲᠤᠭ᠎ᠠ ᠶᠢ ᠲᠣᠭᠲᠠᠭᠤᠨ ᠤ ᠳᠤᠮᠳᠠ ᠳᠡᠭᠡᠭᠰᠢᠯᠡᠭᠦᠯᠵᠦ᠂ ᠴᠢᠨᠠᠷ ᠰᠠᠶᠢᠲᠠᠢ ᠬᠥᠭᠵᠢᠯᠲᠡ ᠶᠢᠨ ᠦᠨ᠎ᠡ ᠴᠠᠨ᠎ᠠ ᠨᠡᠩ ᠥᠨᠳᠥᠷ᠂ ᠬᠥᠳᠡᠯᠭᠡᠬᠦ ᠬᠦᠴᠦᠨ ᠨᠡᠩ ᠴᠢᠩᠭ᠎ᠠ ᠪᠣᠯᠵᠠᠢ᠃ ᠲᠠᠪᠤᠨ ᠶᠡᠭᠡ ᠡᠭᠦᠷᠭᠡ ᠨᠢ ︽ᠹᠧᠩᠵᠧᠨ ᠤ ᠡᠭᠦᠷᠭᠡᠯᠡᠯ︾ ᠢ ᠬᠠᠷᠠᠭᠤᠯᠵᠤ᠂ 123 ᠵᠦᠢᠯ ᠤᠨ ᠣᠨ ᠤ ᠡᠭᠦᠷᠭᠡ  ᠨᠢ ᠤᠯᠠᠭᠠᠨᠴᠠᠪ ᠬᠤᠲᠠ ᠶᠢᠨ ᠳᠤᠮᠳᠠᠴᠢ ᠴᠠᠭ ᠤᠨ ᠳᠠᠷᠠᠭᠠᠯᠠᠯ ᠠᠴᠠ ᠳᠠᠪᠠᠵᠤ ᠤᠷᠢᠳᠴᠢᠯᠠᠨ ᠪᠡᠶᠡᠯᠡᠭᠳᠡᠪᠡ︔ ᠵᠢᠷᠭᠤᠭᠠᠨ ᠢᠨᠵᠧᠨᠧᠷᠢᠩ ᠨᠢ ︽ᠹᠧᠩᠵᠧᠨ ᠤ ᠦᠢᠯᠡ ᠠᠵᠢᠯᠯᠠᠭ᠎ᠠ︾ ᠶᠢ ᠳᠡᠯᠭᠡᠨ ᠦᠵᠡᠭᠦᠯᠵᠦ᠂ 396 ᠵᠦᠢᠯ ᠤᠨ ᠪᠣᠳᠠᠲᠠᠢ ᠠᠷᠭ᠎ᠠ ᠬᠡᠮᠵᠢᠶ᠎ᠡ ᠶᠢ ᠡᠮᠬᠢᠯᠡᠨ ᠨᠠᠷᠢᠯᠢᠭᠵᠢᠭᠤᠯᠵᠤ᠂ 290 ᠵᠦᠢᠯ ᠤᠨ ᠠᠬᠢᠴᠠ ᠶᠢ ᠲᠡᠰ ᠳᠠᠷᠠᠭᠠᠯᠠᠯ ᠤᠨ ᠠᠬᠢᠴᠠ ᠪᠠᠷ ᠪᠡᠶᠡᠯᠡᠭᠦᠯᠵᠦ᠂ᠶᠡᠷᠦᠩᠬᠡᠢ ᠬᠡᠮᠵᠢᠶ᠎ᠡ ᠶᠢᠨ 73% ᠢ ᠪᠡᠶᠡᠯᠡᠭᠦᠯᠵᠡᠢ᠃ ᠨᠢᠭᠡ ᠵᠢᠯ ᠤᠨ ᠲᠤᠷᠰᠢ᠂ ᠪᠢᠳᠡ ᠪᠡᠯᠡ ᠣᠷᠣᠭᠤᠯᠤᠯᠲᠠ ᠶᠢ ᠠᠳᠬᠤᠵᠤ᠂ ᠭᠤᠣᠯ ᠴᠣᠭᠴᠠ ᠶᠢ ᠲᠣᠭᠲᠠᠪᠤᠷᠢᠵᠢᠭᠤᠯᠵᠤ᠂ ᠬᠥᠭᠵᠢᠯᠲᠡ ᠶᠢᠨ ᠰᠡᠯᠭᠦᠬᠦ ᠬᠦᠴᠦᠨ ᠥᠷᠨᠢᠭᠦᠨ ᠪᠠᠳᠠᠷᠠᠩᠭᠤᠢ ᠬᠦᠴᠦᠨ ᠲᠠᠢ ᠪᠣᠯᠪᠠ︔ ᠶᠠᠰᠤ ᠴᠢᠨᠠᠷ ᠦᠷ᠎ᠡ ᠠᠰᠢᠭ ᠢ ᠠᠳᠬᠤᠵᠤ᠂ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠵᠤ᠂ ᠠᠵᠤ ᠦᠢᠯᠡᠰ ᠤᠨ ᠲᠠᠰ ᠳᠡᠪᠰᠢᠬᠦ ᠠᠯᠬᠤᠴᠠ ᠶᠢ ᠲᠦᠷᠭᠡᠳᠬᠡᠪᠡ︔ ᠵᠠᠰᠠᠯᠲᠠ ᠶᠢ ᠠᠳᠬᠤᠵᠤ᠂ ᠬᠠᠮᠠᠭᠠᠯᠠᠯᠲᠠ ᠶᠢ ᠴᠢᠬᠤᠯᠠᠴᠢᠯᠠᠭᠰᠠᠨ ᠢᠶᠠᠷ ᠪᠣᠬᠢᠷᠲᠤᠯ ᠦᠭᠡᠢ ᠬᠥᠭᠵᠢᠯᠲᠡ ᠢᠯᠡᠳᠲᠡ ᠦᠷ᠎ᠡ ᠪᠦᠲᠦᠮᠵᠢ ᠣᠯᠪᠠ︔ ᠵᠣᠬᠢᠴᠠᠭᠤᠯᠬᠤ ᠶᠢ ᠠᠳᠬᠤᠵᠤ᠂ ᠳᠤᠲᠠᠭᠳᠠᠯ ᠢ ᠨᠥᠬᠦᠪᠦᠷᠢᠯᠡᠵᠦ᠂ ᠬᠤᠳᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢ ᠲᠡᠩᠴᠡᠭᠦᠷᠢᠲᠡᠢ  ᠬᠦᠭᠵᠢᠭᠦᠯᠪᠡ︔ ᠥᠭᠡᠷᠡᠴᠢᠯᠡᠯᠲᠡ ᠶᠢ ᠠᠳᠬᠤᠵᠤ᠂ ᠰᠢᠪᠲᠤᠯᠤᠯᠲᠠ ᠶᠢ ᠡᠷᠢᠯᠬᠢᠯᠡᠵᠦ᠂ ᠬᠥᠭᠵᠢᠯᠲᠡ ᠶᠢᠨ ᠠᠮᠢᠵᠢᠷᠠᠯ ᠤᠨ ᠬᠦᠴᠦᠨ ᠢ ᠥᠷᠢᠰᠦᠯᠳᠦᠭᠦᠯᠦᠨ ᠪᠠᠳᠠᠷᠠᠭᠤᠯᠪᠠ︔ ᠠᠷᠠᠳ ᠤᠨ ᠠᠮᠢᠳᠤᠷᠠᠯ ᠢ ᠠᠳᠬᠤᠵᠤ᠂ ᠪᠣᠳᠠᠲᠠᠢ ᠶᠠᠪᠤᠳᠠᠯ ᠬᠢᠵᠦ᠂ ᠵᠣᠯ ᠵᠢᠷᠭᠠᠯ ᠤᠨ ᠵᠢᠭᠠᠯᠲᠠ ᠲᠤᠭ᠎ᠠ ᠲᠣᠭᠲᠠᠭᠤᠨ ᠢᠶᠠᠷ ᠳᠡᠭᠡᠭᠰᠢᠯᠡᠪᠡ︔ ᠨᠠᠶᠢᠳᠠᠪᠤᠷᠢᠵᠢᠭᠤᠯᠤᠯᠲᠠ ᠶᠢ ᠠᠳᠬᠤᠨ᠂ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠵᠠᠰᠠᠭ ᠤᠨ ᠣᠷᠳᠣᠨ ᠤ ᠪᠠᠶᠢᠭᠤᠯᠤᠯᠲᠠ ᠶᠢ ᠲᠠᠰᠤᠷᠠᠯᠳᠠ ᠦᠭᠡᠢ ᠴᠢᠩᠭᠠᠳᠬᠠᠪᠠ᠃ ᠡᠯ᠎ᠡ ᠵᠦᠢᠯ ᠤᠨ ᠠᠵᠢᠯ ᠬᠢᠯᠪᠡᠷ ᠪᠤᠰᠤ ᠪᠠᠷ ᠣᠯᠣᠭᠰᠠᠨ ᠠᠮᠵᠢᠯᠲᠠ ᠪᠦᠲᠦᠮᠵᠢ ᠣᠯᠪᠠ᠃ ᠠᠮᠵᠢᠯᠲᠠ ᠪᠦᠲᠦᠮᠵᠢ ᠣᠯᠣᠭᠰᠠᠨ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠰᠢᠨᠵᠢᠯᠡᠬᠦ ᠤᠬᠠᠭᠠᠨᠴᠢ ᠵᠢᠯᠣᠭᠤᠳᠤᠯᠭ᠎ᠠ ᠶᠢᠨ ᠦᠷ᠎ᠡ ᠳ᠋ᠦᠩ ᠮᠥᠨ᠂ ᠳᠡᠭᠡᠳᠦ ᠱᠠᠲᠤᠨ ᠤ ᠨᠠᠮ ᠤᠨ ᠬᠤᠷᠢᠶ᠎ᠠ ᠪᠤᠯᠤᠨ ᠵᠠᠰᠠᠭ ᠤᠨ ᠣᠷᠳᠣᠨ᠂ ᠬᠤᠳᠠ ᠶᠢᠨ ᠨᠠᠮ ᠤᠨ ᠬᠤᠷᠢᠶ᠎ᠠ ᠶᠢᠨ ᠵᠥᠪ ᠤᠳᠤᠷᠢᠳᠤᠯᠭ᠎ᠠ ᠶᠢᠨ ᠦᠷ᠎ᠡ ᠳ᠋ᠦᠩ ᠮᠥᠨ᠂ ᠬᠤᠳᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠦᠷᠦ ᠶᠢᠨ ᠵᠥᠪᠯᠡᠯᠭᠡᠨ ᠤ ᠬᠦᠴᠦᠲᠡᠢ ᠳᠡᠮᠵᠢᠯᠭᠡ ᠶᠢᠨ ᠦᠷ᠎ᠡ ᠳ᠋ᠦᠩ ᠮᠥᠨ᠂ ᠪᠠᠰᠠᠴᠦ ᠪᠦᠬᠦ ᠬᠤᠳᠠ ᠶᠢᠨ ᠡᠯ᠎ᠡ ᠱᠠᠲᠤᠨ ᠤ ᠨᠠᠮ ᠤᠨ ᠭᠡᠰᠢᠭᠦᠨ ᠺᠠᠳ᠋ᠷ ᠪᠣᠯᠣᠨ ᠦᠨᠳᠦᠰᠦᠲᠡᠨ ᠨᠦᠭᠦᠳ ᠤᠨ ᠤᠯᠠᠨ ᠲᠦᠮᠡᠨ ᠬᠦᠴᠦ ᠪᠠᠨ ᠬᠠᠮᠲᠤᠳᠬᠠᠨ ᠪᠣᠭᠤᠮᠲᠠ ᠰᠢᠪᠲᠤᠯᠵᠤ᠂ ᠡᠷᠡᠯᠬᠡᠭᠯᠡᠨ ᠲᠡᠮᠡᠴᠡᠭᠰᠡᠨ ᠤ ᠦᠷ᠎ᠡ ᠳ᠋ᠦᠩ ᠮᠥᠨ ᠭᠡᠪᠡ᠃    ᠯᠢ ᠱᠦ ᠸᠧᠢ᠄ 2025 ᠣᠨ ᠪᠣᠯ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠡᠬᠢᠯᠡᠯᠲᠡ ᠶᠢᠨ ᠵᠢᠯ ᠮᠥᠨ᠂ ᠪᠠᠰᠠᠴᠤ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠦᠪᠵᠢᠭᠦᠯᠭᠡ ᠶᠢᠨ ᠰᠡᠭᠦᠯᠴᠢ ᠶᠢᠨ ᠰᠢᠢᠳᠪᠦᠷᠢᠲᠦ ᠳᠠᠶᠢᠯᠠᠯᠳᠤᠭᠠᠨ᠂ ᠠᠷᠪᠠᠨ ᠲᠠᠪᠤᠳᠤᠭᠠᠷ ᠲᠠᠪᠤᠨ ᠵᠢᠯ ᠤᠨ ᠲᠥᠯᠦᠪᠵᠢᠭᠦᠯᠭᠡ ᠶᠢ ᠲᠥᠯᠥᠪᠵᠢᠭᠦᠯᠦᠨ ᠪᠠᠶᠢᠷᠢᠯᠠᠭᠤᠯᠬᠤ ᠵᠠᠩᠭᠢᠯᠠᠭ᠎ᠠ ᠶᠢᠨ ᠵᠢᠯ ᠮᠥᠨ᠃ ᠲᠠᠪᠤᠨ ᠵᠢᠯ ᠤᠨ ᠲᠥᠯᠦᠪᠵᠢᠭᠦᠯᠭᠡ ᠶᠢᠨ ᠤᠷᠢᠳᠤᠬᠢ ᠶᠢ ᠵᠠᠯᠭᠠᠮᠵᠢᠯᠠᠨ ᠬᠤᠶᠢᠰᠢᠬᠢ ᠶᠢ ᠰᠡᠩᠬᠡᠷᠡᠭᠦᠯᠬᠦ ᠰᠢᠯᠵᠢᠯᠲᠡ ᠶᠢᠨ ᠬᠤᠭᠤᠴᠠᠭᠠᠨ ᠳᠤ ᠣᠷᠣᠰᠢᠵᠤ ᠪᠠᠶᠢᠭ᠎ᠠ ᠪᠣᠯᠬᠤᠷ ᠲᠦᠷᠦ ᠶᠢᠨ ᠪᠣᠳᠣᠯᠭ᠎ᠠ ᠶᠢᠨ ᠠᠰᠢᠭ ᠢ ᠨᠢᠭᠲᠠᠷᠠᠭᠤᠯᠤᠨ ᠪᠠᠳᠠᠷᠠᠭᠤᠯᠵᠤ᠂ ᠬᠥᠳᠡᠯᠭᠡᠬᠦ ᠡᠨᠧᠷᠭᠢ ᠶᠢᠨ ᠳᠠᠪᠠᠭᠤᠯᠢᠭ ᠢ ᠲᠦᠷᠭᠡᠨ ᠬᠤᠷᠠᠮᠳᠤᠭᠤᠯᠬᠤ ᠳᠤ ᠪᠦᠬᠦ ᠵᠢᠯ ᠤᠨ ᠡᠯ᠎ᠡ ᠵᠦᠢᠯ ᠤᠨ ᠠᠵᠢᠯ ᠢ ᠰᠠᠶᠢᠲᠤᠷ ᠬᠢᠬᠦ ᠨᠢ ᠲᠤᠶᠢᠯ ᠤᠨ ᠴᠢᠬᠤᠯᠠ ᠶᠤᠮ᠃ ᠬᠤᠲᠠ ᠶᠢᠨ ᠨᠠᠮ ᠤᠨ ᠬᠤᠷᠢᠶᠠᠨ ᠤ ᠪᠠᠶᠢᠷᠢᠯᠠᠭᠤᠯᠤᠯᠲᠠ ᠶᠣᠰᠣᠭᠠᠷ᠂ ᠡᠨᠡ ᠵᠢᠯ ᠤᠨ ᠵᠠᠰᠠᠭ ᠤᠨ ᠣᠷᠳᠣᠨ ᠤ ᠠᠵᠢᠯ ᠤᠨ ᠶᠡᠷᠦᠩᠬᠡᠢ ᠱᠠᠭᠠᠷᠳᠠᠯᠭ᠎ᠠ ᠪᠣᠯ᠄ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠥᠭᠭᠦᠭᠰᠡᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠤᠯᠠᠭᠠᠨᠴᠠᠪ ᠬᠤᠲᠠ ᠶᠢᠨ ᠨᠠᠮ ᠤᠨ ᠬᠤᠷᠢᠶ᠎ᠠ ᠶᠢᠨ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠨᠠᠮ ᠤᠨ ᠪᠠᠶᠢᠭᠤᠯᠤᠯᠲᠠ ᠪᠠᠷ ᠵᠢᠯᠣᠭᠤᠳᠤᠯᠭ᠎ᠠ ᠪᠣᠯᠭᠠᠵᠤ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠥᠬᠦ ᠲᠠᠯ᠎ᠠ ᠪᠠᠷ ᠭᠦᠨᠵᠡᠭᠡᠶᠢᠷᠡᠭᠦᠯᠦᠨ᠂ ᠠᠵᠤ ᠦᠢᠯᠡᠰ ᠤᠨ ᠪᠦᠲᠦᠴᠡ ᠶᠢ ᠲᠣᠬᠢᠷᠠᠭᠤᠯᠤᠨ ᠰᠢᠯᠢᠳᠡᠭᠵᠢᠭᠦᠯᠵᠦ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠶᠢᠨ ᠬᠠᠷᠠᠯᠲᠠ ᠡᠭᠦᠷᠭᠡ ᠶᠢ ᠴᠢᠨᠠᠷ ᠰᠠᠶᠢᠲᠠᠢ ᠪᠡᠶᠡᠯᠡᠭᠦᠯᠵᠦ᠂ ︽ᠠᠷᠪᠠᠨ ᠲᠠᠪᠤᠳᠤᠭᠠᠷ ᠲᠠᠪᠤᠨ ᠵᠢᠯ︾ ᠤᠨ ᠰᠠᠶᠢᠨ ᠰᠠᠶᠢᠬᠠᠨ ᠡᠬᠢᠯᠡᠯᠲᠡ ᠶᠢ ᠪᠡᠶᠡᠯᠡᠭᠦᠯᠬᠦ ᠳᠤ ᠪᠠᠲᠤ ᠰᠠᠭᠤᠷᠢ ᠲᠠᠯᠪᠢᠨ᠎ᠠ ᠭᠡᠪᠡ᠃    ᠯᠢ ᠱᠦ ᠸᠧᠢ᠄ 2025 ᠣᠨ ᠤ ᠵᠢᠱᠢᠭᠰᠡᠨ ᠬᠠᠷᠠᠯᠲᠠ ᠶᠢ ᠪᠡᠶᠡᠯᠡᠭᠦᠯᠬᠦ ᠳᠤ᠂ ᠪᠢᠳᠡ ᠴᠢᠨᠠᠷ ᠰᠠᠶᠢᠲᠠᠢ ᠬᠥᠭᠵᠢᠯᠲᠡ ᠶᠢ ᠰᠢᠨ᠎ᠡ ᠴᠠᠭ ᠦᠶ᠎ᠡ ᠶᠢᠨ ᠬᠠᠲᠠᠭᠤ ᠶᠣᠰᠣ ᠪᠣᠯᠭᠠᠬᠤ ᠶᠢ ᠪᠠᠷᠢᠮᠲᠠᠯᠠᠵᠤ᠂ ︽ᠨᠢᠭᠡ ᠬᠠᠷᠠᠯᠲᠠ︾᠂  ︽ᠭᠤᠷᠪᠠᠨ ᠰᠢᠪᠲᠤᠯᠤᠯᠲᠠ︾᠂ ︽ᠲᠠᠪᠤᠨ ᠲᠤᠯᠭᠠᠭᠤᠷᠢᠯᠠᠯ︾ ᠢ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢᠨ ᠭᠤᠣᠯ ᠰᠢᠪᠲᠤᠯᠤᠯᠲᠠ ᠶᠢᠨ ᠴᠢᠭᠯᠡᠯ ᠪᠣᠯᠭᠠᠵᠤ᠂ ᠨᠢᠭᠡ ᠳᠤ᠂ ᠲᠦᠷᠦᠯ ᠵᠦᠢᠯ ᠢ ᠬᠦᠴᠦᠨ ᠢᠶᠠᠨ ᠲᠥᠪᠯᠡᠷᠡᠭᠦᠯᠦᠨ ᠪᠦᠲᠦᠭᠡᠨ ᠪᠠᠶᠢᠭᠤᠯᠵᠤ ᠪᠣᠶᠢᠵᠢᠭᠤᠯᠵᠤ᠂ ᠤᠨᠢᠨ ᠳᠡᠭᠡᠷ᠎ᠡ ᠨᠢ ᠬᠦᠴᠦᠯᠡᠨ ᠲᠦᠷᠦᠯ ᠵᠦᠢᠯ ᠢ ᠰᠦᠪᠡᠭᠴᠢᠯᠡᠵᠦ᠂ ᠪᠦᠬᠦ ᠬᠦᠴᠦᠨ ᠢᠶᠠᠷ ᠢᠶᠠᠨ ᠲᠦᠷᠦᠯ ᠵᠦᠢᠯ ᠢ ᠡᠯᠰᠡᠵᠦ᠂ ᠥᠨᠳᠥᠷ ᠪᠦᠲᠦᠮᠵᠢᠲᠡᠢ ᠪᠠᠷ ᠦᠢᠯᠡᠴᠢᠯᠡᠨ ᠲᠦᠷᠦᠯ ᠵᠦᠢᠯ ᠢ ᠪᠠᠶᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢᠨ ᠰᠡᠯᠭᠦᠬᠦ ᠬᠦᠴᠦᠨ ᠢ ᠴᠢᠩᠭᠠᠳᠬᠠᠬᠤ ᠬᠡᠷᠡᠭᠲᠡᠢ︔ ᠬᠤᠶᠠᠷ ᠲᠤ᠂ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠤᠨ ᠲᠡᠰ ᠳᠡᠪᠰᠢᠭᠦᠯᠬᠦ ᠳᠤ ᠬᠦᠴᠦ ᠪᠠᠨ ᠲᠥᠪᠯᠡᠷᠡᠭᠦᠯᠵᠦ᠂ ᠠᠵᠤ ᠦᠢᠯᠡᠳᠪᠦᠷᠢ ᠶᠢᠨ ᠶᠠᠰᠤ ᠴᠢᠨᠠᠷ ᠢ ᠳᠡᠭᠡᠭᠰᠢᠯᠡᠭᠦᠯᠦᠨ ᠬᠥᠭᠵᠢᠭᠦᠯᠬᠦ ᠶᠢ ᠠᠬᠢᠭᠤᠯᠵᠤ᠂ ᠮᠠᠯ ᠠᠵᠤ ᠠᠬᠤᠢ ᠲᠠᠷᠢᠶᠠᠯᠠᠩ ᠤᠨ ᠬᠡᠯᠬᠢᠶ᠎ᠡ ᠮᠠᠶ᠋ᠢᠭ ᠤᠨ ᠬᠥᠭᠵᠢᠯᠲᠡ ᠶᠢ ᠠᠬᠢᠭᠤᠯᠵᠤ᠂ ᠭᠤᠷᠪᠠᠳᠤᠭᠠᠷ ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ ᠠᠬᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢᠨ ᠲᠤᠯᠭᠠᠭᠤᠷᠢᠯᠠᠯ ᠢ ᠴᠣᠭᠴᠠᠯᠠᠬᠤ ᠬᠡᠷᠡᠭᠲᠡᠢ︔ ᠭᠤᠷᠪᠠ ᠳᠤ᠂ ᠬᠦᠴᠦᠨ ᠢᠶᠠᠨ ᠲᠥᠪᠯᠡᠷᠡᠭᠦᠯᠦᠨ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠪᠣᠭᠤᠮᠲᠠ ᠶᠢ ᠰᠢᠪᠲᠤᠯᠵᠤ᠂ ᠥᠭᠡᠷᠡᠴᠢᠯᠡᠯᠲᠡ ᠬᠥᠭᠵᠢᠯᠲᠡ ᠶᠢ ᠲᠠᠬᠢᠨ ᠭᠦᠨᠵᠡᠭᠡᠶᠢᠷᠡᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠲᠠᠬᠢᠨ ᠬᠦᠴᠦᠯᠡᠵᠦ᠂ ᠡᠵᠡᠩᠨᠡᠯᠲᠡ ᠶᠢᠨ ᠣᠷᠴᠢᠨ ᠲᠣᠭᠤᠷᠢᠨ ᠢ ᠲᠠᠬᠢᠨ ᠰᠢᠯᠢᠳᠡᠭᠵᠢᠭᠦᠯᠵᠦ᠂ ᠬᠠᠮᠲᠤᠷᠠᠯᠴᠠᠭ᠎ᠠ ᠰᠣᠯᠢᠯᠴᠠᠭ᠎ᠠ ᠶᠢ ᠲᠠᠬᠢᠨ ᠥᠷᠭᠡᠳᠬᠡᠵᠦ᠂ ᠴᠢᠨᠠᠷ ᠰᠠᠶᠢᠲᠠᠢ ᠬᠥᠭᠵᠢᠯᠲᠡ ᠶᠢᠨ ᠬᠥᠳᠡᠯᠭᠡᠬᠦ ᠬᠦᠴᠦᠨ ᠢ ᠬᠥᠭᠵᠢᠭᠡᠬᠦ ᠬᠡᠷᠡᠭᠲᠡᠢ︔ ᠳᠥᠷᠪᠡ ᠳᠤ᠂ ᠬᠤᠳᠠ ᠬᠥᠳᠡᠭᠡ ᠶᠢ ᠠᠭᠤᠰᠤᠯᠴᠠᠭᠤᠯᠤᠨ ᠵᠡᠷᠭᠡᠪᠡᠷ ᠤᠷᠤᠭᠰᠢᠯᠠᠭᠤᠯᠬᠤ ᠳᠤ ᠬᠦᠴᠦ ᠪᠠᠨ ᠲᠥᠪᠯᠡᠷᠡᠭᠦᠯᠵᠦ᠂ ᠬᠤᠳᠠ ᠬᠥᠳᠡᠭᠡ ᠶᠢᠨ ᠣᠷᠣᠨ ᠵᠠᠢ ᠶᠢᠨ ᠪᠠᠶᠢᠷᠢᠰᠢᠯ ᠢ ᠰᠢᠯᠢᠳᠡᠭᠵᠢᠭᠦᠯᠵᠦ᠂ ᠬᠤᠳᠠ ᠶᠢᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢ ᠴᠢᠩᠭᠠᠳᠬᠠᠵᠤ᠂ᠡᠶᠡᠯᠳᠡᠭ ᠰᠠᠶᠢᠬᠠᠨ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢᠨ ᠶᠠᠰᠤ ᠴᠢᠨᠠᠷ ᠢ ᠳᠡᠭᠡᠭᠰᠢᠯᠡᠭᠦᠯᠬᠦ ᠬᠡᠷᠡᠭᠲᠡᠢ︔ ᠲᠠᠪᠤ ᠳᠤ᠂ ᠠᠮᠢ ᠠᠬᠤᠢ ᠶᠢᠨ ᠰᠠᠭᠤᠷᠢ ᠶᠢ ᠪᠠᠬᠢᠵᠢᠭᠦᠯᠬᠦ ᠳᠤ ᠬᠦᠴᠦ ᠪᠠᠨ ᠲᠥᠪᠯᠡᠷᠡᠭᠦᠯᠵᠦ᠂ ᠠᠮᠢ ᠠᠬᠤᠢ ᠶᠢᠨ ᠰᠡᠷᠭᠦᠭᠡᠯᠲᠡ ᠶᠢ ᠶᠡᠬᠡᠪᠡᠷ ᠠᠬᠢᠭᠤᠯᠵᠤ᠂ ᠪᠣᠬᠢᠷᠲᠤᠯ ᠢ ᠰᠡᠷᠭᠡᠶᠢᠯᠡᠨ ᠵᠠᠰᠠᠬᠤ ᠶᠢ ᠲᠣᠪᠣᠶᠢᠮ᠎ᠠ ᠰᠠᠶᠢᠲᠤᠷ ᠠᠳᠬᠤᠵᠤ᠂ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠬᠥᠭᠵᠢᠯᠲᠡ ᠶᠢ ᠠᠬᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢᠨ ᠰᠠᠭᠤᠷᠢ ᠥᠩᠭᠡ ᠶᠢ ᠵᠤᠵᠠᠭᠠᠳᠬᠠᠬᠤ ᠬᠡᠷᠡᠭᠲᠡᠢ︔ ᠵᠢᠷᠭᠤᠭ᠎ᠠ ᠳᠤ᠂ ᠠᠷᠠᠳ ᠤᠨ ᠠᠮᠢᠳᠤᠷᠠᠯ ᠤᠨ ᠪᠠᠲᠤᠯᠠᠪᠤᠷᠢ ᠶᠢᠨ ᠪᠣᠳᠠᠲᠤ ᠦᠷ᠎ᠡ ᠪᠦᠲᠦᠮᠵᠢ ᠶᠢ ᠨᠢᠭᠲᠠᠷᠠᠭᠤᠯᠵᠤ᠂ ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ ᠤᠳᠤᠷᠢᠳᠤᠮᠵᠢ ᠶᠢ ᠲᠤᠪᠤᠶᠢᠯᠭᠠᠵᠦ᠂ ᠠᠷᠠᠳ ᠲᠦᠮᠡᠨ ᠳᠤ ᠲᠠᠭᠠᠰᠢᠶᠠᠭᠳᠠᠭᠰᠠᠨ ᠰᠤᠷᠭᠠᠨ ᠬᠥᠮᠦᠵᠢᠯ ᠢ ᠰᠠᠶᠢᠲᠤᠷ ᠡᠷᠬᠢᠯᠡᠵᠦ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠲᠦᠪᠰᠢᠨ ᠢ ᠳᠡᠭᠡᠭᠰᠢᠯᠡᠭᠦᠯᠵᠦ᠂ ᠨᠡᠶᠢᠭᠡᠮ ᠤᠨ ᠪᠠᠲᠤᠯᠠᠪᠤᠷᠢ ᠶᠢᠨ ᠦᠢᠯᠡᠴᠢᠯᠡᠭᠡ ᠶᠢ ᠴᠢᠩᠭᠠᠳᠬᠠᠵᠤ᠂ ᠴᠢᠨᠠᠷ ᠰᠠᠶᠢᠲᠠᠢ ᠬᠥᠭᠵᠢᠯᠲᠡ ᠶᠢᠨ ᠪᠤᠶᠠᠨ ᠵᠢᠷᠭᠠᠯ ᠢ ᠨᠡᠮᠡᠭᠳᠡᠭᠦᠯᠬᠦ ᠬᠡᠷᠡᠭᠲᠡᠢ︔ ᠲᠤᠯᠤᠭ᠎ᠠ ᠳᠤ᠂ ᠠᠶᠤᠯ ᠲᠦᠭᠰᠢᠭᠦᠷᠢ ᠶᠢ ᠰᠡᠷᠭᠡᠶᠢᠯᠡᠨ ᠨᠠᠮᠳᠠᠭᠤᠯᠬᠤ᠂ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ ᠰᠡᠷᠭᠡᠶᠢᠯᠡᠨ ᠨᠠᠮᠳᠠᠭᠤᠯᠬᠤ ᠳᠤ ᠬᠦᠴᠦ ᠪᠠᠨ ᠲᠥᠪᠯᠡᠷᠡᠭᠦᠯᠵᠦ᠂ ᠠᠮᠤᠷ ᠲᠦᠪᠰᠢᠨ ᠬᠥᠭᠵᠢᠯᠲᠡ ᠶᠢᠨ ᠬᠤᠷᠢᠭ᠎ᠠ ᠱᠤᠭᠤᠮ ᠢ ᠪᠠᠲᠤ ᠰᠠᠬᠢᠵᠤ᠂ ᠨᠡᠶᠢᠭᠡᠮ ᠤᠨ ᠵᠠᠰᠠᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠴᠢᠨᠠᠷ ᠰᠠᠶᠢᠲᠠᠢ ᠬᠥᠭᠵᠢᠯᠲᠡ ᠶᠢᠨ ᠬᠠᠯᠬᠠᠪᠴᠢ ᠶᠢ ᠪᠠᠬᠢᠵᠢᠭᠦᠯᠬᠦ ᠬᠡᠷᠡᠭᠲᠡᠢ ᠭᠡᠪᠡ᠃    ᠯᠢ ᠱᠦ ᠸᠧᠢ᠄ ᠵᠠᠰᠠᠭ ᠤᠨ ᠣᠷᠳᠣᠨ ᠤ ᠲᠤᠰ ᠪᠡᠶ᠎ᠡ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠰᠡᠳᠬᠢᠯ ᠰᠠᠨᠠᠭ᠎ᠠ ᠪᠠᠨ ᠨᠢᠭᠲᠠᠷᠠᠭᠤᠯᠤᠨ ᠰᠦᠭ ᠰᠦᠨᠡᠰᠦ ᠶᠢ ᠱᠤᠭᠤᠬᠤ ᠶᠢ ᠴᠥᠬᠦᠷᠡᠰᠢ ᠦᠭᠡᠢ ᠪᠠᠷᠢᠮᠲᠠᠯᠠᠵᠤ᠂ ︽ᠬᠤᠶᠠᠷ ᠢ ᠲᠣᠭᠲᠠᠭᠠᠬᠤ︾ ᠶᠢ ᠦᠨᠡᠨᠴᠢ ᠰᠢᠳᠤᠷᠭᠤ ᠪᠠᠷ ᠬᠠᠮᠠᠭᠠᠯᠠᠵᠤ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠬᠦ ᠬᠡᠷᠡᠭᠲᠡᠢ︔ ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠴᠠᠭᠠᠵᠠ ᠶᠢᠨ ᠬᠢᠨᠠᠯᠲᠠ᠂ ᠤᠯᠤᠰ ᠲᠦᠷᠦ ᠶᠢᠨ ᠵᠥᠪᠯᠡᠯᠭᠡᠨ ᠤ ᠠᠷᠠᠳᠴᠢᠯᠠᠭᠰᠠᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠤᠯᠠᠨ ᠲᠦᠮᠡᠨ ᠤ ᠬᠢᠨᠠᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠵᠦ᠂ ᠵᠠᠰᠠᠭ ᠤᠨ ᠣᠷᠳᠣᠨ ᠤ ᠡᠯ᠎ᠡ ᠵᠦᠢᠯ ᠤᠨ ᠠᠵᠢᠯ ᠢ ᠢᠮᠠᠭᠲᠠ ᠬᠠᠤᠯᠢ ᠪᠠᠷ ᠵᠠᠰᠠᠬᠤ ᠵᠠᠮ ᠢᠶᠠᠷ ︽ᠬᠡᠯᠡᠪᠡᠯ  ᠪᠤᠯᠴᠢᠵᠦ᠂ ᠲᠣᠭᠲᠠᠪᠠᠯ ᠬᠢᠵᠦ᠂ ᠬᠢᠪᠡᠯ ᠰᠠᠶᠢᠨ ᠬᠢᠬᠦ︾ ᠠᠵᠢᠯ ᠤᠨ ᠣᠶᠢᠯᠠᠭᠠᠭᠳᠠᠬᠤᠨ ᠢ ᠶᠡᠬᠡᠪᠡᠷ ᠰᠠᠨᠠᠭᠠᠴᠢᠯᠠᠵᠤ᠂ ᠤᠷᠢᠳᠴᠢᠯᠠᠨ ᠪᠠᠶᠢᠷᠢᠰᠢᠭᠤᠯᠵᠤ᠂ ᠡᠷᠲᠡ ᠠᠴᠠ ᠰᠦᠪᠡᠭᠴᠢᠯᠡᠨ ᠲᠦᠷᠭᠡᠨ ᠬᠢᠵᠦ᠂ ᠠᠯᠢᠪᠠ ᠠᠰᠢᠭᠲᠠᠢ ᠴᠠᠭ ᠲᠣᠬᠢᠶᠠᠯ ᠢ ᠠᠳᠬᠤᠨ ᠠᠪᠴᠤ᠂ ᠠᠯᠢᠪᠠ ᠠᠰᠢᠭᠲᠠᠢ ᠨᠥᠬᠦᠴᠡᠯ ᠢ ᠠᠰᠢᠭᠯᠠᠨ᠂ ᠪᠣᠳᠠᠲᠠᠢ ᠠᠵᠢᠯ ᠬᠢᠵᠦ᠂ ᠪᠣᠳᠠᠲᠠᠢ ᠠᠷᠭ᠎ᠠ ᠰᠦᠪᠡᠭᠴᠢᠯᠡᠵᠦ᠂ ᠪᠣᠳᠠᠲᠤ ᠦᠷ᠎ᠡ ᠪᠦᠲᠦᠮᠵᠢ ᠶᠢ ᠡᠷᠬᠢᠮᠯᠡᠨ᠂ ᠥᠨᠳᠥᠷ ᠦᠷ᠎ᠡ ᠪᠦᠲᠦᠮᠵᠢ ᠪᠠᠷ ᠴᠢᠨᠠᠷ ᠴᠢᠨᠰᠠᠭ᠎ᠠ  ᠶᠢ ᠣᠯᠵᠤ᠂ ᠲᠦᠷᠭᠡᠨ ᠠᠶᠢᠵᠠᠮ ᠢᠶᠠᠷ ᠲᠦᠷᠭᠡᠨ ᠬᠥᠭᠵᠢᠯᠲᠡ ᠶᠢ ᠪᠡᠶᠡᠯᠡᠭᠦᠯᠬᠦ ᠬᠡᠷᠡᠭᠲᠡᠢ︔ ᠵᠠᠰᠠᠭ ᠤᠨ ᠣᠷᠳᠣᠨ ᠤ ᠰᠢᠰᠲ᠋ᠧᠮ ᠤᠨ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢ ᠭᠦᠨᠵᠡᠭᠡᠢ ᠲᠦᠯᠬᠢᠨ ᠠᠬᠢᠭᠤᠯᠵᠤ᠂ ᠵᠠᠰᠠᠭ ᠤᠨ ᠣᠷᠳᠣᠨ ᠤ ᠡᠷᠬᠡ ᠶᠢᠨ ᠠᠵᠢᠯᠯᠠᠭᠠᠨ ᠢ ᠤᠯᠠᠮ ᠨᠢᠭᠡ ᠠᠯᠬᠤᠮ ᠵᠢᠷᠤᠮᠵᠢᠭᠤᠯᠵᠤ᠂ ᠢᠨᠵᠧᠨᠧᠷᠢᠩ ᠤᠨ ᠵᠦᠢᠯᠡᠰ᠂ ᠭᠤᠣᠯᠳᠠᠯᠭ᠎ᠠ ᠲᠠᠢ ᠬᠦᠷᠢᠶ᠎ᠡ᠂ ᠵᠠᠩᠭᠢᠯᠠᠭ᠎ᠠ ᠶᠢᠨ ᠠᠵᠢᠯ ᠤᠨ ᠪᠠᠶᠢᠷᠢ ᠶᠢᠨ ᠠᠷᠢᠭᠤᠨ ᠴᠢᠬᠡᠴᠢ ᠪᠠᠷ ᠵᠠᠰᠠᠭ ᠪᠠᠷᠢᠬᠤ ᠲᠦᠭᠰᠢᠭᠦᠷᠢ ᠶᠢ ︽ᠭᠠᠮᠨᠠᠨ ᠠᠮᠢᠳᠤᠷᠠᠬᠤ︾ ᠳᠤ ᠳᠠᠳᠴᠤ᠂ ᠬᠢᠵᠠᠭᠠᠷ ᠲᠠᠢ ᠡᠳ᠋ ᠤᠨ ᠬᠦᠴᠦᠨ ᠢᠶᠠᠨ ᠬᠥᠭᠵᠢᠯᠲᠡ ᠶᠢ ᠠᠬᠢᠭᠤᠯᠬᠤ᠂ ᠠᠷᠠᠳ ᠤᠨ ᠠᠮᠢᠳᠤᠷᠠᠯ ᠢ ᠪᠠᠲᠤᠯᠠᠬᠤ᠂ ᠳᠤᠲᠠᠭᠳᠠᠯ ᠢ ᠨᠥᠬᠦᠪᠦᠷᠢᠯᠡᠬᠦ ᠳᠤ ᠨᠡᠩ ᠢᠯᠡᠭᠦᠦ ᠬᠡᠷᠡᠭᠯᠡᠵᠦ᠂ ᠺᠠᠳ᠋ᠷ ᠲᠥᠪ ᠴᠢᠬᠡᠴᠢ᠂ ᠵᠠᠰᠠᠭ ᠤᠨ ᠣᠷᠳᠣᠨ ᠠᠷᠢᠭᠤᠨ ᠴᠢᠬᠡᠴᠢ᠂ ᠤᠯᠤᠰ ᠲᠦᠷᠦ ᠬᠡᠪ ᠳᠦᠷᠢᠮ ᠲᠠᠢ ᠪᠠᠶᠢᠬᠤ ᠶᠢ ᠪᠦᠬᠦ ᠬᠦᠴᠦᠨ ᠢᠶᠠᠷ ᠢᠶᠠᠨ ᠪᠡᠶᠡᠯᠡᠭᠦᠯᠬᠦ ᠬᠡᠷᠡᠭᠲᠡᠢ ᠭᠡᠪᠡ᠃    ᠯᠢ ᠱᠦ ᠸᠧᠢ᠄ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠥᠪᠡᠷᠲᠡᠭᠡᠨ ᠵᠠᠰᠠᠬᠤ ᠣᠷᠣᠨ ᠪᠤᠯᠤᠨ ᠤᠯᠠᠭᠠᠨᠴᠠᠪ ᠬᠤᠳᠠ ᠶᠢᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠤᠳᠠ ᠶᠢᠨ ᠨᠠᠮ ᠤᠨ ᠬᠤᠷᠢᠶᠠᠨ ᠤ ᠵᠥᠪ ᠣᠨᠣᠪᠴᠢᠲᠠᠢ ᠤᠳᠤᠷᠢᠳᠤᠯᠭ᠎ᠠ ᠳᠣᠣᠷ᠎ᠠ᠂ ᠢᠮᠠᠭᠲᠠ ᠰᠢᠯᠭᠠᠯᠲᠠ ᠳᠤ ᠣᠷᠣᠯᠴᠠᠬᠤ ᠰᠡᠳᠬᠢᠯᠭᠡ᠂ ᠡᠷᠡᠯᠬᠡᠭᠯᠡᠨ ᠤᠷᠤᠭᠰᠢᠯᠠᠬᠤ ᠣᠪᠣᠷ ᠪᠠᠶᠢᠳᠠᠯ᠂ ᠰᠢᠯᠭᠠᠯᠲᠠ ᠶᠢᠨ ᠬᠠᠭᠤᠳᠠᠰᠤ ᠬᠠᠷᠢᠭᠤᠯᠬᠤ ᠪᠠᠶᠢᠳᠠᠯ ᠢᠶᠠᠷ᠂ ᠦᠨᠡᠨ ᠢ ᠪᠠᠷᠢᠮᠲᠠᠯᠠᠨ ᠪᠣᠳᠠᠲᠠᠢ ᠶᠢ ᠡᠷᠬᠢᠮᠯᠡᠵᠦ᠂ ᠪᠣᠳᠠᠲᠠᠢ ᠠᠵᠢᠯᠯᠠᠨ ᠦᠨᠡᠨᠴᠢ ᠰᠢᠳᠤᠷᠭᠤ ᠪᠠᠷ ᠠᠵᠢᠯᠯᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠹᠧᠩᠵᠧᠨ ᠤ ᠰᠢᠨ᠎ᠡ ᠬᠠᠭᠤᠳᠠᠰᠤ ᠶᠢ ᠪᠢᠴᠢᠭᠯᠡᠬᠦ ᠳᠤ ᠨᠡᠩ ᠤᠯᠠᠨ ᠬᠦᠴᠦᠨ ᠴᠢᠳᠠᠯ ᠢᠶᠠᠨ ᠡᠷᠭᠦᠬᠦ ᠬᠡᠷᠡᠭᠲᠡᠢ ᠭᠡᠪᠡ᠃    ᠬᠤᠷᠠᠯ ᠳᠡᠭᠡᠷ᠎ᠡ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠬᠤᠲᠠ ᠶᠢᠨ ᠳᠠᠷᠤᠭ᠎ᠠ ᠸᠧᠢ ᠭᠦᠸᠧ ᠴᠦᠨ 2024 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠵᠦᠢᠯᠡᠰ ᠢ ᠪᠡᠶᠡᠯᠡᠭᠦᠯᠦᠭᠰᠡᠨ ᠪᠠᠶᠢᠳᠠᠯ ᠤᠨ ᠲᠤᠬᠠᠢ ᠮᠡᠳᠡᠭᠦᠯᠦᠯᠲᠡ ᠪᠠ 2025 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠵᠦᠢᠯᠡᠰ ᠢ ᠴᠤᠭᠯᠠᠭᠤᠯᠤᠭᠰᠠᠨ ᠪᠠᠶᠢᠳᠠᠯ ᠤᠨ ᠲᠤᠬᠠᠢ ᠲᠣᠳᠣᠷᠬᠠᠶᠢᠯᠠᠯᠲᠠ ᠬᠢᠪᠡ᠃
   ᠶᠡᠭᠡ ᠬᠤᠷᠠᠯ ᠠᠴᠠ ᠹᠧᠩᠵᠧᠨ ᠬᠤᠲᠠ ᠶᠢᠨ 2024 ᠣᠨ ᠤ ᠤᠯᠤᠰ ᠠᠷᠠᠳ ᠤᠨ ᠠᠵᠤ ᠠᠬᠤᠢ ᠪᠣᠯᠣᠨ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢ ᠭᠦᠢᠴᠡᠳᠬᠡᠭᠰᠡᠨ ᠪᠠᠶᠢᠳᠠᠯ ᠪᠣᠯᠣᠨ 2025 ᠣᠨ ᠤ ᠤᠯᠤᠰ ᠠᠷᠠᠳ ᠤᠨ ᠠᠵᠤ ᠠᠬᠤᠢ ᠪᠣᠯᠣᠨ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ︵ᠲᠥᠰᠥᠯ︶ ᠶᠢᠨ ᠮᠡᠳᠡᠭᠦᠯᠦᠯᠲᠡ᠂ ᠹᠧᠩᠵᠧᠨ ᠬᠤᠲᠠ ᠶᠢᠨ 2024 ᠣᠨ ᠤ ᠡᠳ᠋ ᠤᠨ ᠵᠠᠰᠠᠭ ᠤᠨ ᠲᠥᠰᠥᠪ ᠢ ᠭᠦᠢᠴᠡᠳᠬᠡᠭᠰᠡᠨ ᠪᠠᠶᠢᠳᠠᠯ ᠪᠠ 2025 ᠣᠨ ᠤ ᠡᠳ᠋ ᠤᠨ ᠵᠠᠰᠠᠭ ᠤᠨ ᠲᠥᠰᠥᠪ ︵ᠲᠥᠰᠥᠯ︶ ᠤᠨ ᠮᠡᠳᠡᠭᠦᠯᠦᠯᠲᠡ ᠶᠢ ᠪᠢᠴᠢᠭ ᠢᠶᠠᠷ ᠬᠢᠨᠠᠨ ᠪᠠᠶᠢᠴᠠᠭᠠᠪᠠ᠃          ᠨᠠᠶᠢᠷᠠᠭᠤᠯᠤᠭᠴᠢ᠄ ᠯᠢ ᠰᠧ ᠬᠤᠢ          ᠬᠢᠨᠠᠨ ᠬᠠᠷᠭᠤᠭᠤᠯᠤᠭᠴᠢ᠄ ᠶᠠᠨ ᠬᠤᠸᠠᠢ ᡁᠢ          ᠤᠷᠴᠢᠭᠤᠯᠤᠭᠴᠢ᠄ ᠬᠠᠨ ᠰᠢᠶᠤᠤ ᠿᠦᠩ          ᠬᠢᠨᠠᠭᠴᠢ᠄ ᠼᠦᠢ ᠶᠢᠩ
 
ᠢᠷᠡᠯᠲᠡ᠄ ᠠᠮᠢᠵᠢᠷᠠᠯ ᠪᠢᠯᠬᠠᠭᠰᠠᠨ ᠹᠧᠩᠵᠧᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000072号-3