| 1 ᠰᠠᠷ᠎ᠠ ᠶᠢᠨ 22 ᠤᠨ ᠡᠳᠦᠷ᠂ ᠬᠤᠲᠠ ᠶᠢᠨ ᠨᠠᠮ ᠤᠨ ᠬᠤᠷᠢᠶᠠᠨ ᠤ ᠱᠦᠵᠢ ᠯᠢ ᠶᠢᠩ ᠪᠦᠯᠬᠦᠮ ᠳᠠᠭᠠᠭᠤᠯᠤᠨ | ᠴᠠᠭᠠᠨ ᠰᠠᠷ᠎ᠠ ᠠᠴᠠ ᠡᠮᠦᠨ᠎ᠡ ᠡᠷᠭᠢᠨ ᠦᠵᠡᠵᠦ ᠲᠣᠬᠤᠨᠢᠭᠤᠯᠬᠤ ᠠᠵᠢᠯᠯᠠᠭ᠎ᠠ ᠥᠷᠨᠢᠭᠦᠯᠵᠦ᠂ ᠲᠣᠬᠤᠨᠢᠭᠤᠯᠬᠤ ᠡᠲᠡᠭᠡᠳ ᠲᠤ | ᠨᠠᠮ ᠪᠠ ᠵᠠᠰᠠᠭ ᠤᠨ ᠣᠷᠳᠣᠨ ᠤ ᠳᠣᠲᠣᠨᠣ ᠬᠠᠯᠠᠮᠵᠢᠯᠠᠯ ᠪᠠ ᠬᠠᠯᠠᠭᠤᠨ ᠳᠤᠯᠠᠭᠠᠨ ᠢ ᠬᠦᠷᠭᠡᠬᠦ ᠶᠢᠨ ᠬᠠᠮᠲᠤ ᠴᠠᠭᠠᠨ | ᠰᠠᠷ᠎ᠠ ᠶᠢᠨ ᠰᠠᠶᠢᠨ ᠰᠠᠶᠢᠬᠠᠨ ᠢᠷᠦᠭᠡᠯ ᠳᠡᠪᠰᠢᠭᠦᠯᠪᠡ᠃ ᠬᠤᠲᠠ ᠶᠢᠨ ᠤᠳᠤᠷᠢᠳᠤᠯᠭ᠎ᠠ ᠳ᠋ᠧᠩ ᠰᠢᠶᠣᠣ ᠯᠢ᠂ ᠵᠠᠩ ᠰᠢᠨ | ᠵᠢᠴᠢ ᠠᠷᠠᠳ ᠤᠨ ᠵᠡᠪᠰᠡᠭᠲᠦ ᠬᠦᠴᠦᠨ ᠤ ᠶᠠᠮᠤᠨ ᠤ ᠰᠠᠶᠢᠳ ᠬᠤᠸᠠᠩ ᠭᠦᠸᠧ ᠵᠢᠢ ᠬᠠᠮᠲᠤ ᠪᠠᠷ ᠲᠣᠬᠤᠨᠢᠭᠤᠯᠤᠯ ᠳᠤ | ᠣᠷᠣᠯᠴᠠᠪᠠ᠃ | | ᠠᠬᠠᠮᠠᠳ ᠺᠠᠳ᠋ᠷ ᠯᠢᠦ ᡁᠢ ᠴᠢᠶᠠᠩ ᠤᠨ ᠭᠡᠷ ᠲᠤ᠂ ᠯᠢ ᠶᠢᠩ ᠨᠠᠰᠤᠲᠠᠨ ᠲᠠᠢ ᠳᠣᠲᠣᠨᠣ ᠪᠠᠷ ᠶᠠᠷᠢᠯᠴᠠᠵᠤ᠂ ᠨᠠᠰᠤᠲᠠᠨ ᠤ | ᠠᠮᠢᠳᠤᠷᠠᠯ ᠤᠨ ᠪᠠᠶᠢᠳᠠᠯ ᠪᠣᠯᠣᠨ ᠪᠡᠶ᠎ᠡ ᠮᠠᠬᠠᠪᠤᠳ ᠤᠨ ᠪᠠᠶᠢᠳᠠᠯ ᠢ ᠨᠠᠷᠢᠨ ᠨᠢᠮᠪᠠᠢ ᠠᠰᠠᠭᠤᠨ ᠯᠠᠪᠯᠠᠵᠤ᠂ ᠨᠠᠰᠤᠲᠠᠨ ᠢ ᠵᠠᠪᠠᠯ | ᠪᠡᠶ᠎ᠡ ᠪᠠᠨ ᠭᠠᠮᠨᠠᠭᠠᠷᠠᠢ ᠭᠡᠵᠦ ᠳᠣᠲᠣᠨᠣ ᠪᠠᠷ ᠰᠠᠨᠠᠭᠤᠯᠬᠤ ᠶᠢᠨ ᠬᠠᠮᠲᠤ᠂ ᠨᠠᠰᠤᠲᠠᠨ ᠤ ᠡᠳᠦᠷ ᠲᠤᠲᠤᠮ ᠤᠨ ᠠᠮᠢᠳᠤᠷᠠᠯ ᠢ | ᠴᠠᠭ ᠢᠮᠠᠭᠲᠠ ᠠᠩᠬᠠᠷᠤᠨ ᠬᠠᠷᠠᠭᠠᠯᠵᠠᠬᠤ ᠬᠡᠷᠡᠭᠲᠡᠢ ᠭᠡᠵᠦ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠨᠡᠶᠢᠳᠠᠪᠠ᠃ | | ᠣᠨᠴᠠ ᠬᠦᠴᠢᠷᠳᠡᠯᠲᠡᠢ ᠪᠠᠭᠰᠢ ᠰᠦᠩ ᠷᠦᠢ ᠰᠢᠶᠠᠩ ᠤᠨ ᠭᠡᠷ ᠲᠤ᠂ ᠯᠢ ᠶᠢᠩ ᠲᠡᠭᠦᠨ ᠤ ᠠᠮᠢᠳᠤᠷᠠᠯ ᠤᠨ | ᠣᠶᠢᠷ᠎ᠠ ᠶᠢᠨ ᠪᠠᠶᠢᠳᠠᠯ᠂ ᠲᠤᠯᠭᠠᠷᠠᠵᠤ ᠪᠠᠶᠢᠭ᠎ᠠ ᠬᠦᠴᠢᠷᠳᠡᠯ ᠵᠡᠷᠭᠡ ᠶᠢ ᠨᠠᠷᠢᠨ ᠬᠢᠨᠠᠮᠠᠭᠠᠢ ᠠᠰᠠᠭᠤᠵᠤ᠂ ᠲᠡᠭᠦᠨ ᠢ ᠢᠮᠠᠭᠲᠠ | ᠠᠮᠢᠳᠤᠷᠠᠯ ᠳᠠᠭᠠᠨ ᠢᠲᠡᠭᠡᠯ ᠲᠡᠭᠦᠯᠳᠡᠷ ᠪᠠᠶᠢᠵᠦ᠂ ᠨᠠᠮ ᠪᠣᠯᠣᠨ ᠵᠠᠰᠠᠭ ᠤᠨ ᠣᠷᠳᠣᠨ ᠤ ᠬᠦᠴᠦᠲᠡᠢ ᠬᠠᠪᠰᠤᠷᠤᠯᠭ᠎ᠠ | ᠳᠣᠣᠷ᠎ᠠ᠂ ᠥᠪᠡᠷ ᠤᠨ ᠴᠥᠬᠦᠷᠡᠰᠢ ᠦᠭᠡᠢ ᠴᠢᠷᠮᠠᠶᠢᠯᠭ᠎ᠠ ᠪᠠᠷ ᠢᠶᠠᠨ ᠲᠠᠮᠵᠢᠨ ᠠᠮᠢᠳᠤᠷᠠᠯ ᠨᠢ ᠯᠠᠪᠲᠠᠢ ᠤᠯᠠᠮ ᠠᠴᠠ ᠤᠯᠠᠮ | ᠰᠠᠶᠢᠨ ᠪᠣᠯᠬᠤ ᠶᠢ ᠪᠠᠲᠤ ᠢᠳᠡᠭᠡᠭᠡᠷᠡᠢ ᠭᠡᠵᠦ ᠵᠤᠷᠢᠭᠵᠢᠭᠤᠯᠪᠠ᠃ | | ᠵᠡᠮᠳᠡᠭ ᠴᠡᠷᠢᠭ ᠯᠢ ᠿᠢ ᠹᠧᠢ ᠶᠢᠨ ᠭᠡᠷ ᠲᠤ᠂ ᠯᠢ ᠶᠢᠩ ᠲᠡᠭᠦᠨ ᠤ ᠪᠡᠶ᠎ᠡ ᠶᠢᠨ ᠪᠠᠶᠢᠳᠠᠯ ᠪᠣᠯᠣᠨ ᠠᠮᠢᠳᠤᠷᠠᠯ ᠤᠨ | ᠪᠠᠶᠢᠳᠠᠯ ᠢ ᠨᠠᠷᠢᠨ ᠠᠰᠠᠭᠤᠨ ᠯᠠᠪᠯᠠᠵᠤ᠂ ᠲᠡᠭᠦᠨ ᠢ ᠰᠢᠨ᠎ᠡ ᠴᠠᠭ ᠦᠶ᠎ᠡ ᠶᠢᠨ ᠰᠠᠶᠢᠨ ᠵᠠᠯᠠᠭᠤ᠂ ᠪᠦᠬᠦ ᠨᠡᠶᠢᠭᠡᠮ ᠤᠨ | ᠰᠤᠷᠤᠯᠴᠠᠯᠭ᠎ᠠ ᠪᠣᠯᠣᠨ ᠬᠦᠨᠳᠦᠳᠬᠡᠯ ᠤᠨ ᠦᠯᠢᠭᠡᠷ ᠳᠠᠭᠤᠷᠢᠶᠠᠯ ᠭᠡᠵᠦ ᠳᠡᠭᠡᠳᠦ ᠬᠡᠮᠵᠢᠶ᠎ᠡ ᠪᠠᠷ ᠮᠠᠭᠲᠠᠨ ᠰᠠᠶᠢᠰᠢᠶᠠᠪᠠ᠃ ᠯᠢ | ᠶᠢᠩ ᠲᠡᠭᠦᠨ ᠢ ᠠᠮᠢᠳᠤᠷᠠᠯ ᠳᠤ ᠢᠳᠡᠪᠬᠢᠲᠡᠢ ᠪᠠᠶᠠᠰᠤᠩᠭᠤᠢ ᠪᠠᠷ ᠬᠠᠨᠳᠤᠬᠤ ᠶᠢ ᠬᠦᠰᠡᠬᠦ ᠶᠢᠨ ᠬᠠᠮᠲᠤ ᠬᠠᠮᠢᠶ᠎ᠠ ᠪᠦᠬᠦᠢ | ᠰᠠᠯᠠᠭ᠎ᠠ ᠮᠥᠴᠢᠷ ᠤᠨ ᠬᠢᠨ ᠳᠤ ᠴᠠᠭ ᠢᠮᠠᠭᠲᠠ ᠲᠡᠭᠦᠨ ᠤ ᠠᠮᠢᠳᠤᠷᠠᠯ ᠤᠨ ᠪᠠᠶᠢᠳᠠᠯ ᠢ ᠠᠩᠬᠠᠷᠴᠤ᠂ | ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠴᠠᠭ ᠲᠤᠬᠠᠢ ᠳᠤᠨᠢ ᠲᠡᠭᠦᠨ ᠢ ᠬᠠᠪᠰᠤᠷᠤᠨ ᠬᠦᠴᠢᠷ ᠵᠣᠪᠠᠭᠤᠷᠢ ᠶᠢ ᠨᠢ | ᠰᠢᠢᠳᠪᠦᠷᠢᠯᠡᠵᠦ ᠥᠭᠬᠦ ᠬᠡᠷᠡᠭᠳᠡᠢ ᠭᠡᠵᠦ ᠵᠠᠬᠢᠪᠠ᠃ | | | | | | ᠳᠠᠷᠠᠭ᠎ᠠ ᠨᠢ᠂ ᠯᠢ ᠶᠢᠩ ᠨᠠᠷ ᠵᠠᠯᠭᠠᠭ᠎ᠠ ᠪᠠᠷ ᠯᠠᠯᠤ ᠶᠢᠨ ᠰᠦᠮ᠎ᠡ᠂ ᠠᠷᠠᠳ ᠤᠨ ᠵᠡᠪᠰᠡᠭᠲᠦ ᠬᠦᠴᠦᠨ ᠤ ᠬᠡᠯᠲᠡᠰ ᠲᠤ | ᠬᠦᠷᠴᠦ᠂ ᠦᠨᠳᠦᠰᠦᠲᠡᠨ ᠱᠠᠰᠢᠨ ᠰᠤᠷᠲᠠᠬᠤᠨ ᠤ ᠡᠲᠡᠭᠡᠳ ᠤᠨ ᠲᠥᠯᠥᠭᠡᠯᠡᠭᠴᠢ ᠪᠣᠯᠣᠨ ᠡᠮᠦᠨ᠎ᠡ ᠹᠷᠣᠨᠲ ᠤᠨ ᠳᠠᠷᠤᠭ᠎ᠠ | ᠪᠠᠶᠢᠯᠳᠤᠭᠴᠢᠳ ᠢ ᠪᠣᠯᠭᠤᠭᠠᠨ ᠲᠣᠬᠤᠨᠢᠭᠤᠯᠪᠠ᠃ ᠯᠠᠯᠤ ᠶᠢᠨ ᠰᠦᠮ᠎ᠡ ᠳᠤ᠂ ᠯᠢ ᠶᠢᠩ ᠲᠡᠳᠡᠨ ᠤ ᠦᠨᠳᠦᠰᠦᠲᠡᠨ ᠤ | ᠪᠦᠯᠬᠦᠮᠳᠡᠯ ᠲᠠᠪᠰᠢᠯᠳᠠ ᠶᠢᠨ ᠦᠢᠯᠡᠰ ᠲᠤ ᠦᠵᠡᠭᠦᠯᠦᠭᠰᠡᠨ ᠢᠳᠡᠪᠬᠢ ᠦᠢᠯᠡᠳᠦᠯ ᠢ ᠭᠦᠢᠴᠡᠳ ᠨᠤᠲᠠᠯᠠᠵᠤ᠂ ᠲᠡᠳᠡᠨ ᠢ | ᠱᠠᠰᠢᠨ ᠰᠤᠷᠲᠠᠬᠤᠨ ᠤ ᠡᠲᠡᠭᠡᠳ ᠤᠨ ᠥᠪᠡᠷᠮᠢᠴᠡ ᠦᠢᠯᠡᠳᠦᠯ ᠢᠶᠠᠨ ᠦᠷᠭᠦᠯᠵᠢᠯᠡᠨ ᠪᠠᠳᠠᠷᠠᠭᠤᠯᠵᠤ᠂ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ᠂ ᠹᠧᠩᠵᠧᠨ ᠤ ᠠᠵᠤ ᠠᠬᠤᠢ ᠨᠡᠶᠢᠭᠡᠮ ᠤᠨ | ᠬᠥᠭᠵᠢᠯᠲᠡ ᠶᠢ ᠠᠬᠢᠭᠤᠯᠬᠤ ᠳᠤ ᠲᠦᠷᠦᠭᠦᠯᠡᠨ ᠬᠦᠴᠦᠨ ᠴᠢᠳᠠᠯ ᠢᠶᠠᠨ ᠡᠷᠭᠦᠬᠦ ᠶᠢ ᠬᠦᠰᠡᠮᠵᠢᠯᠡᠪᠡ᠃ ᠠᠷᠠᠳ ᠤᠨ ᠵᠡᠪᠰᠡᠭᠲᠦ | ᠬᠦᠴᠦᠨ ᠤ ᠬᠡᠯᠲᠡᠰ ᠲᠤ᠂ ᠯᠢ ᠶᠢᠩ ᠳᠠᠷᠤᠭ᠎ᠠ ᠪᠠᠶᠢᠯᠳᠤᠭᠴᠢᠳ ᠲᠠᠢ ᠳᠣᠲᠣᠨᠣ ᠪᠠᠷ ᠶᠠᠷᠢᠯᠴᠠᠵᠤ᠂ ᠲᠡᠳᠡᠨ ᠤ ᠠᠮᠢᠳᠤᠷᠠᠯ | ᠪᠣᠯᠣᠨ ᠪᠤᠯᠪᠠᠰᠤᠷᠠᠭᠤᠯᠤᠯ ᠤᠨ ᠪᠠᠶᠢᠳᠠᠯ ᠢ ᠭᠦᠨᠵᠡᠭᠡᠢ ᠣᠶᠢᠯᠠᠭᠠᠵᠤ᠂ ᠥᠷᠭᠡᠨ ᠤᠯᠠᠨ ᠳᠠᠷᠤᠭ᠎ᠠ ᠪᠠᠶᠢᠯᠳᠤᠭᠴᠢᠳ ᠢ | ᠵᠣᠪᠠᠭᠤᠷᠢ ᠵᠦᠳᠡᠭᠦᠷᠢ ᠶᠢ ᠲᠡᠰᠪᠦᠷᠢᠯᠡᠬᠦ᠂ ᠲᠡᠰᠪᠦᠷᠢ ᠬᠠᠲᠠᠭᠤᠵᠢᠯᠲᠠᠢ ᠲᠡᠮᠡᠴᠡᠬᠦ ᠰᠢᠯᠢᠳᠡᠭ ᠤᠯᠠᠮᠵᠢᠯᠠᠯ ᠢᠶᠠᠨ ᠦᠷᠭᠦᠯᠵᠢᠯᠡᠨ | ᠤᠯᠠᠮᠵᠢᠯᠠᠨ ᠪᠠᠳᠠᠷᠠᠭᠤᠯᠵᠤ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ᠂ ᠤᠯᠤᠰ ᠤᠨ ᠪᠠᠲᠤᠯᠠᠨ | ᠬᠠᠮᠠᠭᠠᠯᠠᠯᠲᠠ ᠶᠢᠨ ᠰᠤᠷᠭᠠᠨ ᠬᠥᠮᠦᠵᠢᠯ ᠵᠡᠷᠭᠡ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ | ᠹᠧᠩᠵᠧᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠲᠠᠬᠢᠨ ᠰᠢᠨ᠎ᠡ ᠭᠠᠪᠢᠶ᠎ᠠ | ᠪᠠᠶᠢᠭᠤᠯᠬᠤ ᠶᠢ ᠬᠦᠰᠡᠮᠵᠢᠯᠡᠪᠡ᠃ | | | | ᠵᠣᠬᠢᠶᠠᠭᠴᠢ᠄ ᠴᠧᠨ ᠸᠧᠨ ᠵᠢᠶᠧ ᠰᠢᠤᠸᠠᠨ ᠶᠠᠨ | ᠨᠠᠶᠢᠷᠠᠭᠤᠯᠤᠭᠴᠢ᠄ ᠯᠢ ᠰᠧ ᠬᠤᠢ | ᠬᠢᠨᠠᠨ ᠬᠠᠷᠭᠤᠭᠤᠯᠤᠭᠴᠢ᠄ ᠶᠠᠨ ᠬᠤᠸᠠᠢ ᡁᠢ | ᠤᠷᠴᠢᠭᠤᠯᠤᠭᠴᠢ᠄ ᠬᠠᠨ ᠰᠢᠶᠤᠤ ᠿᠦᠩ | ᠬᠢᠨᠠᠭᠴᠢ᠄ ᠼᠦᠢ ᠶᠢᠩ |