ᠵᠢᠵᠢᠭ ᠨᠢᠭᠡᠴᠡ ᠵᠢᠵᠢᠭ ᠲᠠᠯᠠᠪᠤᠷ ᠭᠠᠵᠠᠷ ᠵᠢᠴᠢ ᠵᠢᠭᠤᠯᠴᠢᠯᠠᠯ ᠤᠨ ᠪᠠᠶᠠᠷ ᠤᠨ ᠶᠣᠰᠣᠯᠠᠯ ᠤᠨ ᠲᠠᠯᠠᠪᠤᠷ ᠤᠨ ᠭᠠᠯ ᠤᠨ ᠠᠶᠤᠯ ᠤᠨ ᠲᠦᠭᠰᠢᠭᠦᠷᠢ ᠶᠢ ᠰᠡᠷᠭᠡᠶᠢᠯᠡᠬᠦ ᠠᠵᠢᠯ ᠢ ᠴᠢᠩᠭᠠᠳᠬᠠᠬᠤ ᠲᠤᠬᠠᠢ ᠠᠯᠪᠠᠨ ᠵᠠᠷ
ᠨᠡᠶᠢᠲᠡᠯᠡᠭᠰᠡᠨ ᠴᠠᠭ᠄
2025/1/27
  ᠴᠠᠭᠠᠨ ᠰᠠᠷ᠎ᠠ ᠣᠶᠢᠷᠠᠳᠬᠤ ᠳᠤ᠂ ᠡᠯ᠎ᠡ ᠲᠥᠷᠥᠯ ᠤᠨ ᠵᠢᠵᠢᠭ ᠳᠡᠯᠭᠡᠭᠦᠷ᠂ ᠵᠢᠵᠢᠭ ᠬᠡᠳᠦ ᠳᠡᠯᠭᠡᠭᠦᠷ᠂ ᠵᠢᠵᠢᠭ ᠨᠣᠭᠤᠭᠠᠨ ᠤ ᠵᠠᠬ᠎ᠠ ᠳᠡᠯᠭᠡᠭᠦᠷ ᠵᠡᠷᠭᠡ ᠵᠢᠵᠢᠭ ᠨᠢᠭᠡᠴᠡ ᠵᠢᠵᠢᠭ ᠲᠠᠯᠠᠪᠤᠷ ᠲᠤ ᠬᠥᠮᠥᠨ ᠣᠯᠠᠨ ᠴᠤᠭᠯᠠᠷᠠᠵᠤ᠂ ᠭᠠᠯ ᠤᠨ ᠭᠠᠮᠰᠢᠭ ᠢ ᠰᠡᠷᠭᠡᠶᠢᠯᠡᠬᠦ ᠳᠠᠷᠤᠯᠲᠠ ᠨᠡᠯᠢᠶᠡᠳ ᠶᠡᠭᠡ ᠪᠠᠶᠢᠨ᠎ᠠ᠃ ᠾᠧᠪᠧᠢ ᠮᠤᠵᠢ ᠶᠢᠨ ᠴᠢᠭᠤᠯᠤᠯᠲᠤ ᠬᠠᠭᠠᠯᠭ᠎ᠠ ᠬᠤᠲᠠ ᠶᠢᠨ ᠴᠢᠶᠣᠤ ᠰᠢ ᠲᠣᠭᠤᠷᠢᠭ ᠤᠨ ᠢᠳᠡᠰᠢᠨ ᠨᠣᠭᠤᠭ᠎ᠠ ᠶᠢᠨ ᠵᠠᠬ᠎ᠠ ᠳᠡᠯᠭᠡᠭᠦᠷ ᠤᠨ ᠭᠠᠯ ᠠᠯᠳᠠᠭᠰᠠᠨ ᠠᠳᠡᠯ ᠠᠴᠠ ᠭᠦᠨᠵᠡᠭᠡᠢ ᠰᠤᠷᠭᠠᠮᠵᠢ ᠠᠪᠴᠤ᠂ ᠬᠦᠨᠳᠦ ᠶᠡᠭᠡ ᠣᠨᠴᠠ ᠶᠡᠭᠡ ᠭᠠᠯ ᠠᠯᠳᠠᠭᠰᠠᠨ ᠠᠳᠡᠯ ᠢ ᠪᠥᠬᠦ ᠬᠦᠴᠦᠨ ᠢᠶᠠᠷ ᠢᠶᠠᠨ ᠰᠡᠷᠭᠡᠶᠢᠯᠡᠨ ᠬᠤᠷᠢᠭᠯᠠᠬᠤ ᠶᠢᠨ ᠲᠦᠯᠦᠬᠡ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠠᠯ ᠤᠨᠲᠠᠷᠠᠭᠠᠬᠤ ᠬᠠᠤᠯᠢ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠯ ᠤᠨᠲᠠᠷᠠᠭᠠᠬᠤ ᠳᠦᠷᠢᠮ︾ ᠤᠨ ᠲᠣᠭᠲᠠᠭᠠᠯ ᠢ ᠦᠨᠳᠦᠰᠦᠯᠡᠨ᠂ ᠡᠳᠦᠭᠡ ᠡᠯ᠎ᠡ ᠲᠥᠷᠥᠯ ᠤᠨ ᠵᠢᠵᠢᠭ ᠨᠢᠭᠡᠴᠡ ᠵᠢᠵᠢᠭ ᠲᠠᠯᠠᠪᠤᠷ ᠤᠨ ᠭᠠᠯ ᠤᠨᠲᠠᠷᠠᠭᠠᠬᠤ ᠠᠮᠤᠷ ᠲᠦᠪᠰᠢᠨ ᠤ ᠬᠠᠮᠢᠶᠠᠷᠤᠯᠲᠠ ᠶᠢ ᠴᠢᠩᠭᠠᠳᠬᠠᠬᠤ ᠬᠤᠯᠪᠣᠭᠳᠠᠯ ᠪᠦᠬᠦᠢ ᠵᠦᠢᠯᠡᠰ ᠢ ᠳᠣᠣᠷᠠᠬᠢ ᠮᠡᠲᠦ ᠵᠠᠷᠯᠠᠶ᠎ᠠ᠄    ᠨᠢᠭᠡ᠂ ᠭᠠᠯ ᠤᠨᠲᠠᠷᠠᠭᠠᠵᠤ ᠠᠶᠤᠯ ᠠᠴᠠ ᠬᠠᠮᠠᠭᠠᠯᠠᠬᠤ ᠬᠢᠨᠠᠯᠲᠠ ᠬᠠᠮᠢᠶᠠᠷᠤᠯᠲᠠ ᠶᠢ  ᠴᠢᠩᠭᠠᠳᠬᠠᠨ᠎ᠠ᠃    ᠡᠯ᠎ᠡ ᠲᠥᠷᠥᠯ ᠤᠨ ᠵᠢᠵᠢᠭ ᠳᠡᠯᠭᠡᠭᠦᠷ᠂ ᠵᠢᠵᠢᠭ ᠬᠡᠲᠦ ᠳᠡᠯᠭᠡᠭᠦᠷ᠂ ᠵᠢᠵᠢᠭ ᠨᠣᠭᠤᠭᠠᠨ ᠤ ᠵᠠᠬ᠎ᠠ ᠳᠡᠯᠭᠡᠭᠦᠷ ᠵᠢᠴᠢ ᠵᠢᠭᠤᠯᠴᠢᠯᠠᠯ ᠤᠨ ᠪᠠᠶᠠᠷ ᠤᠨ ᠶᠣᠰᠣᠯᠠᠯ ᠵᠡᠷᠭᠡ ᠬᠥᠮᠥᠰ ᠳᠡᠭᠡᠳᠦ ᠬᠡᠮᠵᠢᠶ᠎ᠡ ᠪᠠᠷ ᠲᠥᠪᠯᠡᠷᠡᠭᠰᠡᠨ ᠭᠠᠵᠠᠷ ᠲᠠᠯᠠᠪᠤᠷ ᠲᠤ ᠭᠠᠯ ᠤᠨᠲᠠᠷᠠᠭᠠᠬᠤ ᠠᠮᠤᠷ ᠲᠦᠪᠰᠢᠨ ᠤ ᠭᠤᠣᠯ ᠴᠣᠭᠴᠠ ᠶᠢᠨ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠬᠤ ᠬᠡᠷᠡᠭᠲᠡᠢ᠃ ᠲᠠᠯᠠᠪᠤᠷ ᠭᠠᠵᠠᠷ ᠤᠨ ᠭᠠᠯ ᠤᠨᠲᠠᠷᠠᠭᠠᠬᠤ ᠠᠮᠤᠷ ᠲᠦᠪᠰᠢᠨ ᠤ ᠲᠦᠭᠰᠢᠭᠦᠷᠢ ᠶᠢ ᠨᠠᠷᠢᠯᠢᠭ ᠤᠨᠤᠪᠴᠢᠳᠠᠢ ᠪᠠᠷ ᠵᠠᠳᠠᠯᠤᠨ ᠰᠤᠳᠤᠯᠤᠨ ᠮᠠᠭᠠᠳᠯᠠᠵᠤ᠂ ᠭᠠᠯ ᠤᠨᠲᠠᠷᠠᠭᠠᠬᠤ ᠠᠮᠤᠷ ᠲᠦᠪᠰᠢᠨ ᠤ ᠬᠠᠷᠢᠭᠤᠴᠠᠯᠭᠠᠲᠠᠨ᠂ ᠬᠠᠮᠢᠶᠠᠷᠤᠭᠴᠢ ᠶᠢ ᠲᠣᠳᠣᠷᠬᠠᠶᠢᠯᠠᠨ᠂ ᠪᠢᠴᠢᠯ ᠬᠡᠯᠪᠡᠷᠢ ᠶᠢᠨ ᠭᠠᠯ ᠤᠨᠲᠠᠷᠠᠭᠠᠬᠤ ᠥᠷᠲᠡᠭᠡ ᠪᠤᠶᠤ ᠰᠠᠶᠢᠨ ᠳᠤᠷ᠎ᠠ ᠶᠢᠨ ᠭᠠᠯ ᠤᠨᠲᠠᠷᠠᠭᠠᠬᠤ ᠠᠩᠭᠢ ᠶᠢ ᠪᠠᠶᠢᠭᠤᠯᠵᠤ᠂ ᠭᠠᠯ ᠰᠡᠷᠭᠡᠶᠢᠯᠡᠬᠦ ᠠᠮᠤᠷ ᠲᠦᠪᠰᠢᠨ ᠤ ᠲᠣᠭᠤᠷᠢᠨ ᠪᠠᠶᠢᠴᠠᠭᠠᠯᠲᠠ᠂ ᠪᠠᠶᠢᠴᠠᠭᠠᠯᠲᠠ ᠶᠢ ᠲᠣᠭᠲᠠᠮᠠᠯ ᠬᠤᠭᠤᠴᠠᠭ᠎ᠠ ᠲᠠᠢ ᠪᠠᠷ ᠥᠷᠨᠢᠭᠦᠯᠵᠦ ᠴᠡᠭᠴᠡᠯᠡᠨ ᠰᠠᠶᠢᠵᠢᠷᠠᠭᠤᠯᠬᠤ ᠲᠥᠰᠥᠯ ᠢ ᠴᠠᠭ ᠲᠤᠬᠠᠢ ᠳᠤᠨᠢ ᠲᠣᠭᠲᠠᠭᠠᠨ᠂ ᠳᠠᠯᠳᠠ ᠬᠡᠮ ᠲᠠᠢ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠪᠣᠳᠠᠲᠠᠶᠢᠵᠢᠭᠤᠯᠬᠤ ᠶᠢ ᠦᠨᠡᠨᠬᠦ ᠪᠠᠲᠤᠯᠠᠵᠤ᠂ ︽ᠡᠪᠡᠳᠴᠢᠨ ᠲᠠᠢ ᠡᠵᠡᠩᠨᠡᠯᠲᠡ︾ ᠶᠢ ᠡᠷᠡᠰ ᠬᠤᠷᠢᠭᠯᠠᠬᠤ ᠬᠡᠷᠡᠭᠲᠡᠢ᠃    ᠬᠤᠶᠠᠷ᠂ ᠲᠠᠯᠳᠠ ᠭᠡᠮ ᠢ ᠵᠢᠭᠰᠠᠭᠠᠨ ᠪᠠᠶᠢᠴᠠᠭᠠᠬᠤ ᠭᠤᠣᠯᠳᠠᠯᠭ᠎ᠠ ᠶᠢ ᠴᠢᠩᠭ᠎ᠠ ᠠᠩᠬᠠᠷᠬᠤ ᠬᠡᠷᠡᠭᠲᠡᠢ᠃ ᠳᠣᠣᠷᠠᠬᠢ ᠬᠡᠳᠦᠨ ᠲᠠᠯ᠎ᠠ ᠶᠢᠨ ᠲᠣᠭᠤᠷᠢᠨ ᠳᠤ ᠵᠢᠭᠰᠠᠭᠠᠨ ᠪᠠᠶᠢᠴᠠᠭᠠᠬᠤ ᠶᠢ ᠭᠤᠣᠯᠳᠠᠯᠭ᠎ᠠ ᠪᠣᠯᠭᠠᠨ ᠥᠷᠨᠢᠭᠦᠯᠦᠨ᠎ᠡ᠄    1. ᠲᠣᠭᠲᠠᠭᠠᠯ ᠠᠴᠠ ᠵᠥᠷᠢᠴᠡᠨ ᠴᠠᠬᠢᠯᠭᠠᠨ ᠤᠲᠠᠰᠤᠨ ᠤ ᠱᠤᠭᠤᠮ ᠢ ᠥᠭᠡᠷᠡᠲᠦᠭᠦᠯᠦᠭᠰᠡᠨ᠂ ᠲᠣᠭᠲᠠᠭᠠᠯ  ᠠᠴᠠ ᠵᠥᠷᠢᠴᠡᠨ ᠭᠠᠯ ᠨᠣᠴᠣᠭᠠᠵᠤ ᠠᠵᠢᠯᠯᠠᠭᠤᠯᠤᠭᠰᠠᠨ᠂ ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡ ᠲᠣᠭᠲᠠᠭᠠᠯ  ᠠᠴᠠ ᠵᠥᠷᠢᠴᠡᠨ ᠴᠠᠬᠢᠯᠭᠠᠨ ᠴᠡᠨᠡᠭᠯᠡᠭᠰᠡᠨ᠂ ᠲᠣᠭᠲᠠᠭᠠᠯ ᠠᠴᠠ ᠵᠥᠷᠢᠴᠡᠨ ᠨᠣᠴᠣᠮᠠᠲᠠᠭᠠᠢ ᠳᠤᠯᠠᠭᠠᠨ ᠢ ᠬᠠᠮᠠᠭᠠᠯᠠᠬᠤ ᠮᠠᠲ᠋ᠧᠷᠢᠶᠠᠯ ᠪᠤᠶᠤ ᠭᠤᠣᠯᠲᠤ ᠥᠩᠭᠡᠲᠦ ᠪᠣᠯᠣᠳ ᠬᠠᠪᠲᠠᠰᠤ ᠪᠠᠷ ᠪᠠᠷᠢᠯᠭ᠎ᠠ ᠪᠠᠷᠢᠭᠰᠠᠨ ᠵᠡᠷᠭᠡ ᠪᠣᠯᠣᠨ᠎ᠠ᠃    2. ᠲᠠᠷᠬᠠᠭᠠᠬᠤ ᠵᠠᠮ᠂ ᠠᠮᠤᠷ ᠲᠦᠪᠰᠢᠨ ᠭᠠᠷᠬᠤ ᠡᠭᠦᠳᠡ ᠵᠢᠴᠢ ᠭᠠᠯ ᠤᠨᠲᠠᠷᠠᠭᠠᠬᠤ ᠲᠡᠷᠭᠡ ᠶᠢᠨ ᠨᠡᠪᠲᠡᠷᠡᠬᠦ ᠵᠠᠮ ᠢ ᠡᠵᠡᠯᠡᠨ ᠬᠡᠷᠡᠭᠯᠡᠬᠦ᠂ ᠪᠥᠭᠯᠡᠬᠦ᠂ ᠪᠢᠲᠡᠭᠦᠮᠵᠢᠯᠡᠬᠦ᠃    3. ᠬᠥᠮᠥᠨ ᠬᠠᠷ᠎ᠠ ᠨᠢᠭᠲᠠᠷᠠᠨ ᠴᠤᠭᠯᠠᠷᠠᠭᠰᠠᠨ ᠲᠠᠯᠠᠪᠤᠷ ᠤᠨ ᠡᠭᠦᠳᠡ ᠴᠣᠩᠬᠤᠨ ᠳᠤ ᠠᠮᠢ ᠵᠢᠭᠤᠲᠠᠬᠤ ᠪᠠ ᠭᠠᠯ ᠤᠨᠲᠠᠷᠠᠭᠠᠵᠤ ᠠᠪᠤᠷᠠᠨ ᠲᠤᠰᠠᠯᠠᠬᠤ ᠶᠢ ᠬᠠᠷᠰᠢᠯᠠᠬᠤ ᠰᠠᠭᠠᠳ ᠪᠣᠳᠠᠰ ᠪᠠᠶᠢᠷᠢᠯᠠᠭᠤᠯᠤᠭᠰᠠ ᠪᠠᠶᠢᠳᠠᠯ᠃    4. ᠪᠠᠷᠢᠯᠭ᠎ᠠ ᠶᠢᠨ ᠲᠣᠭᠲᠠᠭᠠᠯ ᠠᠴᠠ ᠵᠥᠷᠢᠴᠡᠨ ᠬᠥᠮᠥᠨ ᠰᠠᠭᠤᠭᠰᠠᠨ᠂ ᠭᠠᠯ ᠰᠡᠷᠭᠡᠶᠢᠯᠡᠬᠦ ᠠᠵᠢᠯ ᠤᠨ ᠵᠠᠭᠠᠭᠯᠠᠯ ᠨᠢ ᠪᠠᠷᠢᠮᠵᠢᠶ᠎ᠠ ᠳᠤ ᠭᠦᠷᠦᠭᠰᠡᠨ ᠦᠭᠡᠢ᠂ ᠭᠠᠯ ᠤᠨᠲᠠᠷᠠᠭᠠᠬᠤ ᠪᠡᠯᠡᠳᠬᠡᠮᠵᠢ ᠶᠢ ᠡᠪᠳᠡᠵᠦ ᠬᠡᠷᠡᠭᠯᠡᠬᠦ ᠪᠠᠨ ᠵᠣᠭᠰᠣᠭᠠᠭᠰᠠᠨ ᠵᠡᠷᠭᠡ ᠠᠰᠠᠭᠤᠳᠠᠯ᠃    ᠭᠤᠷᠪᠠ᠂ ᠭᠠᠯ ᠤᠨ ᠠᠶᠤᠯ ᠢ ᠮᠡᠷᠭᠡᠵᠢᠯ ᠢᠶᠠᠷ ᠰᠡᠷᠭᠡᠶᠢᠯᠡᠬᠦ ᠠᠷᠭ᠎ᠠ ᠬᠡᠮᠵᠢᠶ᠎ᠡ ᠶᠢ ᠴᠢᠩᠭᠠᠳᠬᠠᠨ᠎ᠠ᠃    ᠡᠯ᠎ᠡ ᠲᠥᠷᠥᠯ ᠤᠨ ᠵᠢᠵᠢᠭ ᠨᠢᠭᠡᠴᠡ ᠵᠢᠵᠢᠭ ᠭᠠᠵᠠᠷ ᠲᠠᠯᠠᠪᠤᠷ ᠨᠢ ᠪᠣᠳᠠᠲᠤ ᠪᠠᠶᠢᠳᠠᠯ ᠢᠶᠠᠨ ᠦᠨᠳᠦᠰᠦᠯᠡᠨ ᠲᠥᠬᠦᠮ ᠰᠦᠷᠴᠢᠭᠦᠷ ᠤᠨ ᠪᠡᠯᠡᠳᠬᠡᠮᠵᠢ ᠪᠤᠶᠤ ᠭᠠᠯ ᠤᠨᠲᠠᠷᠠᠭᠠᠬᠤ ᠡᠪᠬᠡᠮᠡᠯ ᠲᠠᠪᠠᠭ᠂ ᠭᠠᠯ ᠤᠨᠲᠠᠷᠠᠭᠠᠬᠤ ᠤᠰᠤᠨ ᠬᠤᠭᠤᠯᠠᠢ᠂ ᠲᠤᠰᠠᠭᠠᠷ ᠮᠠᠶ᠋ᠢᠭ ᠤᠨ ᠭᠠᠯ ᠤᠨ ᠠᠶᠤᠯ ᠢ ᠬᠠᠶᠢᠨ ᠬᠡᠮᠵᠢᠵᠦ ᠲᠦᠭᠰᠢᠭᠦᠷᠢ ᠮᠡᠳᠡᠭᠡᠯᠡᠬᠦ᠂ ᠰᠢᠲᠠᠮᠠᠬᠠᠢ ᠬᠡᠢ ᠶᠢᠨ ᠲᠦᠭᠰᠢᠭᠦᠷᠢ ᠮᠡᠳᠡᠭᠡᠯᠡᠬᠦ᠂ ᠭᠠᠯ ᠤᠨᠲᠠᠷᠠᠭᠠᠬᠤ ᠱᠦᠭᠦᠬᠦ ᠮᠠᠶ᠋ᠢᠭ ᠤᠨ ᠥᠪᠡᠷ ᠢ ᠪᠠᠨ ᠠᠪᠤᠷᠠᠬᠤ ᠠᠮᠢᠰᠬᠤᠯ ᠤᠨ ᠮᠠᠰᠢᠨ ᠵᠡᠷᠭᠡ ᠭᠠᠯ ᠤᠨᠲᠠᠷᠠᠭᠠᠬᠤ ᠪᠡᠯᠡᠳᠬᠡᠮᠵᠢ ᠶᠢᠨ ᠪᠠᠭᠠᠵᠢ ᠬᠡᠷᠡᠭᠰᠡᠯ ᠢ ᠲᠣᠬᠢᠷᠠᠭᠤᠯᠤᠨ ᠤᠭᠰᠠᠷᠠᠬᠤ ᠶᠢ ᠰᠠᠨᠠᠭᠠᠴᠢᠯᠠᠵᠤ᠂ ᠭᠠᠯ ᠤᠨᠲᠠᠷᠠᠭᠠᠬᠤ ᠠᠮᠤᠷ ᠲᠦᠪᠰᠢᠨ ᠤ ᠰᠡᠷᠭᠡᠶᠢᠯᠡᠨ ᠬᠠᠮᠠᠭᠠᠯᠠᠬᠤ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠬᠡᠷᠡᠭᠲᠡᠢ᠃    ᠳᠥᠷᠪᠡ᠂ ᠪᠣᠯᠪᠠᠰᠤᠷᠠᠭᠤᠯᠤᠯ ᠰᠣᠷᠢᠯᠲᠠ ᠶᠢ ᠯᠠᠪᠳᠠᠭᠤᠨ ᠪᠠᠲᠤᠲᠠᠢ ᠦᠷᠨᠢᠬᠦᠯᠦᠨ᠎ᠡ᠃    ᠡᠯ᠎ᠡ ᠲᠥᠷᠥᠯ ᠤᠨ ᠵᠢᠵᠢᠭ ᠨᠢᠭᠡᠴᠡ ᠵᠢᠵᠢᠭ ᠲᠠᠯᠠᠪᠤᠷ ᠤᠳ ᠠᠵᠢᠯᠲᠠᠳ ᠤᠨ ᠠᠵᠢᠯ ᠤᠨ ᠪᠠᠶᠢᠷᠢ ᠳᠤ ᠭᠠᠷᠬᠤ ᠠᠴᠠ ᠡᠮᠦᠨ᠎ᠡ᠂ ᠡᠳᠦᠷ ᠲᠤᠲᠤᠮ ᠤᠨ ᠭᠠᠯ ᠤᠨᠲᠠᠷᠠᠭᠠᠬᠤ ᠠᠮᠤᠷ ᠲᠦᠪᠰᠢᠨ ᠤ ᠬᠥᠮᠦᠵᠢᠯ  ᠪᠤᠯᠪᠠᠰᠤᠷᠠᠭᠤᠯᠤᠯ ᠢ ᠴᠢᠩᠭ᠎ᠠ ᠨᠠᠶᠢᠳᠠᠪᠤᠷᠢᠵᠢᠭᠤᠯᠵᠤ᠂ ᠠᠳᠠᠯ ᠠᠬᠤᠢ ᠶᠢᠨ ᠬᠠᠮᠢᠶᠠᠷᠤᠯᠲᠠ ᠶᠢᠨ ᠠᠵᠢᠯᠲᠠᠨ᠂ ᠠᠮᠤᠷ ᠢ ᠬᠠᠮᠠᠭᠠᠯᠠᠭᠴᠢ᠂ ᠪᠢᠴᠢᠯ ᠬᠡᠯᠪᠡᠷᠢ ᠶᠢᠨ ᠭᠠᠯ ᠤᠨᠲᠠᠷᠠᠭᠠᠬᠤ ᠥᠷᠲᠡᠭᠡ ᠶᠢᠨ ᠭᠡᠰᠢᠭᠦᠨ᠂ ᠬᠤᠳᠠᠯᠳᠤᠭᠠᠨ ᠤ ᠡᠷᠦᠬᠡ ᠶᠢᠨ ᠬᠠᠷᠢᠭᠤᠴᠠᠯᠭᠠᠲᠠᠨ᠂ ᠪᠠᠷᠠᠭ᠎ᠠ ᠬᠤᠳᠠᠯᠳᠤᠭᠴᠢ ᠵᠡᠷᠭᠡ ᠭᠤᠣᠯᠳᠠᠯᠭ᠎ᠠ ᠲᠠᠢ ᠬᠥᠮᠥᠰ ᠲᠤ ᠴᠢᠭᠯᠡᠭᠦᠯᠦᠨ᠂ ᠲᠠᠷᠬᠠᠭᠠᠨ ᠵᠠᠶᠢᠯᠠᠭᠤᠯᠬᠤ ᠠᠷᠭ᠎ᠠ ᠶᠢ ᠲᠣᠳᠣᠷᠬᠠᠢ ᠲᠠᠶᠢᠯᠪᠤᠷᠢᠯᠠᠨ ᠵᠢᠭᠠᠵᠤ᠂ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠰᠣᠷᠢᠯᠲᠠ ᠶᠢᠨ ᠪᠣᠯᠪᠠᠰᠤᠷᠠᠭᠤᠯᠤᠯ ᠢ ᠴᠢᠩᠭᠠᠳᠬᠠᠨ᠂ ᠬᠤᠳᠠᠯᠳᠤᠭᠠᠨ ᠤ ᠡᠷᠦᠬᠡ ᠶᠢᠨ ᠬᠤᠯᠪᠤᠭᠠᠯᠠᠨ ᠰᠡᠷᠭᠡᠶᠢᠯᠡᠵᠦ ᠬᠤᠯᠪᠤᠭᠠᠯᠠᠨ ᠡᠵᠡᠮᠳᠡᠬᠦ ᠲᠣᠭᠲᠠᠴᠠ ᠶᠢ ᠪᠠᠶᠢᠭᠤᠯᠵᠤ᠂ ᠠᠩᠬ᠎ᠠ ᠡᠭᠦᠰᠦᠭᠰᠡᠨ ᠭᠠᠯ ᠤᠨ ᠭᠠᠮᠰᠢᠭ ᠢ ᠤᠨᠲᠠᠷᠠᠭᠠᠬᠤ ᠪᠠ ᠲᠠᠷᠬᠠᠭᠠᠨ ᠵᠠᠶᠢᠯᠠᠭᠤᠯᠬᠤ ᠶᠢ ᠵᠣᠬᠢᠶᠠᠨ ᠪᠠᠶᠢᠭᠤᠯᠬᠤ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠢ᠃    ᠲᠠᠪᠤ᠂ ᠠᠮᠤᠷ ᠲᠦᠪᠰᠢᠨ ᠤ ᠤᠬᠠᠭᠤᠯᠭ᠎ᠠ ᠶᠢᠨ ᠰᠠᠨᠠᠭᠤᠯᠤᠮᠵᠢ ᠶᠢ ᠴᠢᠩᠭᠠᠷᠠᠭᠤᠯᠤᠨ᠎ᠠ᠃    ᠡᠯ᠎ᠡ ᠲᠥᠷᠥᠯ ᠤᠨ ᠵᠢᠵᠢᠭ ᠨᠢᠭᠡᠴᠡ ᠵᠢᠵᠢᠭ ᠭᠠᠵᠠᠷ ᠤᠳ ᠲᠤᠰ ᠭᠠᠵᠠᠷ ᠤᠨ ᠭᠠᠯ ᠤᠨ ᠠᠶᠤᠯ ᠤᠨ ᠲᠦᠭᠰᠢᠭᠦᠷᠢᠲᠦ ᠴᠢᠨᠠᠷ ᠢ ᠤᠯᠠᠨ ᠨᠡᠶᠢᠳᠡ ᠳᠤ ᠮᠡᠳᠡᠭᠳᠡᠵᠦ᠂ ᠠᠮᠢ ᠵᠢᠭᠤᠲᠠᠬᠤ ᠵᠠᠮ ᠱᠤᠭᠤᠮ ᠬᠢᠭᠡᠳ ᠠᠶᠤᠯ ᠦᠭᠡᠢ ᠭᠠᠷᠬᠤ ᠣᠷᠣᠨ ᠪᠠᠶᠢᠷᠢ ᠶᠢ ᠲᠣᠳᠣᠷᠬᠠᠶᠢᠯᠠᠵᠤ᠂ ᠲᠤᠰ ᠭᠠᠵᠠᠷ ᠤᠨ ᠳᠣᠲᠣᠷᠠᠬᠢ ᠭᠠᠯ ᠤᠨᠲᠠᠷᠠᠭᠠᠭᠤᠷ᠂ ᠰᠡᠷᠭᠡᠶᠢᠯᠡᠨ ᠬᠠᠮᠠᠭᠠᠯᠠᠬᠤ ᠳᠥᠭᠦᠮ ᠪᠠᠭ ᠵᠡᠷᠭᠡ ᠦᠨᠳᠦᠰᠦᠨ ᠰᠡᠷᠭᠡᠶᠢᠯᠡᠨ ᠬᠠᠮᠠᠭᠠᠯᠠᠬᠤ ᠪᠠᠭᠠᠵᠢ ᠬᠡᠷᠡᠭᠰᠡᠯ ᠤᠨ ᠣᠷᠣᠨ ᠪᠠᠶᠢᠷᠢ ᠶᠢ ᠢᠯᠡᠷᠬᠡᠢ ᠲᠣᠳᠣᠷᠬᠠᠶᠢᠯᠠᠨ᠂ ᠭᠠᠯ ᠤᠨ ᠠᠶᠤᠯ ᠤᠨ ᠠᠳᠡᠯ ᠤᠨ ᠬᠡᠷᠡᠭ ᠤᠨ ᠵᠢᠱᠢᠶ᠎ᠡ ᠪᠣᠯᠣᠨ ᠭᠠᠯ ᠤᠨᠲᠠᠷᠠᠭᠠᠵᠤ ᠠᠶᠤᠯ ᠠᠴᠠ ᠬᠠᠮᠠᠭᠠᠯᠠᠭ ᠰᠠᠨᠠᠭᠤᠯᠤᠮᠵᠢ ᠶᠢ ᠥᠩᠬᠦᠷᠢᠭᠦᠯᠦᠨ ᠨᠠᠪᠲᠠᠷᠡᠭᠦᠯᠵᠦ᠂ ᠤᠯᠠᠨ ᠲᠦᠮᠡᠨ ᠤ ᠭᠠᠯ ᠤᠨ ᠠᠶᠤᠯ ᠤᠨ ᠲᠠᠯᠳᠠ ᠭᠡᠮ ᠢ ᠢᠯᠭᠠᠨ ᠲᠠᠨᠢᠬᠤ ᠪᠠ ᠠᠮᠢ ᠵᠢᠭᠤᠲᠠᠵᠤ ᠥᠪᠡᠷ ᠢ ᠪᠠᠨ ᠠᠪᠤᠷᠠᠬᠤ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ᠃            ᠹᠧᠩᠵᠧᠨ ᠬᠤᠲᠠ ᠶᠢᠨ ᠭᠠᠯ ᠤᠨᠲᠠᠷᠠᠭᠠᠯᠲᠠ ᠶᠢᠨ ᠠᠪᠤᠷᠠᠨ ᠲᠤᠰᠠᠯᠠᠬᠤ ᠶᠡᠭᠡ ᠠᠩᠭᠢ                                ᠤᠷᠴᠢᠭᠤᠯᠤᠭᠴᠢ᠄ ᠬᠠᠨ ᠰᠢᠶᠤᠤ ᠿᠦᠩ        ᠬᠢᠨᠠᠭᠴᠢ᠄ ᠼᠦᠢ ᠶᠢᠩ
 
ᠢᠷᠡᠯᠲᠡ᠄ ᠠᠮᠢᠵᠢᠷᠠᠯ ᠪᠢᠯᠬᠠᠭᠰᠠᠨ ᠹᠧᠩᠵᠧᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000072号-3