| 1 ᠰᠠᠷ᠎ᠠ ᠶᠢᠨ 25 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠱᠦᠵᠢ ᠯᠢ ᠶᠢᠩ ᠯᠦᠩ ᠱᠧᠩ ᠵᠤᠸᠠᠩ | ᠪᠠᠯᠭᠠᠰᠤ ᠪᠣᠯᠣᠨ ᠶᠤᠸᠠᠨ ᠱᠠᠨ ᠽᠢ ᠰᠢᠶᠠᠩ ᠳᠤ ᠬᠦᠷᠴᠦ ᠴᠠᠭᠠᠨ ᠰᠠᠷ᠎ᠠ ᠠᠴᠠ ᠡᠮᠦᠨ᠎ᠡ ᠲᠣᠬᠤᠨᠢᠭᠤᠯᠬᠤ | ᠠᠵᠢᠯᠯᠠᠭ᠎ᠠ ᠥᠷᠨᠢᠭᠦᠯᠵᠦ᠂ ᠲᠣᠬᠤᠨᠢᠭᠤᠯᠬᠤ ᠡᠲᠡᠭᠡᠳ ᠲᠤ ᠬᠠᠯᠠᠭᠤᠨ ᠳᠤᠯᠠᠭᠠᠨ ᠪᠠ ᠬᠠᠯᠠᠮᠵᠢᠯᠠᠯ ᠬᠦᠷᠭᠡᠪᠡ᠃ | ᠬᠤᠲᠠ ᠶᠢᠨ ᠤᠳᠤᠷᠢᠳᠤᠯᠭ᠎ᠠ ᠸᠧᠢ ᠭᠦᠸᠧ ᠴᠦᠨ᠂ ᠵᠠᠩ ᠰᠢᠨ ᠲᠣᠬᠤᠨᠢᠭᠤᠯᠤᠯᠲᠠ ᠳᠤ ᠣᠷᠣᠯᠴᠠᠪᠠ᠃ | | ᠬᠦᠷᠦᠭᠰᠡᠨ ᠭᠠᠵᠠᠷ ᠪᠣᠯᠭᠠᠨ ᠳᠤ ᠯᠢ ᠶᠢᠩ ᠲᠡᠳᠡᠨ ᠤ ᠪᠡᠶ᠎ᠡ ᠶᠢᠨ ᠪᠠᠶᠢᠳᠠᠯ ᠪᠠ ᠭᠡᠷ ᠪᠦᠯᠢ ᠶᠢᠨ ᠠᠮᠢᠳᠤᠷᠠᠯ ᠤᠨ | ᠪᠠᠶᠢᠳᠠᠯ ᠢ ᠨᠠᠷᠢᠨ ᠠᠰᠠᠭᠤᠨ ᠯᠠᠪᠯᠠᠬᠤ ᠶᠢᠨ ᠬᠠᠮᠲᠤ ᠲᠣᠬᠤᠨᠢᠭᠤᠯᠬᠤ ᠪᠣᠳᠠᠰ ᠪᠠ ᠲᠣᠬᠤᠨᠢᠭᠤᠯᠬᠤ ᠮᠥᠩᠭᠦ ᠬᠦᠷᠭᠡᠪᠡ᠃ | | | ᠯᠢ ᠶᠢᠩ ᠶᠠᠳᠠᠭᠤ ᠬᠦᠴᠢᠷᠳᠡᠯᠲᠡᠢ ᠨᠠᠮ ᠤᠨ ᠭᠡᠰᠢᠭᠦᠨ ᠯᠢᠦ ᠶᠢᠨ ᠶᠤᠸᠠᠨ ᠤ ᠭᠡᠷ ᠲᠤ᠂ ᠨᠠᠰᠤᠲᠠᠨ ᠢ | ᠪᠠᠶᠠᠰᠤᠩᠭᠤᠢ ᠢᠳᠡᠪᠬᠢᠲᠡᠢ ᠠᠮᠢᠳᠤᠷᠠᠯ ᠤᠨ ᠣᠪᠣᠷ ᠲᠠᠢ ᠪᠠᠶᠢᠵᠤ᠂ ᠨᠠᠮ ᠪᠣᠯᠣᠨ ᠵᠠᠰᠠᠭ ᠤᠨ ᠣᠷᠳᠣᠨ ᠤ ᠬᠠᠯᠠᠮᠵᠢᠯᠠᠯ | ᠳᠣᠣᠷ᠎ᠠ᠂ ᠠᠮᠢᠳᠤᠷᠠᠯ ᠯᠠᠪᠲᠠᠢ ᠡᠳᠦᠷ ᠠᠴᠠ ᠡᠳᠦᠷ ᠥᠭᠡᠳᠡᠯᠡᠨ ᠰᠠᠶᠢᠵᠢᠷᠠᠬᠤ ᠶᠢ ᠪᠠᠲᠤ ᠢᠳᠡᠭᠡᠭᠡᠷᠡᠢ ᠭᠡᠵᠦ | ᠵᠤᠷᠢᠭᠵᠢᠭᠤᠯᠪᠠ᠃ ᠯᠢ ᠶᠢᠩ ᠴᠡᠷᠢᠭ ᠠᠴᠠ ᠬᠠᠯᠠᠭᠳᠠᠭᠰᠠᠨ ᠠᠬᠠᠮᠠᠳ ᠨᠠᠮ ᠤᠨ ᠭᠡᠰᠢᠭᠦᠨ ᠮᠧᠩ ᠰᠠᠨ ᠺᠦᠢ ᠶᠢᠨ | ᠭᠡᠷ ᠲᠤ᠂ ᠨᠠᠰᠤᠲᠠᠶᠢᠴᠤᠳ ᠤᠨ ᠨᠠᠮ ᠪᠣᠯᠣᠨ ᠠᠷᠠᠳ ᠲᠦᠮᠡᠨ ᠤ ᠦᠢᠯᠡᠰ ᠲᠤ ᠬᠤᠪᠢ ᠨᠡᠮᠡᠷᠢ ᠦᠵᠡᠭᠦᠯᠦᠭᠰᠡᠨ ᠳᠤ | ᠴᠢᠩ ᠰᠡᠳᠬᠢᠯ ᠤᠨ ᠲᠠᠯᠠᠷᠬᠠᠯ ᠢᠶᠠᠨ ᠢᠯᠡᠳᠬᠡᠵᠦ᠂ ᠨᠠᠰᠤᠲᠠᠶᠢᠴᠤᠳ ᠤᠨ ᠪᠡᠶ᠎ᠡ ᠪᠠᠨ ᠬᠢᠴᠢᠶᠡᠵᠦ᠂ ᠹᠧᠩᠵᠧᠨ ᠤ | ᠬᠥᠭᠵᠢᠯᠲᠡ ᠶᠢ ᠦᠷᠭᠦᠯᠵᠢᠯᠡᠨ ᠬᠠᠯᠠᠮᠵᠢᠯᠠᠨ ᠳᠡᠮᠵᠢᠬᠦ ᠶᠢ ᠬᠦᠰᠡᠮᠵᠢᠯᠡᠪᠡ᠃ | | ᠳᠠᠷᠠᠭ᠎ᠠ ᠨᠢ᠂ ᠯᠢ ᠶᠢᠩ ᠨᠠᠷ ᠶᠤᠸᠠᠨ ᠱᠠᠨ ᠽᠢ ᠰᠢᠶᠠᠩ ᠤᠨ ᠭᠠᠮᠰᠢᠭᠳᠠᠭᠰᠠᠨ ᠤᠯᠠᠨ ᠲᠦᠮᠡᠨ ᠴᠧᠩ ᠰᠠᠨ | ᠸᠠ ᠶᠢᠨ ᠭᠡᠷ ᠲᠤ ᠬᠦᠷᠴᠦ᠂ ᠭᠠᠮᠰᠢᠭᠳᠠᠭᠰᠠᠨ ᠤ ᠳᠠᠷᠠᠭᠠᠬᠢ ᠠᠮᠢᠳᠤᠷᠠᠯ ᠤᠨ ᠪᠠᠶᠢᠳᠠᠯ ᠪᠣᠯᠣᠨ ᠲᠤᠯᠭᠠᠷᠠᠵᠤ ᠪᠠᠶᠢᠭ᠎ᠠ | ᠪᠣᠳᠠᠲᠠᠢ ᠬᠦᠴᠢᠷᠳᠡᠯ ᠢ ᠨᠠᠷᠢᠨ ᠣᠶᠢᠯᠠᠭᠠᠵᠤ᠂ ᠲᠡᠭᠦᠨ ᠳᠤ ᠠᠮᠢᠳᠤᠷᠠᠯ ᠤᠨ ᠢᠲᠡᠭᠡᠯ ᠵᠣᠷᠢᠭ ᠢᠶᠠᠨ ᠪᠠᠲᠤᠳᠬᠠᠬᠤ | ᠬᠡᠷᠡᠭᠲᠡᠢ ᠭᠡᠵᠦ ᠵᠠᠬᠢᠪᠠ᠃ ᠯᠢ ᠶᠢᠩ᠂ ᠬᠤᠲᠠ ᠶᠢᠨ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠬᠠᠪᠰᠤᠷᠤᠨ | ᠲᠡᠳᠬᠦᠬᠦ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠭᠠᠮᠰᠢᠭᠳᠠᠭᠰᠠᠨ ᠣᠯᠠᠨ ᠲᠦᠮᠡᠨ ᠤ ᠬᠡᠪ ᠤᠨ | ᠦᠢᠯᠡᠳᠪᠦᠷᠢᠯᠡᠯ ᠠᠮᠢᠳᠤᠷᠠᠯ ᠤᠨ ᠡᠮᠬᠢ ᠵᠢᠷᠤᠮ ᠢ ᠡᠷᠲᠡᠬᠡᠨ ᠰᠡᠷᠭᠦᠭᠡᠬᠦ ᠳᠤ ᠬᠦᠴᠦᠨ ᠨᠡᠮᠡᠷᠢᠯᠡᠨ᠎ᠡ ᠭᠡᠪᠡ᠃ | | | ᠵᠣᠬᠢᠶᠠᠭᠴᠢ᠄ ᠴᠧᠨ ᠸᠧᠨ ᠵᠢᠶᠧ | ᠨᠠᠶᠢᠷᠠᠭᠤᠯᠤᠭᠴᠢ᠄ ᠯᠢ ᠰᠧ ᠬᠤᠢ | ᠬᠢᠨᠠᠨ ᠬᠠᠷᠭᠤᠭᠤᠯᠤᠭᠴᠢ᠄ ᠶᠠᠨ ᠬᠤᠸᠠᠢ ᡁᠢ | ᠤᠷᠴᠢᠭᠤᠯᠤᠭᠴᠢ᠄ ᠬᠠᠨ ᠰᠢᠶᠤᠤ ᠿᠦᠩ | ᠬᠢᠨᠠᠭᠴᠢ᠄ ᠼᠦᠢ ᠶᠢᠩ | |