ᠯᠢ ᠶᠢᠩ ᠨᠠᠷ ᠬᠤᠳᠠ ᠶᠢᠨ ᠰᠣᠶᠣᠯ ᠤᠨ ᠪᠠᠶᠢᠭᠤᠯᠤᠯᠲᠠ ᠶᠢᠨ ᠠᠵᠢᠯ ᠳᠤ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2025/1/27
   1 ᠰᠠᠷ᠎ᠠ ᠶᠢᠨ 26 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠱᠦᠵᠢ ᠯᠢ ᠶᠢᠩ ᠨᠠᠷ ᠬᠤᠲᠠ ᠶᠢᠨ ᠰᠣᠶᠣᠯ ᠤᠨ ᠪᠠᠶᠢᠭᠤᠯᠤᠯᠲᠠ ᠶᠢᠨ ᠠᠵᠢᠯ ᠳᠤ ᠪᠠᠶᠢᠴᠠᠭᠠᠨ ᠰᠤᠳᠤᠯᠤᠯᠲᠠ ᠬᠢᠪᠡ᠃ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠲᠠ ᠶᠢᠨ ᠳᠠᠷᠤᠭ᠎ᠠ ᠯᠢ ᠱᠤ᠋ ᠸᠧᠢ ᠵᠡᠷᠭᠡ ᠬᠤᠲᠠ ᠶᠢᠨ ᠤᠳᠤᠷᠢᠳᠤᠯᠭ᠎ᠠ ᠨᠠᠷ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃    ᠯᠢ ᠶᠢᠩ ᠨᠠᠷ ᠤᠷᠢᠳ ᠬᠤᠵᠢᠳ ᠠᠷᠠᠳ ᠤᠨ ᠴᠡᠴᠡᠷᠯᠢᠭ ᠪᠣᠯᠣᠨ ᠣᠷᠳᠣᠨ ᠤ ᠡᠮᠦᠨᠡᠬᠢ ᠠᠭᠤᠳᠠᠮ ᠲᠠᠯᠠᠪᠠᠢ ᠳᠤ ᠬᠦᠷᠴᠦ᠂ ᠴᠠᠭᠠᠨ ᠰᠠᠷ᠎ᠠ ᠶᠢᠨ ᠬᠤᠭᠤᠴᠠᠭᠠᠨ ᠳᠠᠬᠢ ᠳ᠋ᠧᠩ ᠰᠣᠨᠢᠷᠬᠠᠬᠤ ᠦᠵᠡᠭᠦᠯᠦᠯᠭᠡ ᠶᠢᠨ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠭᠰᠡᠨ ᠪᠥᠭᠡᠳ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠤ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠤᠨᠤᠰᠪᠠ᠃    ᠯᠢ ᠶᠢᠩ ᠶᠠᠷᠢᠬᠤ ᠳᠠᠭᠠᠨ᠄ ᠠᠷᠠᠳ ᠤᠨ ᠴᠡᠴᠡᠷᠯᠢᠭ ᠪᠣᠯᠣᠨ ᠵᠠᠰᠠᠭ ᠤᠨ ᠤᠷᠳᠤᠨ ᠤ ᠡᠮᠦᠨᠡᠬᠢ ᠠᠭᠤᠳᠠᠮ ᠲᠠᠯᠠᠪᠠᠢ ᠶᠢᠨ ᠦᠵᠡᠮᠦᠷᠢ ᠶᠢᠨ ᠳ᠋ᠧᠩ ᠤᠨ ᠦᠵᠡᠭᠦᠯᠦᠯᠭᠡ ᠶᠢᠨ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠵᠦ᠂ ᠵᠣᠬᠢᠰᠲᠠᠢ ᠲᠥᠯᠥᠪᠵᠢᠭᠦᠯᠦᠨ ᠪᠠᠶᠢᠷᠢᠰᠢᠭᠤᠯᠵᠤ᠂ ᠴᠠᠭᠠᠨ ᠰᠠᠷ᠎ᠠ ᠶᠢᠨ ᠡᠯᠧᠮᠧᠨ᠋ᠲ ᠲᠤ ᠠᠭᠤᠰᠤᠯᠴᠠᠭᠤᠯᠵᠤ᠂ ᠡᠯ᠎ᠡ ᠵᠦᠢᠯ ᠤᠨ ᠲᠥᠬᠦᠭᠡᠷᠦᠮᠵᠢ ᠶᠢ ᠲᠣᠭᠲᠠᠭᠰᠠᠨ ᠬᠤᠭᠤᠴᠠᠭᠠᠨ ᠳᠤ ᠳᠠᠭᠤᠰᠬᠠᠬᠤ ᠶᠢ ᠪᠠᠲᠤᠯᠠᠵᠤ᠂ ᠠᠷᠠᠳ ᠤᠯᠠᠨ ᠳᠤ ᠰᠢᠨ᠎ᠡ ᠵᠢᠯ ᠤᠨ ᠦᠨᠦᠷ ᠠᠮᠲᠠ ᠶᠢ ᠡᠳ᠋ᠯᠡᠭᠦᠯᠬᠦ ᠬᠡᠷᠡᠭᠲᠡᠢ︔ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠬᠤᠳᠠ ᠶᠢᠨ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢ ᠴᠢᠩᠭᠠᠳᠬᠠᠵᠤ᠂ ᠣᠷᠴᠢᠨ ᠲᠣᠭᠤᠷᠢᠨ ᠤ ᠠᠷᠢᠭᠤᠨ ᠴᠡᠪᠡᠷ ᠢ ᠬᠠᠮᠠᠭᠠᠯᠠᠬᠤ ᠡᠷᠴᠢᠮ ᠢᠶᠠᠨ ᠴᠢᠩᠭᠠᠷᠠᠭᠤᠯᠵᠤ᠂ ᠦᠵᠡᠭᠦᠯᠦᠯᠭᠡ ᠶᠢᠨ ᠲᠣᠭᠤᠷᠢᠭ ᠤᠨ ᠬᠤᠷᠠᠭᠰᠠᠨ ᠴᠠᠰᠤ ᠶᠢ ᠲᠦᠷᠭᠡᠨ ᠴᠡᠪᠡᠷᠯᠡᠵᠦ᠂ ᠠᠮᠤᠷ ᠲᠦᠪᠰᠢᠨ ᠤ ᠭᠡᠮ ᠰᠣᠭᠤᠭ ᠢ ᠴᠠᠭ ᠲᠤᠬᠠᠢ  ᠳᠤᠨᠢ ᠠᠷᠢᠯᠭᠠᠵᠤ᠂ ᠴᠡᠪᠡᠷ ᠴᠡᠮᠴᠡᠭᠡᠷ᠂ ᠭᠤᠶᠤ ᠰᠠᠶᠢᠬᠠᠨ᠂ ᠠᠮᠤᠷ ᠲᠦᠪᠰᠢᠨ᠂ ᠡᠮᠬᠢ ᠳᠢᠭᠯᠢᠮ ᠲᠠᠢ  ᠴᠠᠭᠠᠨ ᠰᠠᠷ᠎ᠠ ᠶᠢᠨ ᠣᠷᠴᠢᠨ ᠲᠣᠭᠤᠷᠢᠨ ᠢ ᠪᠦᠬᠦ ᠬᠦᠴᠦᠨ ᠢᠶᠠᠷ ᠢᠶᠠᠨ ᠪᠤᠢ ᠪᠣᠯᠭᠠᠵᠤ᠂ ᠪᠦᠬᠦ ᠬᠤᠳᠠ ᠶᠢᠨ ᠠᠷᠠᠳ ᠲᠦᠮᠡᠨ ᠢ ᠪᠠᠶᠠᠷ ᠪᠠᠶᠠᠰᠬᠤᠯᠠᠩ ᠲᠠᠢ᠂ ᠥᠯᠵᠡᠢ ᠪᠡᠯᠭᠡ ᠲᠠᠢ ᠴᠠᠭᠠᠨ ᠰᠠᠷ᠎ᠠ ᠶᠢ ᠥᠩᠭᠡᠷᠡᠭᠦᠯᠬᠦ ᠬᠡᠷᠡᠭᠲᠡᠢ ᠬᠡᠪᠡ᠃          ᠵᠣᠬᠢᠶᠠᠭᠴᠢ᠄ ᠴᠧᠨ ᠸᠧᠨ ᠵᠢᠶᠧ          ᠨᠠᠶᠢᠷᠠᠭᠤᠯᠤᠭᠴᠢ᠄ ᠯᠢ ᠰᠧ ᠬᠤᠢ          ᠬᠢᠨᠠᠨ ᠬᠠᠷᠭᠤᠭᠤᠯᠤᠭᠴᠢ᠄ ᠶᠠᠨ ᠬᠤᠸᠠᠢ ᡁᠢ          ᠤᠷᠴᠢᠭᠤᠯᠤᠭᠴᠢ᠄ ᠬᠠᠨ ᠰᠢᠶᠤᠤ ᠿᠦᠩ          ᠬᠢᠨᠠᠭᠴᠢ᠄ ᠼᠦᠢ ᠶᠢᠩ
 
ᠢᠷᠡᠯᠲᠡ᠄ ᠠᠮᠢᠵᠢᠷᠠᠯ ᠪᠢᠯᠬᠠᠭᠰᠠᠨ ᠹᠧᠩᠵᠧᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000072号-3