| 1 ᠰᠠᠷ᠎ᠠ ᠶᠢᠨ 26 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠱᠦᠵᠢ ᠯᠢ ᠶᠢᠩ ᠬᠡᠪᠴᠢᠶᠡᠨ ᠠᠴᠠ | ᠳᠡᠭᠡᠭᠰᠢᠬᠢ ᠠᠵᠤ ᠠᠬᠤᠶᠢᠯᠠᠯ ᠢ ᠲᠣᠬᠤᠨᠢᠭᠤᠯᠬᠤ ᠶᠢᠨ ᠬᠠᠮᠲᠤ ᠠᠶᠤᠯᠭᠦᠢ ᠦᠢᠯᠡᠳᠪᠦᠷᠢᠯᠡᠯ ᠢ ᠬᠢᠨᠠᠨ ᠵᠢᠯᠤᠭᠤᠳᠬᠤ | ᠪᠤᠯᠤᠨ ᠵᠠᠬ᠎ᠠ ᠳᠡᠯᠭᠡᠭᠦᠷ ᠤᠨ ᠬᠠᠩᠭᠠᠯᠭ᠎ᠠ ᠶᠢ ᠪᠠᠲᠤᠯᠠᠬᠤ ᠵᠡᠷᠭᠡ ᠬᠠᠮᠢᠶ᠎ᠠ ᠪᠦᠬᠦᠢ ᠠᠵᠢᠯ ᠢ ᠪᠠᠶᠢᠴᠠᠭᠠᠨ ᠰᠤᠳᠤᠯᠪᠠ᠃ | ᠬᠤᠳᠠ ᠶᠢᠨ ᠤᠳᠤᠷᠢᠳᠤᠯᠭ᠎ᠠ ᠴᠧᠨ ᠪᠥᠸᠧ ᠯᠢᠨ᠂ ᠸᠧᠢ ᠭᠦᠸᠧ ᠴᠦᠨ᠂ ᠱᠢ ᠬᠦᠢ ᠵᠢᠶᠦ᠋ᠨ᠂ ᠵᠠᠩ ᠰᠢᠨ᠂ | ᠸᠠᠩ ᠸᠧᠢ᠂ ᠸᠠᠩ ᠵᠢᠶᠠᠨ᠂ ᠵᠧᠦ ᠵᠢᠶᠠᠨ ᠫᠢᠩ ᠨᠠᠷ ᠣᠷᠣᠯᠴᠠᠪᠠ᠃ | | ᠯᠢ ᠶᠢᠩ ᠰᠢᠨ ᠲᠠᠢ ᠶᠤᠸᠠᠨ ᠺᠣᠮᠫᠠᠨᠢ ᠪᠣᠯᠣᠨ ᠸᠠᠩ ᠶᠤᠸᠠᠨ ᠺᠣᠮᠫᠠᠨᠢ ᠳᠤ ᠬᠦᠷᠴᠦ᠂ ᠠᠵᠤ ᠠᠬᠤᠶᠢᠯᠠᠯ ᠳᠤ | ᠲᠣᠬᠤᠨᠢᠭᠤᠯᠬᠤ ᠪᠣᠳᠠᠰ ᠬᠦᠷᠭᠡᠭᠰᠡᠨ ᠪᠥᠭᠡᠳ ᠴᠠᠭᠠᠨ ᠰᠠᠷ᠎ᠠ ᠶᠢᠨ ᠮᠡᠨᠳᠦᠴᠢᠯᠡᠯ ᠬᠦᠷᠭᠡᠪᠡ᠃ ᠯᠢ ᠶᠢᠩ ᠠᠵᠤ | ᠠᠬᠤᠶᠢᠯᠠᠯ ᠤᠨ ᠪᠦᠬᠦ ᠬᠤᠳᠠ ᠶᠢᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠳᠡᠮᠵᠢᠬᠦ ᠳᠤ | ᠦᠵᠡᠭᠦᠯᠦᠭᠰᠡᠨ ᠲᠣᠪᠣᠶᠢᠮ᠎ᠠ ᠬᠤᠪᠢ ᠨᠡᠮᠡᠷᠢ ᠶᠢ ᠭᠦᠢᠴᠡᠳ ᠨᠤᠲᠠᠯᠠᠵᠤ᠂ ᠠᠵᠤ ᠠᠬᠤᠶᠢᠯᠠᠯ ᠤᠨ ᠬᠢᠨ ᠰᠢᠨ᠎ᠡ ᠨᠢᠭᠡ | ᠵᠢᠯ ᠳᠤ ᠳᠠᠬᠢᠨᠲᠠ ᠰᠢᠯᠢᠳᠡᠭ ᠠᠮᠵᠢᠯᠲᠠ ᠭᠠᠷᠭᠠᠬᠤ ᠶᠢ ᠬᠦᠰᠡᠮᠵᠢᠯᠡᠪᠡ᠃ ᠪᠠᠰᠠ ᠴᠠᠭᠠᠨ ᠰᠠᠷ᠎ᠠ ᠶᠢ ᠪᠠᠶᠠᠷᠯᠠᠨ | ᠤᠭᠲᠤᠬᠤ ᠶᠢᠨ ᠬᠠᠮᠲᠤ᠂ ᠠᠵᠤ ᠠᠬᠤᠶᠢᠯᠠᠯ ᠤᠨ ᠬᠢᠨ ᠠᠶᠤᠯᠭᠦᠢ ᠦᠢᠯᠡᠳᠪᠦᠷᠢᠯᠡᠯ ᠤᠨ ᠭᠤᠣᠯ ᠴᠣᠭᠴᠠ ᠶᠢᠨ | ᠬᠠᠷᠢᠭᠤᠴᠠᠯᠭ᠎ᠠ ᠶᠢ ᠦᠷᠭᠦᠯᠵᠢᠯᠡᠨ ᠰᠠᠶᠢᠲᠤᠷ ᠨᠠᠶᠢᠳᠠᠪᠤᠷᠢᠵᠢᠭᠤᠯᠵᠤ᠂ ᠥᠷᠭᠡᠨ ᠤᠯᠠᠨ ᠠᠷᠠᠳ ᠲᠦᠮᠡᠨ ᠤ ᠠᠮᠢ | ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠪᠣᠯᠣᠨ ᠴᠠᠭᠠᠨ ᠰᠠᠷ᠎ᠠ ᠶᠢᠨ ᠬᠤᠭᠤᠴᠠᠭᠠᠨ ᠳᠠᠬᠢ ᠨᠡᠶᠢᠭᠡᠮ ᠤᠨ ᠶᠡᠭᠡ | ᠲᠠᠯ᠎ᠠ ᠶᠢᠨ ᠲᠣᠭᠲᠠᠭᠤᠨ ᠢ ᠦᠨᠡᠨᠬᠦ ᠰᠠᠶᠢᠲᠤᠷ ᠬᠠᠮᠠᠭᠠᠯᠠᠭᠠᠷᠠᠢ ᠭᠡᠪᠡ᠃ | | ᠬᠤᠸᠠᠷ ᠫᠤᠤᠵᠢᠩ ᠤᠨ ᠵᠠᠬ᠎ᠠ ᠳᠡᠯᠭᠡᠭᠦᠷ᠂ ᠾᠧᠩ ᠷᠦᠢ ᠪᠠᠭᠤᠳᠠᠯ᠂ ᠪᠧᠢ ᠭᠤᠸᠠᠩ ᠵᠠᠬ᠎ᠠ ᠳᠡᠯᠭᠡᠭᠦᠷ᠂ | ᠦᠨᠳᠦᠷ ᠬᠤᠷᠳᠤᠴᠠᠲᠤ ᠲᠡᠮᠦᠷ ᠵᠠᠮ ᠤᠨ ᠥᠷᠲᠡᠭᠡᠨ ᠤ ᠣᠶᠢᠷ᠎ᠠ ᠬᠠᠪᠢ ᠶᠢᠨ ᠬᠤᠶᠢᠲᠤ ᠲᠣᠭᠤᠷᠢᠯ ᠵᠠᠮ ᠪᠣᠯᠣᠨ | ᠦᠨᠳᠦᠷ ᠬᠤᠷᠳᠤᠴᠠᠲᠤ ᠲᠡᠮᠦᠷ ᠵᠠᠮ ᠤᠨ ᠥᠷᠲᠡᠭᠡᠨ ᠤ ᠵᠠᠮ ᠤᠨ ᠠᠭᠤᠯᠵᠠᠷ᠂ ᠡᠮᠦᠨᠡᠰᠢ ᠤᠮᠠᠷᠠᠰᠢ ᠴᠢᠭᠯᠡᠯ ᠤᠨ | ᠶᠠᠪᠠᠭᠠᠨ ᠵᠠᠮ ᠵᠡᠷᠭᠡ ᠭᠠᠵᠠᠷ ᠲᠤ ᠯᠢ ᠶᠢᠩ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠬᠦ᠂ ᠬᠠᠷᠢᠭᠤ | ᠮᠡᠳᠡᠭᠦᠯᠦᠯᠲᠡ ᠰᠣᠨᠣᠰᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠬᠤᠸᠠᠷ ᠫᠤᠤᠵᠢᠩ ᠤᠨ ᠠᠮᠤᠷ ᠲᠦᠪᠰᠢᠨ᠂ | ᠵᠠᠬ᠎ᠠ ᠳᠡᠯᠭᠡᠭᠦᠷ ᠤᠨ ᠬᠠᠩᠭᠠᠯᠭ᠎ᠠ ᠶᠢᠨ ᠪᠠᠲᠤᠯᠠᠭ᠎ᠠ᠂ ᠰᠢᠲᠠᠮᠠᠬᠠᠢ ᠬᠡᠢ ᠶᠢᠨ ᠠᠮᠤᠷ ᠲᠦᠪᠰᠢᠨ᠂ ᠢᠳᠡᠭᠡᠨ ᠤ ᠠᠮᠤᠷ | ᠲᠦᠪᠰᠢᠨ᠂ ᠭᠠᠯ ᠤᠨᠲᠠᠷᠠᠭᠠᠬᠤ ᠠᠮᠤᠷ ᠲᠦᠪᠰᠢᠨ᠂ ᠦᠨᠳᠦᠷ ᠬᠤᠷᠳᠤᠴᠠᠲᠤ ᠲᠡᠮᠦᠷ ᠵᠠᠮ ᠤᠨ ᠥᠷᠲᠡᠭᠡᠨ ᠤ | ᠡᠷᠬᠢᠨ ᠲᠣᠭᠤᠷᠢᠨ ᠤ ᠵᠠᠮ ᠬᠠᠷᠢᠯᠴᠠᠭᠠᠨ ᠤ ᠠᠮᠤᠷ ᠲᠦᠪᠰᠢᠨ ᠵᠡᠷᠭᠡ ᠬᠤᠯᠪᠣᠭᠳᠠᠯ ᠪᠦᠬᠦᠢ ᠪᠠᠶᠢᠳᠠᠯ ᠢ ᠨᠠᠷᠢᠨ | ᠣᠶᠢᠯᠠᠭᠠᠪᠠ᠃ | | ᠯᠢ ᠶᠢᠩ᠄ ᠬᠤᠸᠠᠷ ᠫᠤᠤᠵᠢᠩ ᠤᠨ ᠪᠣᠷᠤᠯᠠᠭᠤᠯᠭ᠎ᠠ ᠶᠢᠨ ᠴᠡᠭ ᠤᠨ ᠬᠢᠨ ᠠᠮᠤᠷ ᠲᠦᠪᠰᠢᠨ ᠤ ᠤᠬᠠᠮᠰᠠᠷ ᠢᠶᠠᠨ | ᠳᠡᠭᠡᠭᠰᠢᠯᠡᠭᠦᠯᠵᠦ᠂ ᠡᠯ᠎ᠡ ᠵᠦᠢᠯ ᠤᠨ ᠠᠮᠤᠷ ᠲᠦᠪᠰᠢᠨ ᠤ ᠰᠡᠷᠭᠡᠶᠢᠯᠡᠯᠲᠡ ᠶᠢᠨ ᠠᠷᠭ᠎ᠠ ᠬᠡᠮᠵᠢᠶ᠎ᠡ ᠶᠢ ᠰᠠᠶᠢᠲᠤᠷ ᠬᠢᠵᠦ᠂ | ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠬᠤᠸᠠᠷ ᠫᠤᠤᠵᠢᠩ ᠤᠨ ᠠᠮᠤᠷ ᠲᠦᠪᠰᠢᠨ ᠤ ᠬᠠᠮᠢᠶᠠᠷᠤᠯᠲᠠ ᠪᠠᠨ | ᠴᠢᠩᠭᠠᠳᠬᠠᠵᠤ᠂ ᠠᠮᠤᠷ ᠲᠦᠪᠰᠢᠨ ᠤ ᠳᠠᠯᠳᠠ ᠬᠡᠮ ᠢ ᠡᠷᠡᠰ ᠬᠤᠷᠢᠭᠯᠠᠬᠤ ᠬᠡᠷᠡᠭᠲᠡᠢ︔ ᠢᠳᠡᠭᠡᠨ ᠤᠮᠳᠠᠭᠠᠨ ᠤ | ᠠᠵᠤ ᠠᠬᠤᠶᠢᠯᠠᠯ ᠤᠳ ᠢᠳᠡᠭᠡᠨ ᠤ ᠠᠮᠤᠷ ᠲᠦᠪᠰᠢᠨ ᠤ ᠤᠬᠠᠮᠰᠠᠷ ᠢᠶᠠᠨ ᠴᠢᠩᠭᠠᠳᠬᠠᠵᠤ᠂ ᠢᠳᠡᠭᠡᠨ ᠤ | ᠮᠠᠲ᠋ᠧᠷᠢᠶᠠᠯ ᠤᠨ ᠶᠠᠰᠤ ᠴᠢᠨᠠᠷ ᠢ ᠬᠢᠵᠠᠭᠠᠷᠯᠠᠵᠤ᠂ ᠦᠢᠯᠡᠳᠬᠦ ᠶᠠᠪᠤᠴᠠ ᠶᠢ ᠵᠢᠷᠤᠮᠵᠢᠭᠤᠯᠤᠨ᠂ ᠠᠷᠠᠳ ᠣᠯᠠᠨ ᠤ ︽ | ᠢᠳᠡᠭᠡᠨ ᠤᠮᠳᠠᠭᠠᠨ ᠤ ᠠᠮᠤᠷ ᠲᠦᠪᠰᠢᠨ︾ ᠢ ᠦᠨᠡᠨᠬᠦ ᠪᠠᠲᠤᠯᠠᠬᠤ ᠬᠡᠷᠡᠭᠲᠡᠢ︔ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠡᠷᠴᠢᠮ ᠢ ᠴᠢᠩᠭᠠᠳᠬᠠᠵᠤ᠂ ᠲᠠᠸᠠᠷ ᠤᠨ ᠬᠠᠩᠭᠠᠯᠭ᠎ᠠ ᠭᠦᠢᠴᠡᠳ᠂ ᠦᠨ᠎ᠡ ᠬᠠᠩᠰᠢ ᠶᠢᠨ | ᠲᠣᠭᠲᠠᠭᠤᠨ ᠪᠠᠶᠢᠬᠤ ᠶᠢ ᠪᠠᠲᠤᠯᠠᠵᠤ᠂ ᠠᠷᠠᠳ ᠤᠯᠠᠨ ᠤ ᠴᠠᠭᠠᠨ ᠰᠠᠷ᠎ᠠ ᠶᠢᠨ ᠬᠤᠭᠤᠴᠠᠭᠠᠨ ᠳᠠᠬᠢ ᠬᠡᠷᠡᠭᠯᠡᠭᠡᠨ ᠤ | ᠬᠡᠷᠡᠭᠴᠡᠭᠡ ᠶᠢ ᠪᠠᠲᠤᠯᠠᠬᠤ ᠬᠡᠷᠡᠭᠲᠡᠢ︔ ᠰᠢᠲᠠᠮᠠᠬᠠᠢ ᠬᠡᠢ ᠶᠢ ᠬᠡᠷᠡᠭᠯᠡᠬᠦ ᠠᠵᠤ ᠠᠬᠤᠶᠢᠯᠠᠯ ᠤᠨ ᠬᠢᠨ ᠠᠮᠤᠷ | ᠲᠦᠪᠰᠢᠨ ᠤ ᠤᠬᠠᠮᠰᠠᠷ ᠢᠶᠠᠨ ᠴᠢᠩᠭᠠᠳᠬᠠᠵᠤ᠂ ᠡᠯ᠎ᠡ ᠵᠦᠢᠯ ᠤᠨ ᠠᠵᠢᠯᠯᠠᠭᠠᠨ ᠤ ᠵᠢᠷᠤᠮᠵᠢᠯ ᠢ ᠴᠢᠩᠭ᠎ᠠ | ᠨᠠᠶᠢᠳᠠᠪᠤᠷᠢᠵᠢᠭᠤᠯᠤᠨ᠂ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠰᠢᠲᠠᠮᠠᠬᠠᠢ ᠬᠡᠢ ᠶᠢ ᠬᠡᠷᠡᠭᠯᠡᠬᠦ ᠡᠯ᠎ᠡ | ᠭᠤᠭᠴᠤᠭ᠎ᠠ ᠶᠢ ᠴᠢᠩᠭ᠎ᠠ ᠠᠩᠬᠠᠷᠴᠤ᠂ ᠰᠢᠲᠠᠮᠠᠬᠠᠢ ᠬᠡᠢ ᠶᠢᠨ ᠠᠳᠡᠯ ᠭᠠᠷᠬᠤ ᠶᠢ ᠡᠷᠡᠰ ᠬᠤᠷᠢᠭᠯᠠᠬᠤ ᠬᠡᠷᠡᠭᠲᠡᠢ︔ | ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠭᠠᠯ ᠤᠨᠲᠠᠷᠠᠭᠠᠬᠤ ᠠᠮᠤᠷ ᠲᠦᠪᠰᠢᠨ ᠤ ᠠᠵᠢᠯ ᠢ ᠳᠡᠭᠡᠳᠦ | ᠬᠡᠮᠵᠢᠶ᠎ᠡ ᠪᠠᠷ ᠴᠢᠬᠤᠯᠠᠴᠢᠯᠠᠵᠤ᠂ ᠭᠠᠯ ᠤᠨᠲᠠᠷᠠᠭᠠᠬᠤ ᠠᠮᠤᠷ ᠲᠦᠪᠰᠢᠨ ᠤ ᠬᠡᠮ ᠰᠣᠭᠤᠭ ᠢ ᠶᠡᠬᠡᠪᠡᠷ ᠵᠢᠭᠰᠠᠭᠠᠨ | ᠪᠠᠶᠢᠴᠠᠭᠠᠵᠤ᠂ ᠭᠠᠯ ᠤᠨᠲᠠᠷᠠᠭᠠᠬᠤ ᠠᠮᠤᠷ ᠲᠦᠪᠰᠢᠨ ᠤ ᠲᠥᠬᠦᠭᠡᠷᠦᠮᠵᠢ ᠶᠢ ᠲᠡᠭᠦᠯᠳᠡᠷᠵᠢᠭᠦᠯᠦᠨ᠂ ᠭᠠᠯ ᠤᠨ | ᠭᠠᠮᠰᠢᠭ ᠤᠨ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠢ︔ ᠴᠠᠭᠠᠨ | ᠰᠠᠷ᠎ᠠ ᠶᠢᠨ ᠵᠥᠭᠡᠭᠡᠪᠦᠷᠢ ᠶᠢᠨ ᠬᠤᠭᠤᠴᠠᠭᠠᠨ ᠳᠠᠬᠢ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠮᠢᠶᠠᠷᠤᠯᠲᠠ ᠶᠢᠨ | ᠠᠵᠢᠯ ᠢ ᠰᠠᠶᠢᠲᠤᠷ ᠬᠢᠵᠦ᠂ ᠦᠨᠳᠦᠷ ᠬᠤᠷᠳᠤᠴᠠᠲᠤ ᠲᠡᠮᠦᠷ ᠵᠠᠮ ᠤᠨ ᠥᠷᠲᠡᠭᠡᠨ ᠤ ᠡᠷᠬᠢᠨ ᠲᠣᠭᠤᠷᠢᠨ ᠤ ᠵᠠᠮ ᠢ | ᠴᠠᠭ ᠲᠤᠬᠠᠢ ᠳᠤᠨᠢ ᠰᠠᠭᠠᠳ ᠦᠭᠡᠢ ᠨᠠᠪᠲᠠᠷᠡᠭᠦᠯᠵᠦ᠂ ᠵᠠᠮ ᠬᠠᠷᠢᠯᠴᠠᠭᠠᠨ ᠤ ᠠᠮᠤᠷ ᠲᠦᠪᠰᠢᠨ ᠤ ᠠᠳᠡᠯ ᠭᠠᠷᠬᠤ ᠶᠢ | ᠠᠯᠢ ᠴᠢᠳᠠᠬᠤ ᠪᠠᠷ ᠰᠡᠷᠭᠡᠶᠢᠯᠡᠨ ᠪᠠᠭᠠᠰᠬᠠᠬᠤ ᠬᠡᠷᠡᠭᠲᠡᠢ ᠭᠡᠪᠡ᠃ | | | | ᠵᠣᠬᠢᠶᠠᠭᠴᠢ᠄ ᠴᠧᠨ ᠸᠧᠨ ᠵᠢᠶᠧ | ᠨᠠᠶᠢᠷᠠᠭᠤᠯᠤᠭᠴᠢ᠄ ᠯᠢ ᠰᠧ ᠬᠤᠢ | ᠬᠢᠨᠠᠨ ᠬᠠᠷᠭᠤᠭᠤᠯᠤᠭᠴᠢ᠄ ᠶᠠᠨ ᠬᠤᠸᠠᠢ ᡁᠢ | ᠤᠷᠴᠢᠭᠤᠯᠤᠭᠴᠢ᠄ ᠬᠠᠨ ᠰᠢᠶᠤᠤ ᠿᠦᠩ | ᠬᠢᠨᠠᠭᠴᠢ᠄ ᠼᠦᠢ ᠶᠢᠩ | |