2025 ᠣᠨ ᠤ ᠹᠧᠩᠵᠧᠨ ᠬᠤᠲᠠ ᠶᠢᠨ ᠴᠠᠭᠠᠨ ᠰᠠᠷ᠎ᠠ ᠶᠢᠨ ᠦᠳᠡᠰᠢᠯᠡᠭᠡ ᠬᠤᠲᠠ ᠶᠢᠨ ᠬᠠᠮᠲᠤᠷᠠᠭᠰᠠᠨ ᠲᠣᠭᠯᠠᠯᠲᠠ ᠶᠢᠨ ᠲᠥᠪ ᠲᠤ ᠭᠤᠶᠢᠳᠠ ᠰᠠᠶᠢᠬᠠᠨ ᠶᠠᠪᠤᠬᠳᠠᠪᠠ
ᠨᠡᠶᠢᠲᠡᠯᠡᠭᠰᠡᠨ ᠴᠠᠭ᠄
2025/1/27
  ᠴᠠᠭᠠᠨ ᠰᠠᠷ᠎ᠠ ᠶᠢᠨ ᠪᠠᠶᠠᠷ ᠣᠶᠢᠷᠠᠳᠬᠤ ᠶᠢ ᠳᠠᠭᠠᠯᠳᠤᠨ᠂ 1 ᠰᠠᠷ᠎ᠠ ᠶᠢᠨ 23 ᠤ ᠡᠳᠦᠷ᠂ ᠪᠦᠬᠦ ᠬᠤᠳᠠ ᠶᠢᠨ ᠠᠷᠠᠳ ᠲᠦᠮᠡᠨ ᠤ ᠬᠦᠰᠡᠯ ᠡᠷᠡᠮᠡᠯᠵᠡᠯ ᠢ ᠪᠠᠭᠳᠠᠭᠠᠬᠰᠠᠨ 2025 ᠣᠨ ᠤ  ᠹᠧᠩᠵᠧᠨ ᠬᠤᠳᠠ ᠶᠢᠨ ᠴᠠᠭᠠᠨ ᠰᠠᠷ᠎ᠠ ᠶᠢᠨ ᠦᠳᠡᠰᠢᠯᠡᠭᠡ ᠬᠤᠳᠠ ᠶᠢᠨ ᠬᠠᠮᠲᠤᠷᠠᠭᠰᠠᠨ ᠲᠣᠭᠯᠠᠯᠲᠠ ᠶᠢᠨ ᠲᠥᠪ ᠲᠤ ᠦᠪᠡᠳᠡᠭᠰᠢ ᠶᠡᠭᠡ ᠪᠠᠷ ᠡᠬᠢᠯᠡᠪᠡ᠃ ᠲᠤᠬᠠᠢ ᠶᠢᠨ ᠣᠷᠣᠢ᠂ ᠹᠧᠩᠵᠧᠨ ᠬᠤᠲᠠ ᠶᠢᠨ ᠬᠠᠮ ᠵᠠᠭᠤᠴᠢᠯᠠᠭᠤᠷ ᠤᠨ ᠲᠥᠪ ᠤᠨ ᠡᠯ᠎ᠡ ᠲᠠᠪᠴᠠᠩ ᠢ ᠵᠡᠷᠭᠡᠪᠡᠷ ᠰᠢᠭᠤᠳ ᠨᠠᠪᠲᠠᠷᠡᠭᠦᠯᠵᠦ᠂ ᠪᠦᠬᠦ ᠬᠤᠲᠠ ᠶᠢᠨ ᠠᠷᠠᠳ ᠲᠦᠮᠡᠨ ᠳᠤ ᠰᠢᠨ᠎ᠡ ᠵᠢᠯ ᠤᠨ ᠦᠨᠦᠷ ᠠᠮᠲᠠ ᠲᠠᠢ᠂ ᠭᠤᠶᠢᠳᠠ ᠰᠠᠶᠢᠬᠠᠨ ᠦᠵᠡᠵᠦ ᠰᠣᠨᠣᠰᠬᠤ ᠦᠪᠡᠳᠡᠭᠰᠢ ᠳᠠᠶᠢᠯᠠᠯᠭ᠎ᠠ ᠶᠢ ᠬᠦᠷᠭᠡᠪᠡ᠃
 ᠬᠤᠲᠠ ᠶᠢᠨ ᠨᠠᠮ ᠤᠨ ᠬᠤᠷᠢᠶᠠᠨ ᠤ ᠱᠦᠵᠢ ᠯᠢ ᠶᠢᠩ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠣᠷᠣᠯᠠᠭᠴᠢ ᠬᠤᠲᠠ ᠶᠢᠨ ᠳᠠᠷᠤᠭ᠎ᠠ ᠯᠢ ᠱᠦ ᠸᠧᠢ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠵᠠᠩ ᠬᠤᠩ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠵᠠᠩ ᠵᠢᠶᠦ᠋ᠨ ᠵᠡᠷᠭᠡ ᠬᠤᠲᠠ ᠶᠢᠨ ᠤᠳᠤᠷᠢᠳᠤᠯᠭ᠎ᠠ ᠨᠠᠷ ᠣᠯᠠᠨ ᠲᠦᠮᠡᠨ ᠲᠠᠢ ᠬᠠᠮᠲᠤ ᠪᠠᠷ ᠲᠣᠭᠯᠠᠯᠲᠠ ᠶᠢ ᠰᠣᠨᠢᠷᠬᠠᠵᠤ᠂ ᠴᠠᠭᠠᠨ ᠰᠠᠷ᠎ᠠ ᠶᠢ ᠤᠭᠳᠤᠪᠠ᠃
   ᠡᠨᠡ ᠤᠳᠠᠭᠠᠨ ᠤ ᠴᠠᠭᠠᠨ ᠰᠠᠷ᠎ᠠ ᠶᠢᠨ ᠦᠳᠡᠰᠢᠯᠡᠭᠡ ᠨᠢ ︽ᠹᠧᠩᠴᠤᠸᠠᠨ ᠤ ᠰᠠᠶᠢᠬᠠᠨ ᠮᠤᠭᠠᠢ ᠵᠢᠯ᠂ ᠵᠣᠯ  ᠵᠢᠷᠭᠠᠯᠳᠠᠢ ᠴᠤᠭᠯᠠᠷᠠᠭᠰᠠᠨ ᠵᠢᠯ︾ ᠢᠶᠠᠷ ᠭᠤᠣᠯ ᠰᠡᠳᠦᠪ ᠪᠣᠯᠭᠠᠵᠤ᠂ ᠰᠢᠨ᠎ᠡ ᠵᠢᠯ ᠳᠤ ᠪᠠᠨ ᠬᠥᠮᠥᠰ ᠤᠨ ᠲᠦᠮᠡᠨ ᠬᠡᠷᠡᠭ ᠲᠡᠭᠦᠰ ᠪᠦᠲᠦᠵᠦ᠂ ᠠᠮᠵᠢᠯᠳᠠ ᠲᠡᠭᠦᠯᠳᠡᠷ ᠠᠶᠠᠨ ᠵᠠᠮ ᠢᠶᠠᠨ ᠡᠬᠢᠯᠡᠭᠦᠯᠬᠦ ᠶᠢ ᠪᠡᠯᠭᠡᠳᠡᠪᠡ᠃ ᠲᠠᠶᠢᠰᠠᠨ ᠤ ᠵᠢᠷᠤᠭ ᠲᠥᠯᠥᠪᠯᠡᠭᠡ ᠨᠢ ᠥᠪᠡᠷᠮᠢᠴᠡ ᠤᠷᠠᠨ ᠠᠪᠢᠶᠠᠰ ᠲᠠᠢ᠂ ᠤᠯᠠᠮᠵᠢᠯᠠᠯᠲᠤ ᠡᠯᠧᠮᠧᠨ᠋ᠲ ᠪᠠ ᠣᠲᠣ ᠦᠶ᠎ᠡ ᠶᠢᠨ ᠰᠢᠨᠵᠢᠯᠡᠬᠦ ᠤᠬᠠᠭᠠᠨ ᠮᠡᠷᠭᠡᠵᠢᠯ ᠢ ᠲᠡᠭᠦᠯᠳᠡᠷ ᠰᠠᠶᠢᠬᠠᠨ ᠠᠭᠤᠰᠤᠯᠴᠠᠭᠤᠯᠤᠨ᠂ ᠥᠯᠵᠡᠢ ᠪᠡᠯᠭᠡ ᠲᠠᠢ ᠶᠣᠭᠲᠠ ᠤᠳᠬ᠎ᠠ ᠪᠦᠬᠦᠢ ᠲᠠᠶᠢᠰᠠᠨ ᠤ ᠣᠷᠣᠨ ᠵᠠᠢ ᠶᠢ ᠡᠭᠦᠳᠦᠨ ᠪᠦᠲᠦᠭᠡᠵᠦ᠂ ᠭᠤᠶᠣ ᠰᠠᠶᠢᠬᠠᠨ ᠬᠠᠷᠠᠭᠠᠨ ᠰᠡᠷᠡᠯ ᠤᠨ ᠦᠷ᠎ᠡ ᠳ᠋ᠦᠩ ᠢ ᠪᠣᠶ ᠪᠣᠯᠭᠠᠭᠰᠠᠨ ᠪᠠᠶᠢᠨ᠎ᠠ᠃
   ᠪᠦᠬᠦ᠋ᠢᠯᠡ ᠦᠳᠡᠰᠢᠯᠡᠭᠡ ᠶᠢ ︽ᠬᠠᠪᠤᠷ ᠤᠨ ᠴᠡᠴᠡᠭ ᠳᠡᠯᠭᠡᠷᠡᠭᠰᠡᠨ ᠨᠢ︾᠂ ︽ᠬᠠᠪᠤᠷ ᠤᠨ ᠴᠤᠭᠯᠠᠷᠠᠯ︾᠂ ︽ᠬᠠᠪᠤᠷ ᠤᠨ ᠤᠷᠢᠬᠠᠨ ᠰᠠᠯᠬᠢ︾᠂ ︽ᠬᠠᠪᠤᠷ ᠤᠨ ᠤᠷᠤᠭᠰᠢᠯᠠᠯᠲᠠ︾ ᠭᠡᠬᠦ ᠳᠥᠷᠪᠡᠨ ᠪᠦᠯᠦᠭ ᠬᠤᠪᠢᠶᠠᠵᠤ᠂ ᠲᠣᠭᠯᠠᠯᠲᠠ  ᠶᠢᠨ ᠬᠡᠯᠪᠡᠷᠢ ᠨᠢ ᠪᠠᠶᠠᠯᠢᠭ ᠰᠠᠶᠢᠬᠠᠨ ᠪᠠᠶᠢᠵᠤ᠂ ᠳᠠᠭᠤᠤ ᠪᠥᠵᠢᠭ᠂ ᠱᠤᠭ ᠵᠦᠴᠦᠭᠡ᠂ ᠭᠤᠴᠣᠯᠠᠯ ᠶᠠᠷᠢᠶ᠎ᠠ᠂ ᠮᠣᠩᠭᠤᠯ ᠬᠥᠭᠵᠢᠮᠳᠡᠭᠦᠷ ᠤᠨ ᠬᠥᠭᠵᠢᠮ᠂ ᠶᠧᠯᠸᠢ ᠵᠡᠷᠭᠡ ᠣᠯᠠᠨ ᠵᠦᠢᠯ ᠤᠨ ᠤᠷᠠᠯᠢᠭ ᠤᠨ ᠬᠡᠯᠪᠡᠷᠢ ᠶᠢ ᠬᠠᠮᠤᠷᠴᠤ᠂ ᠠᠳᠠᠯᠢ ᠪᠤᠰᠤ ᠨᠠᠰᠤ ᠵᠢᠯ᠂ ᠠᠳᠠᠯᠢ ᠪᠤᠰᠤ ᠳᠤᠷ᠎ᠠ ᠪᠠᠬ᠎ᠠ ᠲᠠᠢ ᠦᠵᠡᠭᠴᠢᠳ ᠤᠨ ᠬᠡᠷᠡᠭᠴᠡᠭᠡ ᠶᠢ ᠬᠠᠩᠭᠠᠭᠰᠠᠨ ᠪᠠᠶᠢᠨ᠎ᠠ᠃ ᠡᠬᠢᠯᠡᠯᠲᠡ ᠶᠢᠨ ᠳᠠᠭᠤᠤ ᠪᠥᠵᠢᠭ ︽ᠴᠠᠭᠠᠨ ᠰᠠᠷ᠎ᠠ ᠢᠷᠡᠯ᠎ᠡ︾ ᠭᠡᠬᠦ ᠳᠠᠭᠤᠤ ᠪᠥᠵᠢᠭ ᠤᠨ ᠠᠶᠢᠵᠠᠮ ᠨᠢ ᠪᠠᠶᠠᠷ ᠬᠦᠷ ᠲᠠᠢ ᠪᠠᠶᠢᠵᠤ᠂ ᠪᠥᠵᠢᠭ ᠤᠨ ᠳᠦᠷᠢ ᠪᠠᠶᠢᠳᠠᠯ ᠭᠤᠶᠢᠳᠠ ᠰᠠᠶᠢᠬᠠᠨ ᠪᠠᠶᠢᠵᠤ᠂ ᠭᠱᠠᠨ ᠵᠠᠭᠤᠷ᠎ᠠ ᠲᠤᠬᠠᠢ ᠶᠢᠨ ᠲᠠᠯᠠᠪᠠᠢ ᠶᠢᠨ ᠠᠭᠤᠷ ᠠᠮᠢᠰᠬᠤᠯ ᠢ ᠬᠥᠭᠵᠢᠭᠡᠵᠦ᠂ ᠦᠵᠡᠭᠴᠢᠳ ᠢ ᠪᠠᠶᠠᠷ ᠬᠦᠷ ᠲᠠᠢ ᠥᠯᠵᠡᠢ ᠪᠡᠯᠭᠡ ᠲᠠᠢ ᠰᠢᠨ᠎ᠡ ᠵᠢᠯ ᠤᠨ ᠠᠭᠤᠷ ᠠᠮᠢᠰᠬᠤᠯ ᠳᠤ ᠣᠷᠣᠭᠤᠯᠪᠠ᠃ ᠱᠤᠭ ᠵᠦᠴᠦᠭᠡ ︽ᠰᠠᠶᠢᠨ ︿ᠨᠠᠶᠢᠵᠠ﹀ ᠢᠷᠡᠯ᠎ᠡ︾ ᠭᠡᠳᠡᠭ ᠨᠢ ᠰᠠᠶ᠋ᠢᠬᠠᠨ ᠲᠡᠷᠭᠡ ᠨᠡᠪᠲᠡᠷᠡᠭᠰᠡᠨ ᠵᠢᠨᠢᠩ—ᠳ᠋ᠠᠲ᠋ᠦ᠋ᠩ — ᠶᠤᠸᠠᠨ ᠫᠢᠩ ᠤᠨ ᠦᠨᠳᠦᠷ ᠬᠤᠷᠳᠤᠴᠠᠲᠤ ᠲᠡᠮᠦᠷ ᠵᠠᠮ ᠢᠶᠠᠷ ᠠᠷᠤ ᠦᠵᠡᠭᠳᠡᠯ ᠪᠣᠯᠭᠠᠵᠤ᠂ ᠹᠧᠩᠵᠧᠨ ᠤ ᠬᠤᠶᠢᠲᠤ ᠥᠷᠲᠡᠭᠡᠨ ᠤ ᠡᠳᠦᠷ ᠲᠤᠳᠤᠮ ᠤᠨ ᠠᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠱᠤᠭ ᠶᠦᠮᠦᠷ ᠲᠣᠭᠯᠠᠯᠲᠠ ᠪᠠᠷ ᠶᠡᠭᠡ ᠭᠡᠷ ᠪᠦᠯᠢ ᠶᠢᠨ ᠬᠠᠯᠠᠭᠤᠨ ᠳᠤᠯᠠᠭᠠᠨ ᠪᠠ ᠵᠣᠯ ᠵᠢᠷᠭᠠᠯ ᠢ ᠳᠡᠯᠭᠡᠨ ᠦᠵᠡᠭᠦᠯᠵᠦ᠂ ᠦᠵᠡᠭᠴᠢᠳ ᠤᠨ ᠰᠡᠳᠬᠢᠯ ᠢ ᠶᠡᠬᠡᠳᠡ ᠴᠤᠤᠷᠢᠶᠠᠲᠤᠭᠤᠯᠵᠤ᠂ ᠲᠤᠬᠠᠢ ᠶᠢᠨ ᠲᠠᠯᠠᠪᠠᠢ ᠳᠤ ᠢᠨᠢᠶᠡᠯᠳᠦᠬᠦ ᠲᠠᠭᠤᠨ ᠪᠠ ᠠᠯᠠᠭ᠎ᠠ ᠲᠠᠰᠢᠯᠳᠠ ᠶᠢᠨ ᠲᠠᠭᠤᠨ ᠢᠶᠠᠷ ᠪᠢᠯᠬᠠᠨ᠎ᠠ᠃
   ᠪᠠᠶᠠᠷ ᠬᠦᠷ ᠲᠠᠢ ᠠᠭᠤᠷ ᠠᠮᠢᠰᠬᠤᠯ ᠤᠨ ᠳᠤᠮᠳᠠ᠂ 2025 ᠣᠨ ᠤ ᠹᠧᠩᠵᠧᠨ ᠬᠤᠳᠠ ᠶᠢᠨ ᠴᠠᠭᠠᠨ ᠰᠠᠷ᠎ᠠ ᠶᠢᠨ ᠦᠳᠡᠰᠢᠯᠡᠭᠡ ᠨᠢ ᠲᠡᠭᠦᠰ ᠠᠮᠵᠢᠯᠲᠠ ᠲᠠᠢ ᠦᠨᠳᠦᠷᠯᠡᠪᠡ᠃ ᠡᠨᠡᠬᠦ ᠴᠠᠭᠠᠨ ᠰᠠᠷ᠎ᠠ ᠶᠢᠨ ᠦᠳᠡᠰᠢᠯᠡᠭᠡ ᠨᠢ ᠥᠩᠭᠡᠷᠡᠭᠰᠡᠨ ᠨᠢᠭᠡ ᠵᠢᠯ ᠤᠨ ᠹᠧᠩᠵᠧᠨ ᠤ ᠬᠥᠭᠵᠢᠯᠲᠡ ᠶᠢᠨ ᠲᠤᠬᠠᠢ ᠡᠷᠭᠢᠴᠡᠭᠦᠯᠦᠯ ᠪᠠ ᠳ᠋ᠦᠩᠨᠡᠯᠲᠡ ᠪᠣᠯᠬᠤ ᠪᠠᠷ ᠪᠠᠷᠠᠬᠤ ᠦᠭᠡᠢ᠂ ᠨᠠᠩ ᠴᠤ ᠰᠢᠨ᠎ᠡ ᠨᠢᠭᠡ ᠵᠢᠯ ᠤᠨ ᠲᠤᠬᠠᠢ ᠪᠠᠷᠠᠯᠠᠯ ᠪᠠ ᠵᠥᠩᠨᠡᠯ ᠪᠠᠶᠢᠵᠤ᠂ ᠪᠥᠬᠦ ᠬᠤᠲᠠ ᠶᠢᠨ ᠠᠷᠠᠳ ᠲᠦᠮᠡᠨ ᠤ ᠰᠢᠨ᠎ᠡ ᠠᠶᠠᠨ ᠵᠠᠮ ᠳᠠᠭᠠᠨ ᠭᠠᠷ ᠬᠤᠯᠪᠣᠨ ᠡᠷᠡᠯᠬᠡᠭᠯᠡᠨ ᠤᠷᠤᠭᠰᠢᠯᠠᠵᠤ᠂ ᠨᠠᠩ ᠰᠠᠶᠢᠨ ᠰᠠᠶᠢᠬᠠᠨ ᠢᠷᠡᠭᠡᠳᠦᠢ ᠶᠢ ᠬᠠᠮᠲᠤᠪᠠᠷ ᠡᠭᠦᠳᠦᠨ ᠪᠦᠲᠦᠭᠡᠬᠦ ᠶᠢ ᠵᠣᠷᠢᠭᠵᠢᠭᠤᠯᠵᠤ᠂ ᠲᠡᠭᠦᠨ ᠤ ᠳᠠᠮᠵᠢᠭᠤᠯᠤᠭᠰᠠᠨ ᠪᠠᠶᠠᠷ ᠪᠠᠭ᠋ᠠᠳᠤᠯ᠂ ᠬᠠᠯᠠᠭᠤᠨ ᠳᠤᠯᠠᠭᠠᠨ ᠪᠠ ᠬᠦᠰᠡᠯ ᠡᠷᠡᠮᠡᠯᠵᠡᠯ ᠨᠢ ᠪᠥᠬᠦ ᠬᠤᠲᠠ ᠶᠢᠨ ᠠᠷᠠᠳ ᠲᠦᠮᠡᠨ ᠢ ᠨᠢᠭᠡᠨ ᠰᠠᠶᠢᠨ ᠰᠠᠶᠢᠬᠠᠨ ᠴᠠᠭᠠᠨ ᠰᠠᠷ᠎ᠠ ᠶᠢ ᠥᠩᠭᠡᠷᠡᠭᠦᠯᠬᠦ ᠪᠣᠯᠣᠨ᠎ᠠ᠃         ᠵᠣᠬᠢᠶᠠᠭᠴᠢ᠄ ᠪᠠᠢ ᠯᠢ ᠨᠠ  ᠸᠠᠩ ᠨᠢᠩ ᠪᠦᠸᠧ  ᠬᠤᠤ ᠴᠧᠨ ᠹᠧᠩ  ᠭᠦᠸᠧ ᠾᠦᠢ ᠮᠢᠨ         ᠨᠠᠶᠢᠷᠠᠭᠤᠯᠤᠭᠴᠢ᠄ ᠯᠢ ᠰᠧ ᠬᠤᠢ         ᠬᠢᠨᠠᠨ ᠬᠠᠷᠭᠤᠭᠤᠯᠤᠭᠴᠢ᠄ ᠶᠠᠨ ᠬᠤᠸᠠᠢ ᡁᠢ         ᠤᠷᠴᠢᠭᠤᠯᠤᠭᠴᠢ᠄ ᠬᠠᠨ ᠰᠢᠶᠤᠤ ᠿᠦᠩ         ᠬᠢᠨᠠᠭᠴᠢ᠄ ᠼᠦᠢ ᠶᠢᠩ
 
ᠢᠷᠡᠯᠲᠡ᠄ ᠠᠮᠢᠵᠢᠷᠠᠯ ᠪᠢᠯᠬᠠᠭᠰᠠᠨ ᠹᠧᠩᠵᠧᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000072号-3