ᠳᠤᠮᠳᠠᠳᠤ ᠤᠯᠤᠰ ᠤᠨ ᠡᠪ ᠬᠠᠮᠲᠤ ᠵᠠᠯᠠᠭᠤᠴᠤᠳ ᠤᠨ ᠡᠪᠯᠡᠯ ᠤᠨ ᠹᠧᠩᠵᠧᠨ ᠬᠤᠲᠠ ᠶᠢᠨ ᠳᠥᠷᠪᠡᠳᠦᠭᠡᠷ ᠤᠳᠠᠭᠠᠨ ᠤ ᠲᠥᠯᠥᠭᠡᠯᠡᠭᠴᠢᠳ ᠤᠨ ᠶᠡᠭᠡ ᠬᠤᠷᠠᠯ ᠬᠤᠲᠠ ᠶᠢᠨ ᠲᠥᠯᠦᠪᠵᠢᠭᠦᠯᠭᠡ ᠶᠢᠨ ᠦᠵᠡᠰᠬᠦᠯᠡᠩ ᠤᠨ ᠣᠷᠳᠣᠨ ᠳᠤ ᠬᠤᠷᠠᠯᠳᠤᠪᠠ
ᠨᠡᠶᠢᠲᠡᠯᠡᠭᠰᠡᠨ ᠴᠠᠭ᠄
2025/1/27
  1 ᠰᠠᠷ᠎ᠠ ᠶᠢᠨ 26 ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠵᠠᠯᠠᠭᠤᠴᠤᠳ ᠤᠨ ᠡᠪᠯᠡᠯ ᠤᠨ ᠹᠧᠩᠵᠧᠨ ᠬᠤᠲᠠ ᠶᠢᠨ ᠳᠥᠷᠪᠡᠳᠦᠭᠡᠷ ᠤᠳᠠᠭᠠᠨ ᠤ ᠲᠥᠯᠥᠭᠡᠯᠡᠭᠴᠢᠳ ᠤᠨ ᠶᠡᠭᠡ ᠬᠤᠷᠠᠯ ᠬᠤᠲᠠ ᠶᠢᠨ ᠲᠥᠯᠦᠪᠵᠢᠭᠦᠯᠭᠡ ᠶᠢᠨ ᠦᠵᠡᠰᠬᠦᠯᠡᠩ ᠤᠨ ᠣᠷᠳᠣᠨ ᠳᠤ ᠬᠤᠷᠠᠯᠳᠤᠪᠠ᠃
   ᠬᠤᠳᠠ ᠶᠢᠨ ᠨᠠᠮ ᠤᠨ ᠬᠤᠷᠢᠶᠠᠨ ᠤ ᠱᠦᠵᠢ ᠯᠢ ᠶᠢᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ︔ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠲᠠ ᠶᠢᠨ ᠳᠠᠷᠤᠭ᠎ᠠ ᠯᠢ ᠱᠦ ᠸᠧᠢ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠵᠠᠩ ᠬᠤᠩ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠵᠠᠩ ᠵᠢᠶᠦ᠋ᠨ ᠵᠡᠷᠭᠡ ᠬᠤᠲᠠ ᠶᠢᠨ ᠤᠳᠤᠷᠢᠳᠤᠯᠭ᠎ᠠ ᠨᠠᠷ ᠬᠤᠷᠠᠯ ᠳᠤ ᠣᠷᠣᠯᠴᠠᠪᠠ᠃ ᠬᠤᠷᠠᠯ ᠠᠴᠠ ᠳᠤᠮᠳᠠᠳᠤ ᠤᠯᠤᠰ ᠤᠨ ᠡᠪ ᠬᠠᠮᠲᠤ ᠵᠠᠯᠠᠭᠤᠴᠤᠳ ᠤᠨ ᠡᠪᠯᠡᠯ ᠤᠨ ᠤᠯᠠᠭᠠᠨᠴᠠᠪ ᠬᠤᠳᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ ᠭᠤᠤ ᠫᠧᠩ ᠹᠧᠢ ᠶᠢ ᠣᠨᠴᠠᠭᠠᠶᠢᠯᠠᠨ ᠤᠷᠢᠵᠤ ᠬᠤᠷᠠᠯ ᠳᠤ ᠣᠷᠣᠯᠴᠠᠭᠤᠯᠵᠤ ᠵᠢᠭᠠᠨ ᠵᠢᠯᠤᠭᠤᠳᠤᠭᠤᠯᠪᠠ᠃    ᠵᠠᠰᠠᠭ ᠤᠨ ᠣᠷᠳᠣᠨ ᠤ ᠳᠡᠳ᠋ ᠬᠤᠲᠠ ᠶᠢᠨ ᠳᠠᠷᠤᠭ᠎ᠠ ᠸᠠᠩ ᠵᠢᠶᠠᠨ ᠬᠤᠷᠠᠯ ᠢ ᠡᠷᠭᠢᠯᠡᠪᠡ᠃    ᠲᠤᠰ ᠤᠳᠠᠭ᠎ᠠ ᠶᠢᠨ ᠶᠡᠭᠡ ᠬᠤᠷᠠᠯ ᠳᠤ ᠣᠷᠣᠯᠴᠠᠬᠤ ᠶᠣᠰᠣᠲᠠᠢ ᠲᠥᠯᠥᠭᠡᠯᠡᠭᠴᠢ 115 ᠬᠥᠮᠥᠨ᠂ ᠬᠤᠷᠠᠯ ᠳᠤ ᠪᠣᠳᠠᠲᠠᠢ ᠣᠷᠣᠯᠴᠠᠭᠰᠠᠨ ᠨᠢ 107 ᠬᠥᠮᠥᠨ ᠪᠠᠶᠢᠵᠤ᠂ ᠲᠣᠭᠲᠠᠭᠰᠠᠨ ᠬᠥᠮᠥᠨ ᠤ ᠲᠤᠭ᠎ᠠ ᠳᠤ  ᠨᠡᠶᠢᠴᠡᠨ᠎ᠡ᠃    ᠬᠤᠷᠠᠯ ᠳᠡᠭᠡᠷ᠎ᠡ᠂ ᠪᠠᠭᠠᠴᠤᠳ ᠤᠨ ᠬᠤᠰᠢᠭᠤᠴᠢ ᠠᠩᠭᠢ ᠶᠢᠨ ᠭᠡᠰᠢᠭᠦᠳ ᠤᠨ ᠲᠥᠯᠥᠭᠡᠯᠡᠭᠴᠢ ᠪᠠᠶᠠᠷ ᠤᠨ ᠦᠭᠡ ᠳᠡᠪᠰᠢᠭᠦᠯᠪᠡ︔ ᠬᠤᠳᠠ ᠶᠢᠨ ᠤᠳᠬ᠎ᠠ ᠤᠷᠠᠯᠢᠭ ᠤᠨ ᠬᠢᠨ ᠤ ᠬᠤᠯᠪᠣᠭ᠎ᠠ ᠶᠢᠨ ᠬᠠᠷᠢᠭᠤᠴᠠᠯᠭᠠᠲᠠᠨ ᠤᠯᠠᠨ ᠲᠦᠮᠡᠨ ᠤ ᠪᠦᠯᠬᠦᠮ ᠤᠨ ᠵᠣᠬᠢᠶᠠᠨ ᠪᠠᠶᠢᠭᠤᠯᠤᠯᠲᠠ ᠶᠢ ᠲᠥᠯᠥᠭᠡᠯᠡᠨ ᠶᠡᠭᠡ ᠬᠤᠷᠠᠯ ᠳᠤ ᠪᠠᠶᠠᠷ ᠤᠨ ᠦᠭᠡ ᠢᠯᠡᠭᠡᠪᠡ︔ ᠭᠤᠤ ᠫᠧᠩ ᠹᠧᠢ ᠬᠤᠷᠠᠯ ᠳᠡᠭᠡᠷ᠎ᠡ ᠪᠠᠶᠠᠷ ᠤᠨ ᠶᠠᠷᠢᠶ᠎ᠠ ᠲᠠᠯᠪᠢᠵᠤ᠂ ᠶᠡᠭᠡ ᠬᠤᠷᠠᠯ ᠤᠨ ᠬᠤᠷᠠᠯᠳᠤᠬᠤ ᠳᠤ ᠬᠦᠰᠡᠯ ᠱᠠᠭᠠᠷᠳᠠᠯᠭ᠎ᠠ ᠳᠤᠷᠠᠳᠪᠠ᠃
   ᠯᠢ ᠶᠢᠩ ᠶᠠᠷᠢᠶᠠᠨ ᠳᠠᠭᠠᠨ᠄ ᠰᠢᠨ᠎ᠡ ᠴᠠᠭ ᠦᠶ᠎ᠡ ᠨᠢ ᠰᠢᠨ᠎ᠡ ᠵᠠᠯᠠᠭᠤᠴᠤᠳ ᠢ ᠤᠷᠢᠶᠠᠯᠠᠵᠤ᠂ ᠰᠢᠨ᠎ᠡ ᠵᠠᠯᠠᠭᠤᠴᠤᠳ ᠰᠢᠨ᠎ᠡ ᠵᠢᠳᠬᠦᠯ ᠴᠢᠷᠮᠠᠶᠢᠯᠭ᠎ᠠ ᠲᠠᠢ ᠪᠠᠶᠢᠵᠦ᠂ ︽ᠬᠤᠪᠢᠰᠬᠠᠯ ᠤᠨ ᠬᠦᠰᠡᠯᠡᠩ ᠶᠠᠭᠤᠨ ᠠᠴᠠ ᠴᠤ ᠡᠷᠬᠢᠮ ᠳᠡᠭᠡᠳᠦ︾ ᠭᠡᠬᠦ ᠬᠦᠰᠡᠯᠡᠩ ᠢᠲᠡᠭᠡᠯ ᠪᠢᠰᠢᠷᠡᠯ ᠢᠶᠠᠨ ᠪᠠᠲᠤᠳᠬᠠᠵᠤ᠂ ᠲᠤᠭ ᠲᠡᠮᠳᠡᠭ ᠲᠣᠳᠣᠷᠬᠠᠢ ᠪᠠᠷ ᠤᠯᠤᠰ ᠲᠦᠷᠦ ᠶᠢ ᠡᠷᠬᠢᠮᠯᠡᠵᠦ᠂ ᠲᠠᠷᠢᠬᠢ ᠲᠣᠯᠣᠭᠠᠢ ᠪᠠᠨ ᠵᠡᠪᠰᠡᠭᠯᠡᠨ ᠰᠤᠷᠤᠯᠴᠠᠬᠤ ᠳᠠᠭᠠᠨ ᠴᠢᠳᠠᠮᠠᠭᠠᠢ ᠪᠠᠶᠢᠵᠤ᠂ ᠴᠢᠭᠯᠡᠯ ᠢᠶᠠᠨ ᠲᠣᠭᠲᠠᠭᠠᠨ ᠡᠷᠡᠯᠬᠡᠭᠯᠡᠨ ᠤᠷᠤᠭᠰᠢᠯᠠᠵᠤ᠂ ᠨᠠᠮ ᠢᠶᠠᠨ ᠬᠠᠶᠢᠷᠠᠯᠠᠵᠤ ᠤᠯᠤᠰ ᠢᠶᠠᠨ ᠬᠠᠶᠢᠷᠠᠯᠠᠬᠤ᠂ ᠠᠯᠤᠰ ᠬᠡᠳᠦ ᠶᠢᠨ ᠵᠣᠷᠢᠯᠲᠠ ᠲᠠᠢ ᠰᠢᠨ᠎ᠡ ᠴᠠᠭ ᠦᠶ᠎ᠡ ᠶᠢᠨ ᠵᠠᠯᠠᠭᠤᠴᠤᠳ ᠪᠣᠯᠬᠤ ᠬᠡᠷᠡᠭᠲᠡᠢ︔ ᠵᠠᠯᠠᠭᠤ ᠨᠠᠰᠤᠨ ᠤ ᠴᠤᠭ ᠵᠢᠪᠬᠤᠭ᠎ᠠ ᠪᠠᠨ ᠪᠠᠳᠠᠷᠠᠭᠤᠯᠵᠤ᠂ ᠰᠢᠨᠲᠠᠷᠠᠰᠢ ᠦᠭᠡᠢ ᠰᠥᠰᠥ ᠵᠣᠷᠢᠭ ᠢᠶᠠᠨ ᠳᠠᠪᠲᠠᠨ ᠪᠣᠯᠪᠠᠰᠤᠷᠠᠭᠤᠯᠵᠤ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠬᠦ ᠰᠥᠰᠥ ᠵᠣᠷᠢᠭ ᠢᠶᠠᠨ ᠳᠠᠪᠲᠠᠨ ᠪᠣᠯᠪᠠᠰᠤᠷᠠᠭᠤᠯᠵᠤ᠂ ᠰᠢᠨ᠎ᠡ ᠶᠢ ᠡᠭᠦᠳᠴᠦ ᠰᠢᠪᠲᠤᠯᠤᠯᠲᠠ ᠭᠠᠷᠭᠠᠬᠤ ᠤᠬᠠᠮᠰᠠᠷ ᠢ ᠬᠥᠮᠥᠵᠢᠭᠦᠯᠵᠦ᠂ ᠵᠠᠮ ᠨᠡᠭᠡᠭᠡᠨ ᠤᠷᠤᠭᠰᠢᠯᠠᠬᠤ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠬᠦ ᠰᠢᠨ᠎ᠡ ᠴᠠᠭ ᠦᠶ᠎ᠡ ᠶᠢᠨ ᠵᠠᠯᠠᠭᠤᠴᠤᠳ ᠪᠣᠯᠬᠤ ᠬᠡᠷᠡᠭᠲᠡᠢ︔ ᠴᠠᠭᠠᠷᠠᠭᠰᠠᠨ ᠴᠢᠳᠠᠪᠤᠷᠢ ᠶᠢ ᠪᠣᠯᠪᠠᠰᠤᠷᠠᠭᠤᠯᠵᠤ᠂ ᠨᠠᠰᠤᠨ ᠲᠤᠷᠰᠢᠲᠠ ᠰᠤᠷᠤᠯᠴᠠᠬᠤ ᠣᠶᠢᠯᠠᠭᠠᠭᠳᠠᠬᠤᠨ᠂ ᠦᠢᠯᠡᠳᠦᠯᠭᠡ ᠬᠢᠵᠦ ᠡᠷᠳᠡᠮ ᠮᠡᠳᠡᠯᠭᠡ ᠰᠤᠷᠬᠤ ᠤᠬᠠᠮᠰᠠᠷ᠂ ᠳᠠᠷᠤᠤ ᠬᠢᠴᠢᠶᠡᠩᠭᠦᠢ ᠪᠠᠷ ᠵᠢᠭᠠᠨ ᠰᠤᠷᠭᠠᠬᠤ ᠳᠦᠷᠢ ᠲᠥᠷᠬᠦ ᠶᠢ ᠪᠤᠢ ᠪᠣᠯᠭᠠᠵᠤ᠂ ᠶᠡᠭᠡ ᠦᠢᠯᠡᠳᠦᠯᠭᠡ ᠲᠠᠢ᠂ ᠬᠦᠨᠳᠦ ᠡᠭᠦᠷᠭᠡ ᠶᠢ ᠡᠭᠦᠷᠭᠡᠯᠡᠵᠦ ᠳᠡᠶᠢᠯᠬᠦ ᠰᠢᠨ᠎ᠡ ᠴᠠᠭ ᠦᠶ᠎ᠡ ᠶᠢᠨ ᠵᠠᠯᠠᠭᠤᠴᠤᠳ ᠪᠣᠯᠬᠤ ᠬᠡᠷᠡᠭᠲᠡᠢ︔ ︽ᠠᠷᠢᠭᠤᠨ ᠴᠢᠬᠡᠴᠢ ᠠᠭᠤᠷ ᠠᠮᠢᠰᠬᠤᠯ ᠢ ᠯᠠ ᠦᠯᠡᠳᠡᠭᠡᠬᠦ︾ ᠡᠷᠬᠢᠮ ᠨᠠᠨᠳᠢᠨ ᠵᠠᠩ ᠰᠤᠷᠲᠠᠯ ᠢ ᠦᠢᠯᠡᠳᠦᠯᠭᠡᠵᠢᠭᠦᠯᠵᠦ᠂ ᠦᠵᠡᠯ ᠰᠠᠨᠠᠭ᠎ᠠ ᠶᠣᠰᠣ ᠰᠤᠷᠲᠠᠬᠤᠨ ᠤ ᠰᠠᠭᠤᠷᠢ ᠶᠢ ᠪᠠᠲᠤᠳᠬᠠᠵᠤ᠂ ᠰᠢᠯᠢᠳᠡᠭ ᠤᠯᠠᠮᠵᠢᠯᠠᠯᠲᠤ ᠰᠣᠶᠣᠯ ᠢ ᠤᠯᠠᠮᠵᠢᠯᠠᠵᠤ᠂ ᠰᠠᠶᠢᠨ ᠰᠠᠶᠢᠬᠠᠨ ᠨᠡᠶᠢᠭᠡᠮ ᠤᠨ ᠬᠡᠪ ᠰᠤᠷᠲᠠᠯ ᠢ ᠰᠠᠨᠠᠭᠠᠴᠢᠯᠠᠵᠤ᠂ ᠶᠣᠰᠣ ᠰᠤᠷᠲᠠᠬᠤᠨ ᠢ ᠡᠷᠬᠢᠮᠯᠡᠨ ᠪᠡᠶ᠎ᠡ ᠪᠠᠨ ᠵᠠᠰᠠᠬᠤ᠂ ᠬᠡᠪ ᠰᠤᠷᠲᠠᠯ ᠢ ᠬᠥᠲᠥᠯᠥᠨ ᠳᠠᠭᠠᠭᠤᠯᠬᠤ ᠰᠢᠨ᠎ᠡ ᠴᠠᠭ ᠦᠶ᠎ᠡ ᠶᠢᠨ ᠵᠠᠯᠠᠭᠤᠴᠤᠳ ᠪᠣᠯᠬᠤ ᠬᠡᠷᠡᠭᠲᠡᠢ ᠭᠡᠪᠡ᠃    ᠯᠢ ᠶᠢᠩ᠄ ᠡᠪ ᠬᠠᠮᠲᠤ ᠵᠠᠯᠠᠭᠤᠴᠤᠳ ᠤᠨ ᠡᠪᠯᠡᠯ ᠪᠣᠯ ᠨᠠᠮ ᠤᠨ ᠤᠳᠤᠷᠢᠳᠤᠭᠰᠠᠨ ᠲᠡᠷᠢᠭᠦᠨ ᠤ ᠵᠠᠯᠠᠭᠤᠴᠤᠳ ᠤᠨ ᠤᠯᠠᠨ ᠲᠦᠮᠡᠨ ᠤ ᠪᠦᠯᠬᠦᠮ ᠤᠨ ᠵᠣᠬᠢᠶᠠᠨ ᠪᠠᠶᠢᠭᠤᠯᠤᠯᠲᠠ ᠮᠥᠨ᠂ ᠪᠠᠰᠠ ᠨᠠᠮ ᠤᠨ ᠵᠠᠯᠠᠭᠤᠴᠤᠳ ᠲᠦᠮᠡᠨ ᠲᠠᠢ ᠬᠠᠷᠢᠯᠴᠠᠬᠤ ᠬᠥᠭᠦᠷᠭᠡ ᠪᠠ ᠬᠤᠯᠪᠣᠭᠠᠰᠤ ᠪᠠᠶᠢᠵᠤ᠂ ᠪᠦᠬᠦ ᠬᠤᠳᠠ ᠶᠢᠨ ᠡᠯ᠎ᠡ ᠱᠠᠲᠤᠨ ᠤ ᠡᠪᠯᠡᠯ ᠤᠨ ᠵᠣᠬᠢᠶᠠᠨ ᠪᠠᠶᠢᠭᠤᠯᠤᠯᠲᠠ ᠶᠢᠨ ᠬᠢᠨ ᠡᠪ ᠬᠠᠮᠲᠤ ᠵᠠᠯᠠᠭᠤᠴᠤᠳ ᠤᠨ ᠡᠪᠯᠡᠯ ᠤᠨ ᠠᠵᠢᠯ ᠤᠨ ᠦᠨᠳᠦᠰᠦᠨ ᠡᠭᠦᠷᠭᠡ᠂ ᠤᠯᠤᠰ ᠲᠦᠷᠦ ᠶᠢᠨ ᠬᠠᠷᠢᠭᠤᠴᠠᠯᠭ᠎ᠠ ᠪᠣᠯᠣᠨ ᠠᠵᠢᠯ ᠤᠨ ᠭᠤᠣᠯ ᠱᠤᠭᠤᠮ ᠢ ᠪᠠᠲᠤ ᠡᠵᠡᠮᠳᠡᠵᠦ᠂ ᠲᠤᠰ ᠪᠡᠶ᠎ᠡ ᠶᠢᠨ ᠪᠠᠶᠢᠭᠤᠯᠤᠯᠲᠠ ᠪᠠᠨ ᠴᠢᠩᠭᠠᠳᠬᠠᠵᠤ᠂ ᠡᠪᠯᠡᠯ ᠢ ᠪᠦᠬᠦ ᠲᠠᠯ᠎ᠠ ᠪᠠᠷ ᠴᠢᠩᠭ᠎ᠠ ᠵᠠᠰᠠᠵᠤ᠂ ᠲᠠᠪᠴᠠᠩ ᠢ ᠪᠦᠬᠦ ᠬᠦᠴᠦᠨ ᠢᠶᠠᠷ ᠢᠶᠠᠨ ᠪᠠᠶᠢᠭᠤᠯᠵᠤ᠂ ᠰᠢᠨ᠎ᠡ ᠴᠠᠭ ᠦᠶ᠎ᠡ ᠶᠢᠨ ᠵᠠᠯᠠᠭᠤᠴᠤᠳ ᠤᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠬᠦ ᠬᠡᠷᠡᠭᠲᠡᠢ︔ ᠪᠦᠬᠦ ᠬᠤᠳᠠ ᠶᠢᠨ ᠡᠯ᠎ᠡ ᠱᠠᠲᠤᠨ ᠤ ᠨᠠᠮ ᠤᠨ ᠬᠤᠷᠢᠶ᠎ᠠ ᠶᠢᠨ ᠬᠢᠨ ᠡᠪ ᠬᠠᠮᠲᠤ ᠵᠠᠯᠠᠭᠤᠴᠤᠳ ᠤᠨ ᠡᠪᠯᠡᠯ ᠤᠨ ᠠᠵᠢᠯ ᠳᠠᠬᠢ ᠨᠠᠮ ᠤᠨ ᠤᠳᠤᠷᠢᠳᠤᠯᠭ᠎ᠠ ᠪᠠᠨ ᠤᠯᠠᠮ ᠴᠢᠨᠠᠭᠰᠢᠳᠠ ᠴᠢᠩᠭᠠᠳᠬᠠᠵᠤ᠂ ᠨᠠᠮ ᠤᠨ ᠪᠠᠶᠢᠭᠤᠯᠤᠯᠲᠠ  ᠨᠢ ᠡᠪᠯᠡᠯ ᠤᠨ ᠪᠠᠶᠢᠭᠤᠯᠤᠯᠲᠠ ᠶᠢ ᠳᠠᠶᠢᠴᠢᠯᠠᠬᠤ ᠠᠵᠢᠯ ᠤᠨ ᠲᠣᠭᠲᠠᠴᠠ ᠶᠢ ᠰᠠᠶᠢᠲᠤᠷ ᠪᠠᠷᠢᠮᠲᠠᠯᠠᠵᠤ᠂ ᠲᠣᠭᠲᠠᠮᠠᠯ ᠬᠤᠭᠤᠴᠠᠭ᠎ᠠ ᠲᠠᠢ ᠪᠠᠷ ᠡᠪᠯᠡᠯ ᠤᠨ ᠵᠣᠬᠢᠶᠠᠨ ᠪᠠᠶᠢᠭᠤᠯᠤᠯᠲᠠ ᠶᠢᠨ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠲᠡᠳᠡᠨ ᠢ ᠬᠠᠪᠰᠤᠷᠤᠨ ᠬᠦᠴᠢᠷᠳᠡᠯ ᠪᠠ ᠠᠰᠠᠭᠤᠳᠠᠯ ᠢ ᠨᠢ ᠰᠢᠢᠳᠪᠦᠷᠢᠯᠡᠵᠦ ᠥᠭᠬᠦ ᠬᠡᠷᠡᠭᠲᠡᠢ︔ ᠡᠪᠯᠡᠯ ᠤᠨ ᠺᠠᠳ᠋ᠷ ᠤᠨ ᠡᠩᠨᠡᠭᠡᠨ ᠤ ᠪᠠᠶᠢᠭᠤᠯᠤᠯᠲᠠ ᠶᠢ ᠴᠢᠬᠤᠯᠠᠴᠢᠯᠠᠨ ᠴᠢᠩᠭᠠᠳᠬᠠᠵᠤ᠂ ᠡᠪᠯᠡᠯ ᠤᠨ ᠰᠢᠯᠢᠳᠡᠭ ᠺᠠᠳ᠋ᠷ ᠢ ᠬᠥᠮᠥᠵᠢᠭᠦᠯᠬᠦ᠂ ᠰᠢᠯᠢᠨ ᠳᠡᠪᠰᠢᠭᠦᠯᠬᠦ ᠪᠠ ᠬᠡᠷᠡᠭᠯᠡᠬᠦ ᠡᠷᠴᠢᠮ ᠢᠶᠠᠨ ᠴᠢᠩᠭᠠᠷᠠᠭᠤᠯᠵᠤ᠂ ᠵᠠᠯᠠᠭᠤᠴᠤᠳ ᠤᠨ ᠦᠰᠦᠨ ᠪᠣᠶᠢᠵᠢᠬᠤ ᠶᠢ ᠬᠠᠯᠠᠮᠵᠢᠯᠠᠨ ᠬᠠᠶᠢᠷᠠᠯᠠᠵᠤ᠂ ᠵᠠᠯᠠᠭᠤᠴᠤᠳ ᠤᠨ ᠦᠰᠦᠨ ᠪᠣᠶᠢᠵᠢᠵᠤ ᠴᠢᠳᠠᠪᠤᠷᠢᠲᠠᠨ ᠪᠣᠯᠬᠤ ᠳᠤ ᠠᠰᠢᠭᠲᠠᠢ ᠨᠡᠶᠢᠭᠡᠮ ᠤᠨ ᠣᠷᠴᠢᠨ ᠨᠥᠬᠦᠴᠡᠯ ᠢ ᠢᠳᠡᠪᠬᠢᠲᠡᠢ ᠪᠠᠷ ᠪᠤᠢ ᠪᠣᠯᠭᠠᠬᠤ ᠬᠡᠷᠡᠭᠲᠡᠢ ᠭᠡᠪᠡ᠃    ᠯᠢ ᠶᠢᠩ ᠠᠴᠠ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠵᠠᠯᠠᠭᠤ ᠨᠠᠰᠤ ᠪᠠᠨ ᠬᠥᠰᠡᠷᠳᠡᠭᠦᠯᠬᠦ ᠦᠭᠡᠢ ᠪᠠᠷ ᠬᠦᠴᠦᠯᠡᠨ ᠴᠢᠷᠮᠠᠶᠢᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠹᠧᠩᠵᠧᠨ ᠬᠤᠳᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠳᠤ ᠨᠡᠩ ᠤᠯᠠᠨ ᠵᠠᠯᠠᠭᠤ ᠨᠠᠰᠤᠨ ᠤ ᠬᠦᠴᠦᠨ ᠴᠢᠳᠠᠯ ᠢᠶᠠᠨ ᠡᠷᠬᠦᠬᠡᠷᠡᠢ ᠭᠡᠪᠡ᠃
   ᠬᠤᠷᠠᠯ ᠤᠨ ᠬᠤᠭᠤᠴᠠᠭᠠᠨ ᠳᠤ᠂ ᠲᠡᠷᠢᠭᠦᠯᠡᠭᠴᠢᠳ ᠤᠨ ᠪᠦᠯᠬᠦᠮ ᠤᠨ ᠬᠤᠷᠠᠯᠳᠤᠭᠠᠨ᠂ ᠬᠤᠪᠢᠶᠠᠷᠢ ᠡᠪᠯᠡᠯ ᠤᠨ ᠬᠤᠷᠠᠯᠳᠤᠭᠠᠨ ᠪᠠ ᠳᠤᠮᠳᠠᠳᠤ ᠤᠯᠤᠰ ᠤᠨ ᠡᠪ ᠬᠠᠮᠲᠤ ᠵᠠᠯᠠᠭᠤᠴᠤᠳ ᠤᠨ ᠡᠪᠯᠡᠯ ᠤᠨ ᠹᠧᠩᠵᠧᠨ ᠬᠤᠳᠠ ᠶᠢᠨ ᠳᠥᠷᠪᠡᠳᠦᠭᠡᠷ ᠬᠤᠭᠤᠴᠠᠭᠠᠨ ᠤ ᠬᠤᠷᠢᠶᠠᠨ ᠤ ᠠᠩᠬᠠᠳᠤᠭᠠᠷ ᠤᠳᠠᠭᠠᠨ ᠤ ᠪᠥᠬᠦᠳᠡ ᠬᠤᠷᠠᠯᠳᠤᠭᠠᠨ ᠢ ᠵᠠᠯᠭᠠᠭ᠎ᠠ ᠪᠠᠷ ᠬᠤᠷᠠᠯᠳᠤᠭᠤᠯᠪᠠ᠃ ᠲᠡᠷᠢᠭᠦᠯᠡᠭᠴᠢᠳ ᠤᠨ ᠪᠦᠯᠬᠦᠮ ᠤᠨ ᠬᠤᠷᠠᠯᠳᠤᠭᠠᠨ ᠠᠴᠠ ᠡᠯ᠎ᠡ ᠵᠦᠢᠯ ᠤᠨ ᠨᠡᠷᠡᠰ᠂ ᠰᠢᠢᠳᠪᠦᠷᠢ ︵ᠲᠥᠰᠥᠯ︶ ᠶᠢ ᠬᠢᠨᠠᠨ ᠶᠠᠷᠢᠯᠴᠠᠵᠤ ᠪᠠᠲᠤᠯᠠᠪᠠ︔ ᠬᠤᠪᠢᠶᠠᠷᠢ ᠡᠪᠯᠡᠯ ᠤᠨ ᠬᠤᠷᠠᠯ ᠳᠡᠭᠡᠷ᠎ᠡ ᠬᠤᠳᠠ ᠶᠢᠨ ᠨᠠᠮ ᠤᠨ ᠬᠤᠷᠢᠶᠠᠨ ᠤ ᠱᠦᠵᠢ ᠯᠢ ᠶᠢᠩ ᠤᠨ ᠶᠠᠷᠢᠶ᠎ᠠ ᠪᠣᠯᠣᠨ ᠡᠪ ᠬᠠᠮᠲᠤ ᠵᠠᠯᠠᠭᠤᠴᠤᠳ ᠤᠨ ᠡᠪᠯᠡᠯ ᠤᠨ ᠹᠧᠩᠵᠧᠨ ᠬᠤᠳᠠ ᠶᠢᠨ ᠭᠤᠷᠪᠠᠳᠤᠭᠠᠷ ᠬᠤᠭᠤᠴᠠᠭᠠᠨ ᠤ ᠬᠤᠷᠢᠶᠠᠨ ᠤ ᠠᠵᠢᠯ ᠤᠨ ᠢᠯᠡᠳᠬᠡᠯ ᠢ ᠶᠠᠷᠢᠯᠴᠠᠪᠠ︔ ᠡᠪ ᠬᠠᠮᠲᠤ ᠵᠠᠯᠠᠭᠤᠴᠤᠳ ᠤᠨ ᠡᠪᠯᠡᠯ ᠤᠨ ᠹᠸᠡᠭᠵᠧᠨ ᠬᠤᠳᠠ ᠶᠢᠨ ᠳᠥᠷᠪᠡᠳᠦᠭᠡᠷ ᠬᠤᠭᠤᠴᠠᠭᠠᠨ ᠤ ᠬᠤᠷᠢᠶᠠᠨ ᠤ ᠠᠩᠬᠠᠳᠤᠭᠠᠷ ᠤᠳᠠᠭᠠᠨ ᠤ ᠪᠥᠬᠦᠳᠡ ᠬᠤᠷᠠᠯ ᠠᠴᠠ ᠡᠪ ᠬᠠᠮᠲᠤ ᠵᠠᠯᠠᠭᠤᠴᠤᠳ ᠤᠨ ᠡᠪᠯᠡᠯ ᠤᠨ ᠹᠸᠡᠭᠵᠧᠨ ᠬᠤᠳᠠ ᠶᠢᠨ ᠳᠥᠷᠪᠡᠳᠦᠭᠡᠷ ᠬᠤᠭᠤᠴᠠᠭᠠᠨ ᠤ ᠬᠤᠷᠢᠶᠠᠨ ᠤ ᠱᠦᠵᠢ᠂ ᠳᠡᠳ᠋ ᠱᠦᠵᠢ᠂ ᠪᠠᠶᠢᠩᠭᠤ ᠶᠢᠨ ᠭᠡᠰᠢᠭᠦᠨ ᠢ ᠰᠣᠩᠭᠤᠵᠤ ᠭᠠᠷᠭᠠᠪᠠ᠃ ᠰᠢᠨ᠎ᠡ ᠪᠠᠷ ᠰᠣᠩᠭᠤᠭᠳᠠᠭᠰᠠᠨ ᠡᠪ ᠬᠠᠮᠲᠤ ᠵᠠᠯᠠᠭᠤᠴᠤᠳ ᠤᠨ ᠡᠪᠯᠡᠯ ᠤᠨ ᠹᠧᠩᠵᠧᠨ ᠬᠤᠳᠠ ᠶᠢᠨ ᠳᠥᠷᠪᠡᠳᠦᠭᠡᠷ ᠬᠤᠭᠤᠴᠠᠭᠠᠨ ᠤ ᠬᠤᠷᠢᠶ᠎ᠠ ᠶᠢᠨ ᠱᠦᠵᠢ ᠵᠤᠤ ᠰᠢᠶᠣᠣ ᠰᠢᠩ ᠣᠪᠣᠷ ᠢᠶᠠᠨ ᠢᠯᠡᠳᠬᠡᠬᠦ ᠶᠠᠷᠢᠶ᠎ᠠ ᠲᠠᠯᠪᠢᠪᠠ᠃
   ᠲᠡᠭᠦᠰᠬᠦ ᠶᠣᠰᠣᠯᠠᠯ ᠳᠡᠭᠡᠷ᠎ᠡ᠂ ᠡᠪ ᠬᠠᠮᠲᠤ ᠵᠠᠯᠠᠭᠤᠴᠤᠳ ᠤᠨ ᠡᠪᠯᠡᠯ ᠤᠨ ᠹᠧᠩᠵᠧᠨ ᠬᠤᠳᠠ ᠶᠢᠨ ᠳᠥᠷᠪᠡᠳᠦᠭᠡᠷ ᠬᠤᠭᠤᠴᠠᠭᠠᠨ ᠤ ᠬᠤᠷᠢᠶᠠᠨ ᠤ ᠱᠦᠵᠢ᠂ ᠳᠡᠳ᠋ ᠱᠦᠵᠢ᠂ ᠭᠡᠰᠢᠭᠦᠨ᠂ ᠣᠷᠣᠯᠠᠭᠴᠢ ᠭᠡᠰᠢᠭᠦᠨ᠂ ᠪᠠᠶᠢᠩᠭᠤ ᠶᠢᠨ ᠭᠡᠰᠢᠭᠦᠳ ᠤᠨ ᠨᠡᠷᠡᠰ ᠢ ᠨᠡᠶᠢᠲᠡᠯᠡᠪᠡ︔ ᠬᠤᠷᠠᠯ ᠠᠴᠠ ︽ᠡᠪ ᠬᠠᠮᠲᠤ ᠵᠠᠯᠠᠭᠤᠴᠤᠳ ᠤᠨ ᠡᠪᠯᠡᠯ ᠤᠨ ᠹᠧᠩᠵᠧᠨ ᠬᠤᠳᠠ ᠶᠢᠨ ᠳᠥᠷᠪᠡᠳᠦᠭᠡᠷ ᠤᠳᠠᠭᠠᠨ ᠤ ᠲᠥᠯᠥᠭᠡᠯᠡᠭᠴᠢᠳ ᠤᠨ ᠶᠡᠭᠡ ᠬᠤᠷᠠᠯ ᠤᠨ ᠡᠪ ᠬᠠᠮᠲᠤ ᠵᠠᠯᠠᠭᠤᠴᠤᠳ ᠤᠨ ᠡᠪᠯᠡᠯ ᠤᠨ ᠹᠧᠩᠵᠧᠨ ᠬᠤᠳᠠ ᠶᠢᠨ ᠭᠤᠷᠪᠠᠳᠤᠭᠠᠷ ᠬᠤᠭᠤᠴᠠᠭᠠᠨ ᠤ ᠬᠤᠷᠢᠶ᠎ᠠ ᠶᠢᠨ ᠠᠵᠢᠯ ᠤᠨ ᠮᠡᠳᠡᠭᠦᠯᠦᠯᠲᠡ ᠶᠢᠨ ᠲᠤᠬᠠᠢ ᠰᠢᠢᠳᠪᠦᠷᠢ ︵ᠲᠥᠰᠥᠯ︶︾ ᠶᠢ ᠬᠢᠨᠠᠨ ᠵᠥᠪᠯᠡᠵᠦ ᠪᠠᠲᠤᠯᠠᠪᠠ᠃        ᠵᠣᠬᠢᠶᠠᠭᠴᠢ᠄ ᠴᠧᠨ ᠸᠧᠨ ᠵᠢᠶᠧ  ᠵᠢᠶᠠ ᠯᠢ  ᠪᠠᠢ ᠯᠢ ᠨᠠ  ᠶᠠᠨ ᠰᠢᠶᠠ ᠹᠧᠢ        ᠨᠠᠶᠢᠷᠠᠭᠤᠯᠤᠭᠴᠢ᠄ ᠯᠢ ᠰᠧ ᠬᠤᠢ        ᠬᠢᠨᠠᠨ ᠬᠠᠷᠭᠤᠭᠤᠯᠤᠭᠴᠢ᠄ ᠶᠠᠨ ᠬᠤᠸᠠᠢ ᡁᠢ        ᠤᠷᠴᠢᠭᠤᠯᠤᠭᠴᠢ᠄ ᠬᠠᠨ ᠰᠢᠶᠤᠤ ᠿᠦᠩ        ᠬᠢᠨᠠᠭᠴᠢ᠄ ᠼᠦᠢ ᠶᠢᠩ
 
ᠢᠷᠡᠯᠲᠡ᠄ ᠠᠮᠢᠵᠢᠷᠠᠯ ᠪᠢᠯᠬᠠᠭᠰᠠᠨ ᠹᠧᠩᠵᠧᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000072号-3