| 1 ᠰᠠᠷ᠎ᠠ ᠶᠢᠨ 14 ᠤ ᠡᠳᠦᠷ᠂ ᠤᠯᠤᠰ ᠲᠦᠷᠦ ᠶᠢᠨ ᠵᠥᠪᠯᠡᠯᠭᠡᠨ ᠤ ᠨᠠᠢᠮᠠᠳᠤᠭᠠᠷ ᠬᠤᠭᠤᠴᠠᠭᠠᠨ ᠤ ᠹᠧᠩᠵᠧᠨ | ᠬᠤᠳᠠ ᠶᠢᠨ ᠬᠤᠷᠢᠶᠠᠨ ᠤ ᠪᠠᠶᠢᠩᠭᠤ ᠶᠢᠨ ᠬᠤᠷᠢᠶ᠎ᠠ ᠶᠢᠨ ᠬᠢᠨ ᠠᠷᠪᠠᠨ ᠳᠥᠷᠪᠡᠳᠦᠭᠡᠷ ᠤᠳᠠᠭᠠᠨ ᠤ ᠬᠤᠷᠠᠯᠳᠤᠭᠠᠨ ᠢ | ᠬᠤᠷᠠᠯᠳᠤᠭᠤᠯᠪᠠ᠃ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠵᠠᠩ ᠵᠢᠶᠦ᠋ᠨ᠂ ᠬᠤᠲᠠ ᠶᠢᠨ | ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠵᠣᠣ ᠶᠧ᠂ ᠵᠣᠣ ᠲᠤᠸᠠᠨ ᠢ᠂ ᠵᠧᠦ ᠵᠢᠶᠠᠨ ᠫᠢᠩ ᠨᠠᠷ | ᠬᠤᠷᠠᠯ ᠳᠤ ᠣᠷᠣᠯᠴᠠᠪᠠ᠃ ᠵᠠᠩ ᠵᠢᠶᠦ᠋ᠨ ᠬᠤᠷᠠᠯ ᠢ ᠡᠷᠭᠢᠯᠡᠪᠡ᠃ | | ᠬᠤᠷᠠᠯ ᠳᠤ ᠣᠷᠣᠯᠴᠠᠬᠤ ᠶᠣᠰᠣᠲᠠᠢ ᠬᠥᠮᠥᠨ 38᠂ ᠪᠣᠳᠠᠲᠠᠢ ᠣᠷᠣᠯᠴᠠᠭᠰᠠᠨ ᠬᠥᠮᠥᠨ 29 ᠪᠠᠶᠢᠵᠤ᠂ | ᠲᠣᠭᠲᠠᠭᠰᠠᠨ ᠬᠥᠮᠥᠨ ᠤ ᠲᠤᠭ᠎ᠠ ᠳᠤ ᠨᠡᠶᠢᠴᠡᠨ᠎ᠡ᠃ | ᠬᠤᠷᠠᠯᠳᠤᠭᠠᠨ ᠠᠴᠠ ᠡᠩ ᠲᠡᠷᠢᠭᠦᠨ ᠳᠤ ᠤᠯᠤᠰ ᠲᠦᠷᠦ ᠶᠢᠨ ᠵᠥᠪᠯᠡᠯᠭᠡᠨ ᠤ ᠨᠠᠢᠮᠠᠳᠤᠭᠠᠷ ᠬᠤᠭᠤᠴᠠᠭᠠᠨ ᠤ | ᠹᠧᠩᠵᠧᠨ ᠬᠤᠲᠠ ᠶᠢᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠠᠷᠪᠠᠨ ᠳᠥᠷᠪᠡᠳᠦᠭᠡᠷ ᠤᠳᠠᠭᠠᠨ ᠤ | ᠬᠤᠷᠠᠯᠳᠤᠭᠠᠨ ᠤ ᠵᠥᠪᠯᠡᠬᠦ ᠵᠦᠢᠯ ︵ᠲᠥᠰᠥᠯ︶ ᠢ ᠬᠢᠨᠠᠨ ᠶᠠᠷᠢᠯᠴᠠᠵᠤ ᠪᠠᠲᠤᠯᠠᠪᠠ᠃ | ᠬᠤᠷᠠᠯ ᠳᠡᠭᠡᠷ᠎ᠡ᠂ ᠵᠧᠦ ᠵᠢᠶᠠᠨ ᠫᠢᠩ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠪᠣᠯᠣᠨ ᠥᠪᠡᠷᠲᠡᠭᠡᠨ | ᠵᠠᠰᠠᠬᠤ ᠣᠷᠣᠨ ᠤ ᠨᠠᠮ ᠤᠨ ᠬᠤᠷᠢᠶ᠎ᠠ᠂ ᠤᠯᠠᠭᠠᠨᠴᠠᠪ ᠬᠤᠳᠠ ᠶᠢᠨ ᠨᠠᠮ ᠤᠨ ᠬᠤᠷᠢᠶ᠎ᠠ᠂ ᠹᠧᠩᠵᠧᠨ ᠬᠤᠳᠠ ᠶᠢᠨ | ᠨᠠᠮ ᠤᠨ ᠬᠤᠷᠢᠶ᠎ᠠ ᠶᠢᠨ ᠪᠦᠬᠦᠳᠠ ᠬᠤᠷᠠᠯ ᠵᠢᠴᠢ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ | ᠤᠯᠠᠮᠵᠢᠯᠠᠨ ᠰᠤᠷᠤᠯᠴᠠᠪᠠ︔ ᠵᠤᠤ ᠲᠤᠸᠠᠨ ᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ︽ᠪᠦᠬᠦ | ᠣᠷᠣᠨ ᠤ ᠤᠯᠤᠰ ᠲᠦᠷᠦ ᠶᠢᠨ ᠵᠥᠪᠯᠡᠯᠭᠡᠨ ᠤ ᠠᠵᠢᠯ ᠢ ᠴᠢᠨᠠᠭᠰᠢᠳᠠ ᠴᠢᠩᠭᠠᠳᠬᠠᠨ ᠰᠠᠶᠢᠵᠢᠷᠠᠭᠤᠯᠬᠤ ᠲᠤᠬᠠᠢ | ᠰᠠᠨᠠᠯ︾ ᠢ ᠤᠯᠠᠮᠵᠢᠯᠠᠨ ᠰᠤᠷᠤᠯᠴᠠᠪᠠ︔ ᠵᠣᠣ ᠶᠧ 2024 ᠣᠨ ᠤ ᠭᠡᠰᠢᠭᠦᠨ ᠤ ᠲᠤᠰᠢᠶᠠᠯ ᠬᠠᠷᠢᠭᠤᠴᠠᠯᠭ᠎ᠠ ᠪᠠᠨ | ᠭᠦᠢᠴᠡᠳᠬᠡᠭᠰᠡᠨ ᠪᠠᠶᠢᠳᠠᠯ ᠢ ᠮᠡᠳᠡᠭᠳᠡᠪᠡ᠃ | ᠬᠤᠷᠠᠯ ᠳᠤ ᠣᠷᠣᠯᠴᠠᠭᠰᠠᠳ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ︵ᠰᠠᠨᠠᠯ ᠬᠤᠷᠢᠶᠠᠬᠤ | ᠨᠣᠣᠷᠠᠭ︶ ᠢ ᠶᠠᠷᠢᠯᠴᠠᠪᠠ︔ ᠬᠤᠷᠠᠯᠳᠤᠭᠠᠨ ᠠᠴᠠ ᠭᠡᠰᠢᠭᠦᠳ ᠢ ᠨᠡᠮᠡᠵᠦ ᠨᠥᠬᠦᠪᠦᠷᠢᠯᠡᠬᠦ ᠲᠤᠬᠠᠢ ᠲᠣᠭᠲᠠᠭᠠᠯ ︵ | ᠲᠥᠰᠥᠯ︶ ᠢ ᠬᠢᠨᠠᠨ ᠶᠠᠷᠢᠯᠴᠠᠵᠤ ᠪᠠᠲᠤᠯᠠᠪᠠ︔ ᠠᠵᠢᠯᠲᠠᠨ ᠢ ᠲᠤᠰᠢᠶᠠᠯ ᠳᠤ ᠲᠣᠮᠢᠯᠠᠵᠤ ᠲᠤᠰᠢᠶᠠᠯ ᠠᠴᠠ | ᠪᠠᠭᠤᠯᠭᠠᠬᠤ ᠲᠤᠬᠠᠢ ᠲᠣᠭᠲᠠᠭᠠᠯ ︵ᠲᠥᠰᠥᠯ︶ ᠢ ᠬᠢᠨᠠᠨ ᠶᠠᠷᠢᠯᠴᠠᠵᠤ ᠪᠠᠲᠤᠯᠠᠪᠠ︔ ᠤᠯᠤᠰ ᠲᠦᠷᠦ ᠶᠢᠨ | ᠵᠥᠪᠯᠡᠯᠭᠡᠨ ᠤ ᠨᠠᠢᠮᠠᠳᠤᠭᠠᠷ ᠬᠤᠭᠤᠴᠠᠭᠠᠨ ᠤ ᠹᠸᠡᠭᠵᠧᠨ ᠬᠤᠳᠠ ᠶᠢᠨ ᠬᠤᠷᠢᠶᠠᠨ ᠤ ᠳᠥᠷᠪᠡᠳᠦᠭᠡᠷ ᠤᠳᠠᠭᠠᠨ ᠤ | ᠬᠤᠷᠠᠯᠳᠤᠭᠠᠨ ᠢ ᠬᠤᠷᠠᠯᠳᠤᠭᠤᠯᠬᠤ ᠲᠤᠬᠠᠢ ᠲᠣᠭᠲᠠᠭᠠᠯ ︵ᠲᠥᠰᠥᠯ︶ ᠢ ᠬᠢᠨᠠᠨ ᠶᠠᠷᠢᠯᠴᠠᠵᠤ ᠪᠠᠲᠤᠯᠠᠪᠠ︔ ᠤᠯᠤᠰ | ᠲᠦᠷᠦ ᠶᠢᠨ ᠵᠥᠪᠯᠡᠯᠭᠡᠨ ᠤ ᠨᠠᠢᠮᠠᠳᠤᠭᠠᠷ ᠬᠤᠭᠤᠴᠠᠭᠠᠨ ᠤ ᠹᠸᠡᠭᠵᠧᠨ ᠬᠤᠳᠠ ᠶᠢᠨ ᠬᠤᠷᠢᠶᠠᠨ ᠤ ᠳᠥᠷᠪᠡᠳᠦᠭᠡᠷ | ᠤᠳᠠᠭᠠᠨ ᠤ ᠬᠤᠷᠠᠯᠳᠤᠭᠠᠨ ᠤ ᠵᠥᠪᠯᠡᠬᠦ ᠵᠦᠢᠯ᠂ ᠡᠳᠦᠷ ᠤᠨ ᠳᠠᠷᠠᠭᠠᠯᠠᠯ᠂ ᠨᠠᠷᠢᠨ ᠪᠢᠴᠢᠭ ᠤᠨ ᠳᠠᠷᠤᠭ᠎ᠠ᠂ ᠳᠡᠳ᠋ | ᠨᠠᠷᠢᠨ ᠪᠢᠴᠢᠭ ᠤᠨ ᠳᠠᠷᠤᠭ᠎ᠠ ᠶᠢᠨ ᠰᠠᠨᠠᠭᠤᠯᠭ᠎ᠠ ᠶᠢᠨ ᠨᠡᠷᠡᠰ ᠵᠢᠴᠢ ᠳᠤᠭᠤᠶᠢᠯᠠᠩ ᠬᠤᠪᠢᠶᠠᠬᠤ ᠠᠷᠭ᠎ᠠ ᠪᠣᠯᠣᠨ ᠡᠯ᠎ᠡ | ᠳᠤᠭᠤᠶᠢᠯᠠᠩ ᠤᠨ ᠬᠤᠷᠠᠯᠳᠤᠭᠤᠯᠤᠭᠴᠢᠳ ᠤᠨ ᠰᠠᠨᠠᠭᠤᠯᠭ᠎ᠠ ᠶᠢᠨ ᠨᠡᠷᠡᠰ ︵ᠲᠥᠰᠥᠯ︶ ᠢ ᠬᠢᠨᠠᠨ ᠶᠠᠷᠢᠯᠴᠠᠵᠤ | ᠪᠠᠲᠤᠯᠠᠪᠠ︔ ᠤᠯᠤᠰ ᠲᠦᠷᠦ ᠶᠢᠨ ᠵᠥᠪᠯᠡᠯᠭᠡᠨ ᠤ ᠨᠠᠢᠮᠠᠳᠤᠭᠠᠷ ᠬᠤᠭᠤᠴᠠᠭᠠᠨ ᠤ ᠹᠸᠡᠭᠵᠧᠨ ᠬᠤᠳᠠ ᠶᠢᠨ | ᠬᠤᠷᠢᠶᠠᠨ ᠤ ᠪᠠᠶᠢᠩᠭᠤ ᠶᠢᠨ ᠬᠤᠷᠢᠶᠠᠨ ᠤ ᠠᠵᠢᠯ ᠤᠨ ᠢᠯᠡᠳᠬᠡᠯ ᠤᠨ ᠢᠯᠡᠳᠬᠡᠯ ᠬᠢᠭᠰᠡᠳ ᠤᠨ ᠰᠠᠨᠠᠭᠤᠯᠭ᠎ᠠ ᠶᠢᠨ | ᠨᠡᠷᠡᠰ ︵ᠲᠥᠰᠥᠯ︶᠂ ᠤᠯᠤᠰ ᠲᠦᠷᠦ ᠶᠢᠨ ᠵᠥᠪᠯᠡᠯᠭᠡᠨ ᠤ ᠨᠠᠢᠮᠠᠳᠤᠭᠠᠷ ᠬᠤᠭᠤᠴᠠᠭᠠᠨ ᠤ ᠭᠤᠷᠪᠠᠳᠤᠭᠠᠷ | ᠤᠳᠠᠭᠠᠨ ᠤ ᠬᠤᠷᠠᠯᠳᠤᠭᠠᠨ ᠠᠴᠠ ᠨᠠᠰᠢᠬᠢ ᠰᠠᠨᠠᠯ ᠵᠥᠪᠯᠡᠯᠭᠡ ᠶᠢᠨ ᠠᠵᠢᠯ ᠤᠨ ᠪᠠᠶᠢᠳᠠᠯ ᠤᠨ ᠮᠡᠳᠡᠭᠦᠯᠦᠯᠲᠡ ᠶᠢᠨ | ᠲᠤᠬᠠᠢ ᠤᠯᠤᠰ ᠲᠦᠷᠦ ᠶᠢᠨ ᠵᠥᠪᠯᠡᠯᠭᠡᠨ ᠤ ᠨᠠᠢᠮᠠᠳᠤᠭᠠᠷ ᠬᠤᠭᠤᠴᠠᠭᠠᠨ ᠤ ᠹᠸᠡᠭᠵᠧᠨ ᠬᠤᠳᠠ ᠶᠢᠨ ᠪᠠᠶᠢᠩᠭᠤ ᠶᠢᠨ | ᠬᠤᠷᠢᠶᠠᠨ ᠤ ᠢᠯᠡᠳᠬᠡᠯ ᠬᠢᠭᠰᠡᠳ ᠤᠨ ᠰᠠᠨᠠᠭᠤᠯᠭ᠎ᠠ ᠶᠢᠨ ᠨᠡᠷᠡᠰ ︵ᠲᠥᠰᠥᠯ︶᠂ ᠤᠯᠤᠰ ᠲᠦᠷᠦ ᠶᠢᠨ | ᠵᠥᠪᠯᠡᠯᠭᠡᠨ ᠤ ᠨᠠᠢᠮᠠᠳᠤᠭᠠᠷ ᠬᠤᠭᠤᠴᠠᠭᠠᠨ ᠤ ᠹᠸᠡᠭᠵᠧᠨ ᠬᠤᠳᠠ ᠶᠢᠨ ᠬᠤᠷᠢᠶᠠᠨ ᠤ ᠪᠠᠶᠢᠩᠭᠤ ᠶᠢᠨ ᠬᠤᠷᠢᠶᠠᠨ ᠤ | ᠠᠵᠢᠯ ᠤᠨ ᠢᠯᠡᠳᠬᠡᠯ᠂ ᠤᠯᠤᠰ ᠲᠦᠷᠦ ᠶᠢᠨ ᠵᠥᠪᠯᠡᠯᠭᠡᠨ ᠤ ᠨᠠᠢᠮᠠᠳᠤᠭᠠᠷ ᠬᠤᠭᠤᠴᠠᠭᠠᠨ ᠤ ᠭᠤᠷᠪᠠᠳᠤᠭᠠᠷ | ᠤᠳᠠᠭᠠᠨ ᠤ ᠬᠤᠷᠠᠯᠳᠤᠭᠠᠨ ᠠᠴᠠ ᠨᠠᠰᠢᠬᠢ ᠰᠠᠨᠠᠯ ᠵᠥᠪᠯᠡᠯᠭᠡ ᠶᠢᠨ ᠠᠵᠢᠯ ᠤᠨ ᠪᠠᠶᠢᠳᠠᠯ ᠤᠨ ᠲᠤᠬᠠᠢ | ᠮᠡᠳᠡᠭᠦᠯᠦᠯᠲᠡ ᠶᠢ ᠬᠢᠨᠠᠨ ᠵᠦᠪᠯᠡᠵᠦ ᠵᠠᠷᠴᠢᠮ ᠳᠡᠭᠡᠷ᠎ᠡ ᠪᠠᠨ ᠪᠠᠳᠤᠯᠠᠪᠠ᠃ | | | ᠵᠣᠬᠢᠶᠠᠭᠴᠢ᠄ ᠵᠠᠩ ᠿᠢ ᠵᠢᠤᠸᠠᠨ | ᠨᠠᠶᠢᠷᠠᠭᠤᠯᠤᠭᠴᠢ᠄ ᠯᠢ ᠰᠧ ᠬᠤᠢ | ᠬᠢᠨᠠᠨ ᠬᠠᠷᠭᠤᠭᠤᠯᠤᠭᠴᠢ᠄ ᠶᠠᠨ ᠬᠤᠸᠠᠢ ᡁᠢ | ᠤᠷᠴᠢᠭᠤᠯᠤᠭᠴᠢ᠄ ᠬᠠᠨ ᠰᠢᠶᠤᠤ ᠿᠦᠩ | ᠬᠢᠨᠠᠭᠴᠢ᠄ ᠼᠦᠢ ᠶᠢᠩ | |