| 1 ᠰᠠᠷ᠎ᠠ ᠶᠢᠨ 17 ᠤ ᠡᠳᠦᠷ᠂ ᠬᠤᠲᠠ ᠶᠢᠨ ᠨᠠᠢᠮᠠᠳᠤᠭᠠᠷ ᠬᠤᠭᠤᠴᠠᠭᠠᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠬᠢᠨ ᠬᠤᠷᠢᠨ ᠭᠤᠷᠪᠠᠳᠤᠭᠠᠷ ᠤᠳᠠᠭᠠᠨ ᠤ | ᠬᠤᠷᠠᠯ ᠬᠤᠷᠠᠯᠳᠤᠭᠤᠯᠪᠠ᠃ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶᠠᠨ ᠤ ᠡᠷᠬᠢᠯᠡᠭᠴᠢ ᠵᠠᠩ ᠬᠤᠩ᠂ ᠳᠡᠳ᠋ ᠡᠷᠬᠢᠯᠡᠭᠴᠢ ᠸᠠᠩ ᠢᠦᠢ ᠴᠧᠩ᠂ ᠯᠢ ᠱᠦᠨ ᠢ ᠨᠠᠷ ᠬᠤᠷᠠᠯ ᠳᠤ | ᠣᠷᠣᠯᠴᠠᠪᠠ︔ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ | ᠬᠤᠷᠢᠶᠠᠨ ᠤ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠣᠷᠣᠯᠠᠭᠴᠢ ᠡᠷᠬᠢᠯᠡᠭᠴᠢ ᠫᠠᠩ ᠴᠤᠸ᠂ ᠬᠤᠲᠠ ᠶᠢᠨ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠶᠢᠨ | ᠵᠢᠱᠢᠭᠳᠡᠭᠴᠢ ᠸᠠᠩ ᠯᠠᠢ ᠱᠤᠸᠠᠨ᠂ ᠿᠦ ᠷᠦᠢ ᠬᠤᠩ ᠵᠢᠴᠢ ᠬᠤᠲᠠ ᠶᠢᠨ ᠠᠷᠠᠳ ᠤᠨ ᠪᠠᠶᠢᠴᠠᠭᠠᠬᠤ ᠬᠤᠷᠢᠶᠠᠨ ᠤ | ᠪᠠᠶᠢᠴᠠᠭᠠᠬᠤ ᠳᠠᠷᠤᠭ᠎ᠠ ᠯᠢᠦ ᠼᠠᠢ ᠰᠢᠶᠠ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ | ᠨᠠᠷ ᠬᠤᠷᠠᠯ ᠳᠤ ᠰᠤᠯᠠ ᠣᠷᠣᠯᠴᠠᠪᠠ᠃ ᠵᠠᠩ ᠬᠤᠩ ᠬᠤᠷᠠᠯ ᠢ ᠡᠷᠬᠢᠯᠡᠪᠡ᠃ | | ᠬᠤᠷᠠᠯᠳᠤᠭᠠᠨ ᠳᠤ ᠣᠷᠣᠯᠴᠠᠬᠤ ᠶᠣᠰᠣᠲᠠᠢ ᠪᠠᠶᠢᠩᠭᠤ ᠶᠢᠨ ᠬᠤᠷᠢᠶᠠᠨ ᠤ ᠪᠦᠷᠢᠯᠳᠦᠭᠦᠨ 27 ᠬᠥᠮᠥᠨ᠂ | ᠬᠤᠷᠠᠯᠳᠤᠭᠠᠨ ᠳᠤ ᠪᠣᠳᠠᠲᠠᠢ ᠣᠷᠣᠯᠴᠠᠭᠰᠠᠨ ᠬᠥᠮᠥᠨ 23 ᠪᠠᠶᠢᠵᠤ᠂ ᠬᠠᠤᠯᠢ ᠳᠤ ᠲᠣᠭᠲᠠᠭᠠᠭᠰᠠᠨ ᠬᠥᠮᠥᠨ ᠤ | ᠲᠤᠭ᠎ᠠ ᠳᠤ ᠨᠡᠶᠢᠴᠡᠵᠦ ᠪᠠᠶᠢᠨ᠎ᠠ᠃ | ᠬᠤᠷᠠᠯ ᠠᠴᠠ ᠬᠤᠲᠠ ᠶᠢᠨ ᠨᠠᠢᠮᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠳᠥᠷᠪᠡᠳᠦᠭᠡᠷ ᠤᠳᠠᠭᠠᠨ ᠤ ᠬᠤᠷᠠᠯ ᠤᠨ ᠪᠡᠯᠡᠳᠬᠡᠯ ᠠᠵᠢᠯ ᠤᠨ ᠪᠠᠶᠢᠳᠠᠯ ᠤᠨ ᠲᠤᠬᠠᠢ ᠮᠡᠳᠡᠭᠦᠯᠦᠯᠲᠡ ᠶᠢ | ᠰᠣᠨᠣᠰᠴᠤ᠂ ᠬᠤᠳᠠ ᠶᠢᠨ ᠨᠠᠢᠮᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶᠠᠨ ᠤ ᠲᠥᠯᠥᠭᠡᠯᠡᠭᠴᠢᠳ ᠤᠨ ᠬᠢᠷᠢ ᠬᠡᠮ ᠢ ᠬᠢᠨᠠᠨ ᠪᠠᠶᠢᠴᠠᠭᠠᠬᠤ ᠺᠣᠮᠢᠰ ᠤᠨ ᠹᠸᠡᠭᠵᠧᠨ | ᠬᠤᠳᠠ ᠶᠢᠨ ᠨᠠᠢᠮᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ | ᠤᠳᠠᠭᠠᠨ ᠤ ᠬᠤᠷᠠᠯᠳᠤᠭᠠᠨ ᠤ ᠲᠥᠯᠥᠭᠡᠯᠡᠭᠴᠢᠳ ᠤᠨ ᠬᠢᠷᠢ ᠬᠡᠮ ᠢ ᠬᠢᠨᠠᠨ ᠪᠠᠶᠢᠴᠠᠭᠠᠭᠰᠠᠨ ᠮᠡᠳᠡᠭᠦᠯᠦᠯᠲᠡ᠂ ︽ | ᠹᠸᠡᠭᠵᠧᠨ ᠬᠤᠳᠠ ᠶᠢᠨ ᠨᠠᠢᠮᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠳᠥᠷᠪᠡᠳᠦᠭᠡᠷ ᠤᠳᠠᠭᠠᠨ ᠤ ᠬᠤᠷᠠᠯᠳᠤᠭᠠᠨ ᠢ ᠬᠤᠷᠠᠯᠳᠤᠭᠤᠯᠬᠤ ᠲᠤᠬᠠᠢ ᠲᠣᠭᠲᠠᠭᠠᠯ ︵ᠲᠥᠰᠥᠯ︶︾᠂ | ᠬᠤᠲᠠ ᠶᠢᠨ ᠨᠠᠢᠮᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ | ᠤᠳᠠᠭᠠᠨ ᠤ ᠬᠤᠷᠠᠯᠳᠤᠭᠠᠨ ᠤ ᠵᠥᠪᠯᠡᠬᠦ ᠵᠦᠢᠯ᠂ ᠡᠳᠦᠷ ᠤᠨ ᠳᠠᠷᠠᠭᠠᠯᠠᠯ ︵ᠲᠥᠰᠥᠯ︶᠂ ᠬᠤᠲᠠ ᠶᠢᠨ ᠨᠠᠢᠮᠠᠳᠤᠭᠠᠷ | ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠤᠳᠠᠭᠠᠨ ᠤ ᠬᠤᠷᠠᠯ ᠤᠨ | ᠲᠡᠷᠢᠭᠦᠯᠡᠭᠴᠢᠳ ᠤᠨ ᠪᠦᠯᠬᠦᠮ ᠪᠠ ᠨᠠᠷᠢᠨ ᠪᠢᠴᠢᠭ ᠤᠨ ᠳᠠᠷᠤᠭ᠎ᠠ ᠶᠢᠨ ᠨᠡᠷᠡᠰ ︵ᠲᠥᠰᠥᠯ︶᠂ ᠬᠤᠲᠠ ᠶᠢᠨ | ᠨᠠᠢᠮᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠤᠳᠠᠭᠠᠨ ᠤ | ᠬᠤᠷᠠᠯᠳᠤᠭᠠᠨ ᠤ ᠭᠦᠢᠴᠡᠳᠬᠡᠬᠦ ᠲᠡᠷᠢᠭᠦᠯᠡᠭᠴᠢ ᠶᠢᠨ ᠳᠤᠭᠤᠶᠢᠯᠠᠩ ᠤᠨ ᠨᠡᠷᠡᠰ ︵ᠲᠥᠰᠥᠯ︶᠂ ᠬᠤᠳᠠ ᠶᠢᠨ | ᠨᠠᠢᠮᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠤᠳᠠᠭᠠᠨ ᠤ | ᠬᠤᠷᠠᠯᠳᠤᠭᠠᠨ ᠤ ᠳᠡᠳ᠋ ᠨᠠᠷᠢᠨ ᠪᠢᠴᠢᠭ ᠤᠨ ᠳᠠᠷᠤᠭ᠎ᠠ ᠶᠢᠨ ᠨᠡᠷᠡᠰ ︵ᠲᠥᠰᠥᠯ︶᠂ ᠬᠤᠳᠠ ᠶᠢᠨ ᠨᠠᠢᠮᠠᠳᠤᠭᠠᠷ | ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯᠳᠤᠭᠠᠨ ᠤ ᠰᠠᠨᠠᠯ | ᠵᠥᠪᠯᠡᠯᠭᠡ ᠶᠢ ᠬᠢᠨᠠᠨ ᠪᠠᠶᠢᠴᠠᠭᠠᠬᠤ ᠵᠦᠪᠯᠡᠯ ᠤᠨ ᠨᠡᠷᠡᠰ ︵ᠲᠥᠰᠥᠯ︶᠂ ᠬᠤᠳᠠ ᠶᠢᠨ ᠨᠠᠢᠮᠠᠳᠤᠭᠠᠷ ᠬᠤᠭᠤᠴᠠᠭᠠᠨ ᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠤᠳᠠᠭᠠᠨ ᠤ ᠬᠤᠷᠠᠯᠳᠤᠭᠠᠨ ᠤ ᠲᠥᠯᠥᠪᠯᠡᠭᠡ | ᠲᠥᠰᠥᠪ ᠢ ᠬᠢᠨᠠᠨ ᠪᠠᠶᠢᠴᠠᠭᠠᠬᠤ ᠵᠦᠪᠯᠡᠯ ᠤᠨ ᠨᠡᠷᠡᠰ ︵ᠲᠥᠰᠥᠯ︶᠂ ᠬᠤᠳᠠ ᠶᠢᠨ ᠨᠠᠢᠮᠠᠳᠤᠭᠠᠷ ᠬᠤᠭᠤᠴᠠᠭᠠᠨ ᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠤᠳᠠᠭᠠᠨ ᠤ ᠬᠤᠷᠠᠯᠳᠤᠭᠠᠨ ᠳᠤ ᠰᠤᠯᠠ | ᠣᠷᠣᠯᠴᠠᠬᠤ ᠬᠥᠮᠥᠰ ᠤᠨ ᠨᠡᠷᠡᠰ ︵ᠲᠥᠰᠥᠯ︶᠂ ᠬᠤᠳᠠ ᠶᠢᠨ ᠨᠠᠢᠮᠠᠳᠤᠭᠠᠷ ᠬᠤᠭᠤᠴᠠᠭᠠᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠤᠳᠠᠭᠠᠨ ᠤ ᠬᠤᠷᠠᠯᠳᠤᠭᠠᠨ ᠤ ᠠᠵᠢᠯ ᠤᠨ ᠪᠠᠶᠢᠭᠤᠯᠤᠮᠵᠢ ︵ | ᠲᠥᠰᠥᠯ︶ ᠶᠢ ᠬᠢᠨᠠᠨ ᠶᠠᠷᠢᠯᠴᠠᠵᠤ ᠪᠠᠳᠤᠯᠠᠪᠠ᠃ ᠡᠭᠦᠨ ᠤ ᠬᠠᠮᠲᠤ ︽ᠹᠸᠡᠭᠵᠧᠨ ᠬᠤᠳᠠ ᠶᠢᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠵᠢᠯ ᠤᠨ ᠢᠯᠡᠳᠬᠡᠯ︾ ᠢ ᠲᠤᠭᠤᠷᠪᠢᠭᠰᠠᠨ | ᠪᠠᠶᠢᠳᠠᠯ ᠤᠨ ᠲᠤᠬᠠᠢ ᠲᠣᠳᠣᠷᠬᠠᠶᠢᠯᠠᠯᠲᠠ ᠬᠢᠪᠡ᠃ | ᠬᠤᠷᠠᠯᠳᠤᠭᠠᠨ ᠠᠴᠠ ᠪᠠᠶᠢᠩᠭᠤ ᠶᠢᠨ ᠬᠤᠷᠢᠶ᠎ᠠ ᠶᠢᠨ ᠬᠢᠨ ᠤ ᠡᠷᠬᠢᠯᠡᠭᠴᠢᠦᠠ ᠤᠨ ᠬᠤᠷᠠᠯᠳᠤᠭᠠᠨ ᠳᠤ ᠡᠷᠬᠡ | ᠣᠯᠭᠤᠬᠤ ᠶᠠᠪᠤᠳᠠᠯ ᠤᠳ ᠢ ᠶᠠᠷᠢᠯᠴᠠᠨ ᠲᠣᠭᠲᠠᠭᠠᠪᠠ᠃ | | | ᠵᠣᠬᠢᠶᠠᠭᠴᠢ᠄ ᠶᠠᠨ ᠰᠢᠶᠠ ᠹᠧᠢ | ᠨᠠᠶᠢᠷᠠᠭᠤᠯᠤᠭᠴᠢ᠄ ᠯᠢ ᠰᠧ ᠬᠤᠢ | ᠬᠢᠨᠠᠨ ᠬᠠᠷᠭᠤᠭᠤᠯᠤᠭᠴᠢ᠄ ᠶᠠᠨ ᠬᠤᠸᠠᠢ ᡁᠢ | ᠤᠷᠴᠢᠭᠤᠯᠤᠭᠴᠢ᠄ ᠬᠠᠨ ᠰᠢᠶᠤᠤ ᠿᠦᠩ | ᠬᠢᠨᠠᠭᠴᠢ᠄ ᠼᠦᠢ ᠶᠢᠩ | |