ᠹᠧᠩᠵᠧᠨ ᠬᠤᠲᠠ ᠶᠢᠨ ᠨᠠᠢᠮᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠤᠳᠠᠭᠠᠨ ᠤ ᠬᠤᠷᠠᠯᠳᠤᠭᠠᠨ ᠤ ᠲᠡᠷᠢᠭᠦᠯᠡᠭᠴᠢᠳ ᠤᠨ ᠪᠦᠯᠬᠦᠮ ᠤᠨ ᠨᠢᠬᠡᠳᠦᠭᠡᠷ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2025/1/27
   1 ᠰᠠᠷ᠎ᠠ ᠶᠢᠨ 21 ᠤ ᠡᠳᠦᠷ ᠤᠨ ᠦᠳᠡ ᠶᠢᠨ ᠬᠤᠶᠢᠨ᠎ᠠ᠂ ᠹᠸᠡᠭᠵᠧᠨ ᠬᠤᠳᠠ ᠶᠢᠨ ᠨᠠᠢᠮᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠤᠳᠠᠭᠠᠨ ᠤ ᠬᠤᠷᠠᠯᠳᠤᠭᠠᠨ ᠤ ᠲᠡᠷᠢᠭᠦᠯᠡᠭᠴᠢᠳ ᠤᠨ ᠪᠦᠯᠬᠦᠮ ᠤᠨ ᠨᠢᠬᠡᠳᠦᠭᠡᠷ ᠬᠤᠷᠠᠯ ᠳᠤ ᠣᠷᠣᠯᠴᠠᠬᠤ ᠶᠣᠰᠣᠲᠠᠢ ᠬᠥᠮᠥᠨ 38 ᠪᠠᠶᠢᠵᠤ᠂ ᠬᠤᠷᠠᠯ ᠳᠤ ᠪᠣᠳᠠᠲᠠᠢ ᠣᠷᠣᠯᠴᠠᠭᠰᠠᠨ ᠬᠥᠮᠥᠨ 36 ᠪᠠᠶᠢᠵᠤ᠂ ᠬᠠᠤᠯᠢ ᠳᠤ ᠲᠣᠭᠲᠠᠭᠠᠭᠰᠠᠨ ᠬᠥᠮᠥᠨ ᠤ ᠲᠤᠭ᠎ᠠ ᠳᠤ ᠨᠡᠶᠢᠴᠡᠨ᠎ᠡ᠃ ᠬᠤᠲᠠ ᠶᠢᠨ ᠨᠠᠮ ᠤᠨ ᠬᠤᠷᠢᠶᠠᠨ ᠤ ᠱᠦᠵᠢ ᠯᠢ ᠶᠢᠩ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠣᠷᠣᠯᠠᠭᠴᠢ ᠬᠤᠲᠠ ᠶᠢᠨ ᠳᠠᠷᠤᠭ᠎ᠠ ᠯᠢ ᠱᠦ ᠸᠧᠢ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠵᠠᠩ ᠬᠤᠩ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠵᠠᠩ ᠵᠢᠶᠦ᠋ᠨ ᠵᠡᠷᠭᠡ ᠬᠤᠲᠠ ᠶᠢᠨ ᠤᠳᠤᠷᠢᠳᠤᠯᠭ᠎ᠠ ᠨᠠᠷ ᠬᠤᠷᠠᠯ ᠳᠤ ᠣᠷᠣᠯᠴᠠᠪᠠ᠃ ᠵᠠᠩ ᠬᠤᠩ ᠬᠤᠷᠠᠯ ᠢ ᠡᠷᠬᠢᠯᠡᠪᠡ᠃
   ᠬᠤᠷᠠᠯ ᠠᠴᠠ ᠹᠧᠩᠵᠧᠨ ᠬᠤᠲᠠ ᠶᠢᠨ ᠨᠠᠢᠮᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠤᠳᠠᠭᠠᠨ ᠤ ᠬᠤᠷᠠᠯᠳᠤᠭᠠᠨ ᠤ ᠲᠡᠷᠢᠭᠦᠯᠡᠭᠴᠢᠳ ᠤᠨ ᠪᠦᠯᠬᠦᠮ ᠤᠨ ᠪᠠᠶᠢᠩᠭᠤ ᠶᠢᠨ ᠲᠡᠷᠢᠭᠦᠯᠡᠭᠴᠢ ᠶᠢᠨ ᠨᠡᠷᠡᠰ ︵ᠲᠥᠰᠥᠯ︶ ᠢ ᠪᠠᠲᠤᠯᠠᠵᠤ᠂ ᠹᠸᠡᠭᠵᠧᠨ ᠬᠤᠳᠠ ᠶᠢᠨ ᠨᠠᠢᠮᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠤᠳᠠᠭᠠᠨ ᠤ ᠬᠤᠷᠠᠯᠳᠤᠭᠠᠨ ᠤ ᠭᠦᠢᠴᠡᠳᠬᠡᠬᠦ ᠲᠡᠷᠢᠭᠦᠯᠡᠭᠴᠢ ᠶᠢᠨ ᠳᠤᠭᠤᠶᠢᠯᠠᠩ ᠤᠨ ᠨᠡᠷᠡᠰ ︵ᠲᠥᠰᠥᠯ︶᠂ ᠹᠸᠡᠭᠵᠧᠨ ᠬᠤᠳᠠ ᠶᠢᠨ ᠨᠠᠢᠮᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠤᠳᠠᠭᠠᠨ ᠤ ᠬᠤᠷᠠᠯᠳᠤᠭᠠᠨ ᠤ ᠳᠡᠳ᠋ ᠨᠠᠷᠢᠨ ᠪᠢᠴᠢᠭ ᠤᠨ ᠳᠠᠷᠤᠭ᠎ᠠ ᠶᠢᠨ ᠨᠡᠷᠡᠰ ︵ᠲᠥᠰᠥᠯ︶᠂ ᠹᠸᠡᠭᠵᠧᠨ ᠬᠤᠳᠠ ᠶᠢᠨ ᠨᠠᠢᠮᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠤᠳᠠᠭᠠᠨ ᠤ ᠬᠤᠷᠠᠯᠳᠤᠭᠠᠨ ᠤ ᠶᠡᠭᠡ ᠬᠤᠷᠠᠯ ᠤᠨ ᠰᠣᠩᠭᠤᠭᠤᠯᠢ ᠶᠢᠨ ᠠᠷᠭ᠎ᠠ ︵ᠲᠥᠰᠥᠯ︶᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ ᠵᠦᠢᠯ ᠤᠨ ᠪᠢᠯᠧᠲ ᠥᠭᠬᠦ ᠳᠦᠷᠢᠮ ᠤᠨ ᠠᠷᠭ᠎ᠠ ︵ᠲᠥᠰᠥᠯ︶ ᠶᠢ ᠪᠠᠲᠤᠯᠠᠭᠰᠠᠨ ᠤ ᠬᠠᠮᠲᠤ ᠡᠯ᠎ᠡ ᠲᠥᠯᠥᠭᠡᠯᠡᠭᠴᠢᠳ ᠤᠨ ᠪᠦᠯᠬᠦᠮ ᠳᠤ ᠳᠡᠪᠰᠢᠭᠦᠯᠵᠦ ᠬᠢᠨᠠᠨ ᠵᠥᠪᠯᠡᠭᠦᠯᠬᠦ ᠪᠠᠷ ᠲᠣᠭᠲᠠᠪᠠ︔ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠬᠤᠲᠠ ᠶᠢᠨ ᠳᠠᠷᠤᠭ᠎ᠠ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ᠂ ᠭᠡᠰᠢᠭᠦᠨ ᠵᠢᠴᠢ ᠬᠤᠲᠠ ᠶᠢᠨ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ ᠶᠢᠨ ᠵᠢᠱᠢᠭᠳᠡᠭᠴᠢ ᠶᠢᠨ ᠰᠠᠨᠠᠭᠤᠯᠭ᠎ᠠ ᠶᠢᠨ ᠨᠡᠷᠡᠰ ︵ᠲᠥᠰᠥᠯ︶ ᠢ ᠪᠠᠲᠤᠯᠠᠬᠤ ᠶᠢᠨ ᠬᠠᠮᠲᠤ ᠡᠯ᠎ᠡ ᠲᠥᠯᠥᠭᠡᠯᠡᠭᠴᠢᠳ ᠤᠨ ᠪᠦᠯᠬᠦᠮ ᠳᠤ ᠳᠡᠪᠰᠢᠭᠦᠯᠵᠦ ᠵᠥᠪᠳᠡᠯᠴᠡᠭᠦᠯᠦᠨ ᠶᠠᠷᠢᠯᠴᠠᠭᠤᠯᠬᠤ ᠪᠠᠷ ᠲᠣᠭᠲᠠᠪᠠ︔ ᠬᠤᠷᠠᠯ ᠠᠴᠠ ᠪᠠᠰᠠ ᠲᠥᠯᠥᠭᠡᠯᠡᠭᠴᠢᠳ ᠤᠨ ᠰᠠᠨᠠᠯ ᠵᠥᠪᠯᠡᠯᠭᠡ ᠳᠤᠷᠠᠳᠬᠤ ᠶᠢ ᠵᠣᠭᠰᠤᠭᠠᠬᠤ ᠴᠠᠭ ᠪᠠ ᠲᠥᠯᠥᠭᠡᠯᠡᠭᠴᠢᠳ ᠤᠨ ᠨᠡᠷ᠎ᠡ ᠬᠤᠯᠪᠣᠨ ᠵᠢᠱᠢᠭᠳᠡᠭᠰᠡᠳ ᠢ ᠳᠤᠷᠠᠳᠬᠤ ᠶᠢ ᠵᠣᠭᠰᠤᠭᠠᠬᠤ ᠴᠠᠭ ᠢ ᠪᠠᠲᠤᠯᠠᠬᠤ ᠪᠠᠷ ᠲᠣᠭᠲᠠᠪᠠ᠃         ᠵᠣᠬᠢᠶᠠᠭᠴᠢ᠄ ᠵᠠᠩ ᠿᠢ ᠵᠢᠤᠸᠠᠨ         ᠨᠠᠶᠢᠷᠠᠭᠤᠯᠤᠭᠴᠢ᠄ ᠯᠢ ᠰᠧ ᠬᠤᠢ         ᠬᠢᠨᠠᠨ ᠬᠠᠷᠭᠤᠭᠤᠯᠤᠭᠴᠢ᠄ ᠶᠠᠨ ᠬᠤᠸᠠᠢ ᡁᠢ         ᠤᠷᠴᠢᠭᠤᠯᠤᠭᠴᠢ᠄ ᠬᠠᠨ ᠰᠢᠶᠤᠤ ᠿᠦᠩ         ᠬᠢᠨᠠᠭᠴᠢ᠄ ᠼᠦᠢ ᠶᠢᠩ
 
ᠢᠷᠡᠯᠲᠡ᠄ ᠠᠮᠢᠵᠢᠷᠠᠯ ᠪᠢᠯᠬᠠᠭᠰᠠᠨ ᠹᠧᠩᠵᠧᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000072号-3