ᠹᠧᠩᠵᠧᠨ ᠬᠤᠲᠠ ᠶᠢᠨ ᠨᠠᠢᠮᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠤᠳᠠᠭᠠᠨ ᠤ ᠬᠤᠷᠠᠯᠳᠤᠭᠠᠨ ᠤ ᠬᠢᠨ ᠲᠡᠷᠢᠭᠦᠯᠡᠭᠴᠢᠳ ᠤᠨ ᠪᠦᠯᠬᠦᠮ ᠤᠨ ᠭᠤᠷᠪᠠᠳᠤᠭᠠᠷ ᠬᠤᠷᠠᠯᠳᠤᠭᠠᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/1/27
   1 ᠰᠠᠷ᠎ᠠ ᠶᠢᠨ 23 ᠤ ᠡᠳᠦᠷ᠂ ᠹᠧᠩᠵᠧᠨ ᠬᠤᠲᠠ ᠶᠢᠨ ᠨᠠᠢᠮᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯᠳᠤᠭᠠᠨ ᠤ ᠬᠢᠨ ᠲᠡᠷᠢᠭᠦᠯᠡᠭᠴᠢᠳ ᠤᠨ ᠪᠦᠯᠬᠦᠮ ᠤᠨ ᠭᠤᠷᠪᠠᠳᠤᠭᠠᠷ ᠬᠤᠷᠠᠯᠳᠤᠭᠠᠨ ᠬᠤᠷᠠᠯᠳᠤᠭᠤᠯᠪᠠ᠃
   ᠬᠤᠷᠠᠯ ᠳᠤ ᠣᠷᠣᠯᠴᠠᠬᠤ ᠶᠣᠰᠣᠲᠠᠢ ᠬᠥᠮᠥᠨ 38᠂ ᠬᠤᠷᠠᠯ ᠳᠤ ᠪᠣᠳᠠᠲᠠᠢ ᠣᠷᠣᠯᠴᠠᠭᠰᠠᠨ ᠬᠥᠮᠥᠨ 37 ᠪᠠᠶᠢᠵᠤ᠂ ᠬᠠᠤᠯᠢ ᠳᠤ ᠲᠣᠭᠲᠠᠭᠠᠭᠰᠠᠨ ᠬᠥᠮᠥᠨ ᠤ ᠲᠤᠭ᠎ᠠ ᠳᠤ ᠨᠡᠶᠢᠴᠡᠨ᠎ᠡ᠃    ᠬᠤᠲᠠ ᠶᠢᠨ ᠨᠠᠮ ᠤᠨ ᠬᠤᠷᠢᠶᠠᠨ ᠤ ᠱᠦᠵᠢ ᠯᠢ ᠶᠢᠩ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠣᠷᠣᠯᠠᠭᠴᠢ ᠬᠤᠲᠠ ᠶᠢᠨ ᠳᠠᠷᠤᠭ᠎ᠠ ᠯᠢ ᠱᠦ ᠸᠧᠢ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠵᠠᠩ ᠬᠤᠩ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠵᠠᠩ ᠵᠢᠶᠦ᠋ᠨ ᠨᠠᠷ ᠬᠤᠷᠠᠯ ᠳᠤ ᠤᠷᠤᠯᠴᠠᠨ᠂ ᠵᠠᠩ ᠬᠤᠩ ᠬᠤᠷᠠᠯ ᠢ ᠡᠷᠬᠢᠯᠡᠪᠡ᠃    ᠬᠤᠷᠠᠯ ᠠᠴᠠ ᠨᠠᠷᠢᠨ ᠪᠢᠴᠢᠭ ᠤᠨ ᠭᠠᠵᠠᠷ ᠤᠨ ᠡᠯ᠎ᠡ ᠲᠥᠯᠥᠭᠡᠯᠡᠭᠴᠢᠳ ᠤᠨ ᠪᠦᠯᠬᠦᠮ ᠤᠨ ᠡᠯ᠎ᠡ ᠵᠦᠢᠯ ᠤᠨ ᠠᠵᠢᠯ ᠤᠨ ᠮᠡᠳᠡᠭᠦᠯᠦᠯᠲᠡ ᠶᠢ ᠬᠢᠨᠠᠨ ᠵᠥᠪᠯᠡᠭᠰᠡᠨ ᠪᠠᠶᠢᠳᠠᠯ ᠪᠣᠯᠣᠨ ᠵᠠᠰᠠᠪᠤᠷᠢ ᠣᠷᠣᠭᠤᠯᠤᠭᠰᠠᠨ ᠰᠠᠨᠠᠯ ᠤᠨ ᠲᠤᠬᠠᠢ ᠮᠡᠳᠡᠭᠦᠯᠦᠯᠲᠡ᠂ ᠰᠠᠨᠠᠯ ᠵᠥᠪᠯᠡᠯᠭᠡ ᠶᠢ ᠬᠢᠨᠠᠨ ᠪᠠᠶᠢᠴᠠᠭᠠᠬᠤ ᠵᠦᠪᠯᠡᠯ ᠤᠨ ᠲᠥᠯᠥᠭᠡᠯᠡᠭᠴᠢᠳ ᠤᠨ ᠰᠠᠨᠠᠯ ᠵᠥᠪᠯᠡᠯᠭᠡ᠂ ᠰᠠᠨᠠᠭᠤᠯᠭ᠎ᠠ ᠶᠢ ᠰᠢᠢᠳᠪᠦᠷᠢᠯᠡᠬᠦ ᠰᠠᠨᠠᠯ ᠤᠨ ᠲᠤᠬᠠᠢ ᠮᠡᠳᠡᠭᠦᠯᠦᠯᠲᠡ ᠪᠠ ᠲᠥᠯᠥᠪᠯᠡᠭᠡ ᠶᠢᠨ ᠲᠥᠰᠥᠪ᠂ ︽ᠹᠸᠡᠭᠵᠧᠨ ᠬᠤᠳᠠ ᠶᠢᠨ 2024 ᠣᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢ ᠭᠦᠢᠴᠡᠳᠬᠡᠭᠰᠡᠨ ᠪᠠᠶᠢᠳᠠᠯ ᠬᠢᠭᠡᠳ 2025 ᠣᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ︵ᠲᠥᠰᠥᠯ︶︾᠂ ︽ᠹᠸᠡᠭᠵᠧᠨ ᠬᠤᠳᠠ ᠶᠢᠨ 2024 ᠣᠨ ᠤ ᠡᠳ᠋ ᠤᠨ ᠵᠠᠰᠠᠭ ᠤᠨ ᠲᠥᠰᠥᠪ ᠢ ᠭᠦᠢᠴᠡᠳᠬᠡᠭᠰᠡᠨ ᠪᠠᠶᠢᠳᠠᠯ ᠪᠠ 2025 ᠣᠨ ᠤ ᠲᠥᠰᠥᠪ ︵ᠲᠥᠰᠥᠯ︶︾ ᠢ ᠬᠢᠨᠠᠨ ᠪᠠᠶᠢᠴᠠᠭᠠᠭᠰᠠᠨ ᠪᠠᠶᠢᠳᠠᠯ ᠤᠨ ᠲᠤᠬᠠᠢ ᠮᠡᠳᠡᠭᠦᠯᠦᠯᠲᠡ ᠶᠢ ᠰᠤᠨᠤᠰᠪᠠ︔ ᠬᠤᠷᠠᠯ ᠠᠴᠠ ᠶᠡᠭᠡ ᠬᠤᠷᠠᠯ ᠤᠨ ᠨᠠᠷᠢᠨ ᠪᠢᠴᠢᠭ ᠤᠨ ᠭᠠᠵᠠᠷ ᠤᠨ ᠡᠯ᠎ᠡ ᠲᠥᠯᠥᠭᠡᠯᠡᠭᠴᠢᠳ ᠤᠨ ᠪᠦᠯᠬᠦᠮ ᠤᠨ ᠡᠯ᠎ᠡ ᠲᠤᠰᠢᠶᠠᠯ ᠤᠨ ᠵᠢᠩᠬᠢᠨᠢ ᠵᠢᠱᠢᠭᠳᠡᠭᠰᠡᠳ ᠤᠨ ᠨᠡᠷᠡᠰ ᠢ ᠶᠠᠷᠢᠯᠴᠠᠭᠰᠠᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠪᠥᠭᠡᠳ ᠡᠯ᠎ᠡ ᠲᠤᠰᠢᠶᠠᠯ ᠤᠨ ᠵᠢᠩᠬᠢᠨᠢ ᠵᠢᠱᠢᠭᠳᠡᠭᠰᠡᠳ ᠤᠨ ᠨᠡᠷᠡᠰ ᠢ ᠬᠤᠷᠠᠯ ᠳᠤ ᠳᠡᠪᠰᠢᠭᠦᠯᠵᠦ ᠰᠣᠩᠭᠤᠭᠤᠯᠢ ᠶᠠᠪᠤᠭᠤᠯᠬᠤ ᠪᠠᠷ ᠲᠣᠭᠲᠠᠪᠠ︔ ᠬᠤᠷᠠᠯ ᠤᠨ ᠨᠠᠷᠢᠨ ᠪᠢᠴᠢᠭ ᠤᠨ ᠭᠠᠵᠠᠷ ᠤᠨ 2024 ᠣᠨ ᠤ ᠵᠠᠰᠠᠭ ᠤᠨ ᠣᠷᠳᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ ᠵᠦᠢᠯ ᠢ ᠪᠡᠶᠡᠯᠡᠭᠦᠯᠦᠭᠰᠡᠨ ᠪᠠᠶᠢᠳᠠᠯ ᠤᠨ ᠬᠠᠨᠤᠮᠵᠢ ᠶᠢᠨ ᠬᠡᠮᠵᠢᠶ᠎ᠡ ᠶᠢ ᠬᠡᠮᠵᠢᠨ ᠲᠣᠭᠲᠠᠭᠠᠭᠰᠠᠨ ᠦᠷ᠎ᠡ ᠳ᠋ᠦᠩ ᠤᠨ ᠲᠤᠬᠠᠢ ᠰᠤᠨᠤᠰᠪᠠ︔ ᠬᠤᠷᠠᠯ ᠠᠴᠠ ᠶᠡᠷᠦᠩᠬᠡᠢ ᠪᠢᠯᠧᠲ ᠬᠢᠨᠠᠭᠴᠢ᠂ ᠪᠢᠯᠧᠲ ᠬᠢᠨᠠᠭᠴᠢ ᠶᠢᠨ ᠨᠡᠷᠡᠰ ︵ᠲᠥᠰᠥᠯ︶ ᠪᠣᠯᠣᠨ ᠬᠤᠷᠠᠯ ᠤᠨ ᠪᠢᠯᠧᠲ ᠪᠦᠷᠢᠳᠬᠡᠬᠦ ᠠᠵᠢᠯᠲᠠᠳ ︵ᠲᠥᠰᠥᠯ︶ ᠢ ᠪᠠᠲᠤᠯᠠᠪᠠ᠃ ᠬᠤᠷᠠᠯ ᠠᠴᠠ ᠡᠯ᠎ᠡ ᠵᠦᠢᠯ ᠤᠨ ᠠᠵᠢᠯ ᠤᠨ ᠮᠡᠳᠡᠭᠦᠯᠦᠯᠲᠡ ᠶᠢᠨ ᠰᠢᠢᠳᠪᠦᠷᠢ ︵ᠲᠥᠰᠥᠯ︶ ᠶᠢ ᠪᠠᠲᠤᠯᠠᠭᠰᠠᠨ ᠪᠥᠭᠡᠳ ᠳᠡᠪᠰᠢᠭᠦᠯᠵᠦ ᠪᠠᠲᠤᠯᠠᠭᠤᠯᠬᠤ ᠪᠠᠷ ᠲᠣᠭᠲᠠᠪᠠ᠃         ᠵᠣᠬᠢᠶᠠᠭᠴᠢ᠄ ᠵᠠᠩ ᠿᠢ ᠵᠢᠤᠸᠠᠨ         ᠨᠠᠶᠢᠷᠠᠭᠤᠯᠤᠭᠴᠢ᠄ ᠯᠢ ᠰᠧ ᠬᠤᠢ         ᠬᠢᠨᠠᠨ ᠬᠠᠷᠭᠤᠭᠤᠯᠤᠭᠴᠢ᠄ ᠶᠠᠨ ᠬᠤᠸᠠᠢ ᡁᠢ         ᠤᠷᠴᠢᠭᠤᠯᠤᠭᠴᠢ᠄ ᠬᠠᠨ ᠰᠢᠶᠤᠤ ᠿᠦᠩ         ᠬᠢᠨᠠᠭᠴᠢ᠄ ᠼᠦᠢ ᠶᠢᠩ
 
ᠢᠷᠡᠯᠲᠡ᠄ ᠠᠮᠢᠵᠢᠷᠠᠯ ᠪᠢᠯᠬᠠᠭᠰᠠᠨ ᠹᠧᠩᠵᠧᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000072号-3