| 2024 ᠣᠨ ᠤ 12 ᠰᠠᠷ᠎ᠠ ᠶᠢᠨ 30 ᠤ ᠡᠳᠦᠷ᠂ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ | ᠬᠢᠨᠠᠯᠲᠠ ᠬᠠᠮᠢᠶᠠᠷᠤᠯᠲᠠ ᠶᠢᠨ ᠵᠥᠪᠯᠡᠯ ᠤᠨ ᠨᠠᠮ ᠤᠨ ᠬᠤᠷᠢᠶ᠎ᠠ ᠶᠢᠨ ᠬᠢᠨ 2024 ᠣᠨ ᠤ ᠬᠤᠳᠠ ᠶᠢᠨ ᠬᠠᠷᠢᠶ᠎ᠠ | ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢᠨ | ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠬᠤᠳᠠ ᠶᠢᠨ ᠤᠯᠤᠰ ᠤᠨ ᠥᠮᠴᠢᠯᠡᠯ ᠤᠨ ᠡᠳ᠋ | ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ᠂ ᠹᠧᠩᠴᠤᠸᠠᠨ ᠤ ᠣᠷᠴᠢᠨ ᠲᠣᠭᠤᠷᠢᠨ ᠤ ᠡᠷᠡᠭᠦᠯ | ᠬᠠᠮᠠᠭᠠᠯᠠᠯ᠂ ᠵᠢᠭᠤᠯᠴᠢᠯᠠᠯ ᠤᠨ ᠪᠡᠯᠡ ᠣᠷᠣᠭᠤᠯᠤᠯᠲᠠ ᠶᠢᠨ ᠺᠣᠮᠫᠠᠨᠢ᠂ ᠬᠤᠳᠠ ᠶᠢᠨ ᠪᠡᠯᠡ ᠣᠷᠣᠭᠤᠯᠤᠯᠲᠠ ᠶᠢᠨ | ᠺᠣᠮᠫᠠᠨᠢ᠂ ᠬᠥᠳᠡᠭᠡ ᠲᠣᠰᠬᠤᠨ ᠤ ᠪᠡᠯᠡ ᠣᠷᠣᠭᠤᠯᠤᠯᠲᠠ ᠶᠢᠨ ᠬᠤᠲᠠ ᠶᠢᠨ ᠰᠢᠭᠤᠳ ᠬᠠᠷᠢᠶ᠎ᠠ ᠪᠠᠶᠢᠭᠤᠯᠭ᠎ᠠ ᠶᠢᠨ | ᠨᠠᠮ ᠤᠨ ᠪᠠᠶᠢᠭᠤᠯᠤᠯᠲᠠ ᠶᠢᠨ ᠲᠠᠰᠤᠭ ᠤᠨ ᠰᠠᠯᠠᠭ᠎ᠠ ᠲᠠᠰᠤᠭ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠨ | ᠵᠢᠭᠠᠨ ᠵᠢᠯᠣᠭᠤᠳᠪᠠ᠃ ᠬᠤᠲᠠ ᠶᠢᠨ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠠᠮᠢᠶᠠᠷᠤᠯᠲᠠ ᠶᠢᠨ | ᠵᠥᠪᠯᠡᠯ ᠤᠨ ᠬᠠᠷᠢᠭᠤᠴᠠᠯᠭᠠᠲᠠᠨ ᠬᠤᠷᠠᠯ ᠢ ᠡᠷᠭᠢᠯᠡᠪᠡ᠃ | | ᠬᠤᠷᠠᠯ ᠳᠡᠭᠡᠷ᠎ᠡ᠂ ᠬᠤᠷᠠᠯ ᠳᠤ ᠣᠷᠣᠯᠴᠠᠭᠰᠠᠨ ᠬᠤᠲᠠ ᠶᠢᠨ ᠬᠠᠷᠢᠶ᠎ᠠ ᠤᠯᠤᠰ ᠤᠨ ᠥᠮᠴᠢᠯᠡᠯ ᠤᠨ ᠬᠡᠰᠡᠭ | ᠠᠵᠤ ᠠᠬᠤᠶᠢᠯᠠᠯ ᠤᠨ ᠬᠠᠷᠢᠭᠤᠴᠠᠯᠭᠠᠲᠠᠨ ᠨᠠᠷ ᠲᠣᠰ ᠲᠣᠰ ᠲᠤᠬᠠᠢ ᠶᠢᠨ ᠲᠠᠯᠠᠪᠤᠷ ᠲᠤ ᠠᠵᠢᠯ ᠤᠨ ᠮᠡᠳᠡᠭᠦᠯᠦᠯᠲᠡ | ᠬᠢᠵᠡᠭᠡᠵᠦ᠂ ᠬᠤᠲᠠ ᠶᠢᠨ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ | ᠵᠥᠪᠯᠡᠯ ᠤᠨ ᠬᠠᠷᠢᠭᠤᠴᠠᠯᠭᠠᠲᠠᠨ ᠨᠢᠭᠡᠳ ᠨᠢᠭᠡ ᠪᠠᠷ ᠦᠨᠡᠯᠡᠯᠲᠡ ᠬᠢᠵᠦ ᠶᠠᠷᠢᠶ᠎ᠠ ᠲᠠᠯᠪᠢᠪᠠ︔ ᠬᠤᠲᠠ ᠶᠢᠨ ᠰᠢᠭᠤᠳ | ᠬᠠᠷᠢᠶ᠎ᠠ ᠪᠠᠶᠢᠭᠤᠯᠭ᠎ᠠ ᠶᠢᠨ ᠨᠠᠮ ᠤᠨ ᠪᠠᠶᠢᠭᠤᠯᠤᠯᠲᠠ ᠶᠢᠨ ᠲᠠᠰᠤᠭ ᠤᠨ ᠰᠠᠯᠠᠭ᠎ᠠ ᠲᠠᠰᠤᠭ ᠤᠨ ᠬᠠᠷᠢᠭᠤᠴᠠᠯᠭᠠᠲᠠᠨ | ᠦᠨᠡᠯᠡᠯᠲᠡ ᠬᠢᠬᠦ ᠳᠡᠭᠡᠨ ᠬᠤᠲᠠ ᠶᠢᠨ ᠬᠠᠷᠢᠶ᠎ᠠ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠨᠠᠮ ᠤᠨ | ᠵᠣᠬᠢᠶᠠᠨ ᠪᠠᠶᠢᠭᠤᠯᠤᠯᠲᠠ ᠶᠢᠨ ᠱᠦᠵᠢ ᠶᠢᠨ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠢ | ᠠᠳᠬᠤᠭᠰᠠᠨ ᠢ ᠨᠤᠲᠠᠯᠠᠵᠤ᠂ ᠲᠠᠷᠠᠭᠠᠴᠢ ᠶᠢᠨ ᠠᠯᠬᠤᠮ ᠤᠨ ᠠᠵᠢᠯ ᠳᠤ ᠵᠢᠯᠤᠭᠤᠳᠬᠤ ᠰᠠᠨᠠᠯ ᠳᠤᠷᠠᠳᠪᠠ᠃ | ᠬᠤᠳᠠ ᠶᠢᠨ ᠬᠠᠷᠢᠶ᠎ᠠ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠨᠠᠮ ᠤᠨ ᠵᠣᠬᠢᠶᠠᠨ ᠪᠠᠶᠢᠭᠤᠯᠤᠯᠲᠠ | ᠨᠢ ᠨᠠᠮ ᠤᠨ ᠪᠠᠶᠢᠭᠤᠯᠤᠯᠲᠠ ᠶᠢᠨ ᠠᠵᠢᠯ ᠢ ᠲᠣᠪᠣᠶᠢᠮ᠎ᠠ ᠪᠠᠶᠢᠷᠢᠨ ᠳᠤ ᠲᠠᠯᠪᠢᠵᠤ᠂ ︽ᠨᠢᠭᠡᠳᠦᠭᠡᠷ ᠬᠠᠷᠢᠭᠤᠴᠠᠯᠭᠠᠲᠠᠨ︾ | ᠤ ᠬᠦᠨᠳᠦ ᠡᠭᠦᠷᠭᠡ ᠶᠢ ᠡᠭᠦᠷᠭᠡᠯᠡᠵᠦ᠂ ︽ᠨᠢᠭᠡ ᠠᠵᠢᠯ ᠤᠨ ᠪᠠᠶᠢᠷᠢ ᠬᠤᠶᠠᠷ ᠬᠠᠷᠢᠭᠤᠴᠠᠯᠭ᠎ᠠ︾ ᠶᠢ | ᠨᠠᠶᠢᠳᠠᠪᠤᠷᠢᠵᠢᠭᠤᠯᠬᠤ ᠬᠡᠷᠡᠭᠲᠡᠢ︔ ᠨᠠᠮ ᠤᠨ ᠪᠠᠶᠢᠭᠤᠯᠤᠯᠲᠠ ᠶᠢᠨ ᠠᠵᠢᠯ ᠪᠣᠯᠣᠨ ᠦᠢᠯᠡᠳᠪᠦᠷᠢᠯᠡᠯ ᠡᠵᠡᠩᠨᠡᠯᠲᠡ᠂ | ᠥᠭᠡᠷᠡᠴᠢᠯᠡᠯᠲᠡ ᠶᠢᠨ ᠪᠣᠭᠤᠮᠲᠠ ᠰᠢᠪᠲᠤᠯᠬᠤ᠂ ᠰᠢᠨ᠎ᠡ ᠶᠢ ᠡᠭᠦᠳᠬᠦ ᠬᠥᠭᠵᠢᠯᠲᠡ ᠵᠡᠷᠭᠡ ᠭᠤᠣᠯ ᠠᠵᠢᠯ ᠢ ᠭᠦᠨᠵᠡᠭᠡᠢ | ᠨᠡᠶᠢᠳᠬᠡᠵᠦ᠂ ᠠᠵᠤ ᠠᠬᠤᠶᠢᠯᠠᠯ ᠤᠨ ᠵᠠᠩᠭᠢᠯᠠᠭ᠎ᠠ ᠶᠢᠨ ᠴᠡᠭ ᠲᠤ ᠬᠠᠨᠳᠤᠯᠭ᠎ᠠ ᠲᠠᠢ ᠪᠠᠷ ᠪᠣᠭᠤᠮᠲᠠ ᠰᠠᠬᠢᠬᠤ | ᠦᠢᠯᠡᠳᠦᠯ ᠢ ᠪᠠᠳᠠᠷᠠᠭᠤᠯᠬᠤ ᠬᠡᠷᠡᠭᠲᠡᠢ︔ ᠡᠯ᠎ᠡ ᠲᠦᠷᠦᠯ ᠤᠨ ᠦᠵᠡᠯ ᠤᠬᠠᠮᠰᠠᠷ ᠤᠨ ᠬᠡᠯᠪᠡᠷᠢ ᠶᠢᠨ ᠵᠢᠭᠰᠠᠭᠠᠯ ᠤᠨ | ᠭᠠᠵᠠᠷ ᠤᠨ ᠬᠠᠮᠢᠶᠠᠷᠤᠨ ᠡᠵᠡᠮᠳᠡᠬᠦ ᠡᠷᠴᠢᠮ ᠢ ᠴᠢᠩᠭᠠᠷᠠᠭᠤᠯᠵᠤ᠂ ᠵᠥᠪ ᠣᠨᠣᠪᠴᠢᠲᠠᠢ ᠶᠠᠷᠢᠶ᠎ᠠ ᠬᠡᠯᠡᠯᠴᠡᠭᠡᠨ ᠤ | ᠤᠳᠤᠷᠢᠳᠤᠮᠵᠢ ᠶᠢ ᠪᠠᠷᠢᠮᠲᠠᠯᠠᠵᠤ᠂ ᠰᠤᠷᠲᠠᠯ ᠴᠢᠬᠡᠴᠢ ᠣᠪᠣᠷ ᠲᠥᠪ᠂ ᠢᠳᠡᠪᠬᠢᠲᠡᠢ ᠪᠠᠷ ᠥᠭᠡᠳᠡᠯᠡᠨ ᠲᠠᠪᠰᠢᠬᠤ | ᠶᠠᠷᠢᠶ᠎ᠠ ᠬᠡᠯᠡᠯᠴᠡᠭᠡᠨ ᠤ ᠣᠷᠣᠨ ᠵᠠᠢ ᠶᠢ ᠪᠠᠶᠢᠭᠤᠯᠬᠤ ᠬᠡᠷᠡᠭᠲᠡᠢ︔ ᠠᠷᠢᠭᠤᠨ ᠴᠢᠬᠡᠴᠢ ᠶᠢᠨ ᠬᠥᠮᠦᠵᠢᠯ ᠤᠨ | ᠬᠡᠯᠪᠡᠷᠢ ᠶᠢ ᠪᠠᠶᠠᠯᠢᠭᠵᠢᠭᠤᠯᠵᠤ᠂ ᠠᠷᠢᠭᠤᠨ ᠴᠢᠬᠡᠴᠢ ᠪᠠᠷ ᠵᠠᠰᠠᠭ ᠪᠠᠷᠢᠬᠤ ᠠᠶᠤᠯ ᠲᠦᠭᠰᠢᠭᠦᠷᠢ ᠶᠢ ᠰᠡᠷᠭᠡᠶᠢᠯᠡᠨ | ᠡᠵᠡᠮᠳᠡᠬᠦ ᠰᠢᠰᠲ᠋ᠧᠮ ᠢ ᠪᠠᠶᠢᠭᠤᠯᠤᠨ ᠲᠡᠭᠦᠯᠳᠡᠷᠵᠢᠭᠦᠯᠵᠦ᠂ ᠪᠡᠶ᠎ᠡ ᠳᠤᠨᠢ ᠲᠣᠬᠢᠷᠠᠭᠤᠯᠤᠨ ᠰᠡᠷᠭᠡᠶᠢᠯᠡᠨ ᠡᠵᠡᠮᠳᠡᠬᠦ | ᠠᠷᠭ᠎ᠠ ᠪᠣᠳᠣᠯᠭ᠎ᠠ ᠶᠢ ᠲᠤᠭᠲᠠᠭᠠᠬᠤ ᠬᠡᠷᠡᠭᠳᠡᠢ ᠬᠡᠵᠦ ᠬᠤᠷᠠᠯ ᠠᠴᠠ ᠴᠢᠬᠤᠯᠠᠴᠢᠯᠠᠪᠠ᠃ | ᠬᠤᠷᠠᠯ ᠤᠨ ᠡᠴᠦᠰ ᠲᠤ᠂ ᠬᠤᠷᠠᠯ ᠳᠤ ᠣᠷᠣᠯᠴᠠᠭᠰᠠᠳ ᠪᠠᠰᠠ ᠲᠤᠰᠢᠶᠠᠯ ᠤᠨ ᠮᠡᠳᠡᠭᠦᠯᠦᠯᠲᠡ ᠬᠢᠭᠰᠡᠨ | ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢᠨ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢ | ᠠᠳᠬᠤᠭᠰᠠᠨ ᠪᠠᠶᠢᠳᠠᠯ ᠢ ᠦᠨᠡᠯᠡᠨ ᠶᠠᠷᠢᠯᠴᠠᠪᠠ᠃ | | | ᠤᠷᠴᠢᠭᠤᠯᠤᠭᠴᠢ᠄ ᠬᠠᠨ ᠰᠢᠶᠤᠤ ᠿᠦᠩ | ᠬᠢᠨᠠᠭᠴᠢ᠄ ᠼᠦᠢ ᠶᠢᠩ |