ᠹᠧᠩᠵᠧᠨ ᠬᠤᠲᠠ ᠶᠢᠨ ᠬᠢᠨ ᠰᠣᠨᠢᠨ ᠮᠡᠳᠡᠭᠡ ᠬᠡᠪᠯᠡᠯ ᠤᠨ ᠠᠵᠢᠯ ᠲᠥᠷᠥᠯ ᠤᠨ ᠠᠶᠤᠯᠭᠦᠢ ᠦᠢᠯᠡᠳᠪᠦᠷᠢᠯᠡᠯ ᠤᠨ ᠪᠠᠶᠢᠴᠠᠭᠠᠯᠲᠠ ᠶᠢ ᠥᠷᠨᠢᠭᠦᠯᠪᠡ
ᠨᠡᠶᠢᠲᠡᠯᠡᠭᠰᠡᠨ ᠴᠠᠭ᠄
2025/1/3
   ᠣᠶᠢᠷ᠎ᠠ ᠳᠤ᠂ ᠬᠤᠲᠠ ᠶᠢᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ᠬᠢᠨ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ᠂ ᠰᠣᠨᠢᠨ ᠮᠡᠳᠡᠭᠡ ᠬᠡᠪᠯᠡᠯ ᠷᠠᠳᠢᠣ᠋ ᠺᠢᠨᠣ᠋ ᠲᠧᠯᠸᠢᠰ ᠤᠨ ᠲᠣᠪᠴᠢᠶ᠎ᠠ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠢ ᠵᠣᠬᠢᠶᠠᠨ ᠪᠠᠶᠢᠭᠤᠯᠤᠨ ᠰᠣᠨᠢᠨ ᠮᠡᠳᠡᠭᠡ ᠬᠡᠪᠯᠡᠯ ᠤᠨ ᠠᠵᠢᠯ ᠲᠥᠷᠥᠯ ᠤᠨ ᠠᠶᠤᠯᠭᠦᠢ ᠦᠢᠯᠡᠳᠪᠦᠷᠢᠯᠡᠯ ᠤᠨ ᠲᠤᠰᠬᠠᠢ ᠪᠠᠶᠢᠴᠠᠭᠠᠯᠲᠠ ᠶᠢ ᠥᠷᠨᠢᠭᠦᠯᠵᠦ᠂ ᠠᠵᠢᠯ ᠲᠥᠷᠥᠯ ᠤᠨ ᠠᠶᠤᠯᠭᠦᠢ ᠦᠢᠯᠡᠳᠪᠦᠷᠢᠯᠡᠯ ᠤᠨ ᠠᠵᠢᠯ ᠢ ᠤᠯᠠᠮ ᠨᠢᠭᠡ ᠠᠯᠬᠤᠮ ᠴᠢᠩᠭᠠᠳᠬᠠᠨ᠂ ᠡᠯ᠎ᠡ ᠲᠥᠷᠥᠯ ᠤᠨ ᠠᠳᠡᠯ ᠭᠠᠷᠬᠤ ᠶᠢ ᠴᠢᠩᠭ᠎ᠠ ᠰᠡᠷᠭᠡᠶᠢᠯᠡᠵᠦ᠂ ᠰᠣᠶᠣᠯ ᠤᠨ ᠵᠠᠬ᠎ᠠ ᠳᠡᠯᠭᠡᠭᠦᠷ ᠤᠨ ᠲᠣᠭᠲᠠᠭᠤᠨ ᠪᠥᠭᠡᠳ ᠡᠮᠬᠢ ᠵᠢᠷᠤᠮ ᠲᠠᠢ ᠪᠠᠶᠢᠬᠤ ᠶᠢ ᠦᠨᠡᠨᠬᠦ ᠪᠠᠲᠤᠯᠠᠪᠠ᠃
   ᠪᠠᠶᠢᠴᠠᠭᠠᠬᠤ ᠳᠤᠭᠤᠶᠢᠯᠠᠩ ᠤᠨ ᠬᠢᠨ ᠤᠷᠢᠳ ᠬᠤᠵᠢᠳ ᠬᠠᠷᠢᠶ᠎ᠠ ᠣᠷᠣᠨ ᠤ ᠺᠢᠨᠣ᠋ ᠲᠢᠶᠠᠲᠷ᠂ ᠨᠣᠮ ᠪᠢᠴᠢᠭ ᠤᠨ ᠵᠠᠬ᠎ᠠ ᠳᠡᠯᠭᠡᠭᠦᠷ᠂ ᠬᠡᠪᠯᠡᠯ ᠤᠨ ᠠᠵᠤ ᠠᠬᠤᠶᠢᠯᠠᠯ ᠵᠡᠷᠭᠡ ᠲᠠᠯᠠᠪᠤᠷ ᠲᠤ ᠬᠦᠷᠴᠦ᠂ ᠡᠯ᠎ᠡ ᠨᠢᠭᠡᠴᠡ ᠶᠢᠨ ᠠᠶᠤᠯ ᠦᠭᠡᠢ ᠶᠢᠨ ᠠᠳᠡᠯ ᠤᠨ ᠲᠠᠯᠳᠠ ᠭᠡᠮ ᠢ ᠵᠢᠭᠰᠠᠭᠠᠨ ᠪᠠᠶᠢᠴᠠᠭᠠᠵᠤ ᠵᠠᠰᠠᠬᠤ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠭᠦᠢᠴᠡᠳᠬᠡᠭᠰᠡᠨ ᠪᠠᠶᠢᠳᠠᠯ ᠢ ᠭᠤᠣᠯᠳᠠᠯᠭ᠎ᠠ ᠲᠠᠢ ᠪᠠᠶᠢᠴᠠᠭᠠᠵᠤ᠂ ᠭᠠᠯ ᠤᠨᠲᠠᠷᠠᠭᠠᠭᠤᠷ ᠤᠨ ᠲᠣᠭᠲᠠᠭᠠᠯ ᠳᠤ ᠨᠡᠶᠢᠴᠡᠬᠦ ᠡᠰᠡᠬᠦ᠂ ᠱᠠᠭᠠᠷᠳᠠᠯᠭ᠎ᠠ ᠶᠣᠰᠣᠭᠠᠷ ᠲᠣᠬᠢᠷᠠᠭᠤᠯᠤᠭᠰᠠᠨ ᠡᠰᠡᠬᠦ ᠶᠢ ᠪᠠᠶᠢᠴᠠᠭᠠᠨ ᠦᠵᠡᠵᠦ᠂ ᠭᠠᠯ ᠤᠨᠲᠠᠷᠠᠭᠠᠭᠤᠯ ᠢ ᠬᠡᠪ ᠤᠨ ᠶᠣᠰᠣᠭᠠᠷ ᠬᠡᠷᠡᠭᠯᠡᠵᠦ ᠴᠢᠳᠠᠬᠤ ᠡᠰᠡᠬᠦ᠂ ᠬᠥᠮᠥᠨ ᠠᠵᠢᠯᠯᠠᠵᠤ ᠴᠢᠳᠠᠬᠤ ᠡᠰᠡᠬᠦ᠂ ᠲᠠᠯᠠᠪᠤᠷ ᠭᠠᠵᠠᠷ ᠤᠨ ᠠᠶᠤᠯ ᠦᠭᠡᠢ ᠶᠢᠨ ᠵᠢᠭᠠᠪᠤᠷᠢ ᠨᠢ ᠪᠦᠷᠢᠨ ᠪᠦᠲᠦᠨ ᠪᠠᠶᠢᠬᠤ ᠡᠰᠡᠬᠦ᠂ ᠵᠢᠴᠢ ᠲᠢᠩᠬᠢᠮ ᠤᠨ ᠳᠣᠲᠣᠷᠠᠬᠢ ᠪᠠᠴᠢᠮ ᠪᠠᠶᠢᠳᠠᠯ ᠢ ᠠᠷᠭᠠᠴᠠᠭᠠᠬᠤ ᠭᠡᠷᠡᠯᠲᠦᠭᠦᠯᠭᠡ ᠶᠢᠨ ᠳ᠋ᠧᠩ ᠢ ᠬᠡᠪ ᠤᠨ ᠶᠣᠰᠣᠭᠠᠷ ᠬᠡᠷᠡᠭᠯᠡᠵᠦ ᠪᠠᠶᠢᠬᠤ ᠡᠰᠡᠬᠦ᠂ ᠲᠠᠷᠬᠠᠭᠠᠨ ᠶᠠᠪᠤᠭᠤᠯᠬᠤ ᠨᠡᠪᠳᠡᠷᠡᠯ ᠵᠠᠮ ᠰᠠᠭᠠᠳ ᠦᠭᠡᠢ ᠨᠡᠪᠲᠡᠷᠡᠵᠦ ᠪᠠᠶᠢᠬᠤ ᠡᠰᠡᠬᠦ ᠶᠢ ᠪᠠᠶᠢᠴᠠᠭᠠᠨ ᠦᠵᠡᠪᠡ︔ ᠨᠣᠮ ᠤᠨ ᠳᠡᠯᠭᠡᠭᠦᠷ ᠲᠤ ᠡᠷᠬᠡ ᠳᠤ ᠬᠠᠯᠳᠠᠵᠤ ᠬᠤᠯᠠᠭᠠᠶᠢᠯᠠᠨ ᠬᠡᠪᠯᠡᠭᠰᠡᠨ ᠨᠣᠮ ᠪᠢᠴᠢᠭ ᠢ ᠪᠣᠷᠣᠯᠠᠭᠤᠯᠤᠭᠰᠠᠨ ᠬᠠᠤᠯᠢ ᠪᠤᠰᠤ ᠦᠢᠯᠡ ᠠᠵᠢᠯᠯᠠᠭ᠎ᠠ ᠪᠠᠶᠢᠬᠤ ᠡᠰᠡᠬᠦ᠂ ᠪᠠᠷᠠᠭ᠎ᠠ ᠣᠷᠣᠭᠤᠯᠬᠤ ᠠᠷᠭ᠎ᠠ ᠵᠠᠮ ᠪᠠ ᠭᠡᠷᠡᠴᠢ ᠪᠠᠷᠢᠮᠲᠠ ᠨᠢ ᠵᠢᠷᠤᠮᠵᠢᠭᠤᠨ ᠪᠠᠶᠢᠬᠤ ᠡᠰᠡᠬᠦ ᠶᠢ ᠪᠠᠶᠢᠴᠠᠭᠠᠪᠠ︔ ᠬᠡᠪᠯᠡᠯ ᠤᠨ ᠠᠵᠤ ᠠᠬᠤᠶᠢᠯᠠᠯ ᠳᠤ ᠬᠡᠪᠴᠢᠶ᠎ᠡ ᠠᠴᠠ ᠬᠡᠲᠦᠷᠡᠭᠦᠯᠦᠨ ᠬᠡᠪᠯᠡᠬᠦ ᠵᠡᠷᠭᠡ ᠬᠠᠤᠯᠢ ᠠᠴᠠ ᠵᠥᠷᠢᠴᠡᠭᠰᠡᠨ ᠦᠶᠯᠡ ᠠᠵᠢᠯᠯᠠᠭ᠎ᠠ ᠣᠷᠣᠰᠢᠵᠤ ᠪᠠᠶᠢᠬᠤ ᠡᠰᠡᠬᠦ ᠶᠢ ᠪᠠᠶᠢᠴᠠᠭᠠᠪᠠ᠃
   ᠵᠠᠯᠭᠠᠭᠠᠳ ᠪᠢᠳᠡ ᠬᠢᠨᠠᠯᠲᠠ ᠬᠠᠮᠢᠶᠠᠷᠤᠯᠲᠠ ᠶᠢᠨ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠵᠤ᠂ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠂ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠠᠵᠤ ᠠᠬᠤᠶᠢᠯᠠᠯ ᠤᠨ ᠭᠠᠯ ᠤᠨᠲᠠᠷᠠᠭᠠᠬᠤ ᠠᠮᠤᠷ ᠲᠦᠪᠰᠢᠨ ᠤ ᠤᠬᠠᠮᠰᠠᠷ ᠢ ᠴᠢᠩᠭᠠᠷᠠᠭᠤᠯᠤᠨ᠂ ︽ᠱᠠᠯᠢᠭ ᠵᠠᠪᠬᠠᠢ︾᠂ ︽ᠬᠠᠤᠯᠢ ᠪᠤᠰᠤ︾ ᠳᠤ ᠬᠤᠯᠪᠣᠭᠳᠠᠭᠰᠠᠨ ᠦᠶᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠪᠥᠬᠦ ᠬᠤᠲᠠ ᠶᠢᠨ ᠰᠣᠨᠢᠨ ᠮᠡᠳᠡᠭᠡ ᠬᠡᠪᠯᠡᠯ ᠤᠨ ᠠᠵᠢᠯ ᠲᠥᠷᠥᠯ ᠤᠨ ᠡᠷᠡᠭᠦᠯ ᠪᠥᠭᠡᠳ ᠠᠮᠤᠷ ᠲᠦᠪᠰᠢᠨ ᠢᠶᠠᠷ ᠬᠥᠭᠵᠢᠬᠦ ᠳᠤ ᠰᠤᠷᠲᠠᠯ ᠴᠢᠬᠡᠴᠢ ᠣᠪᠣᠷ ᠲᠥᠪ ᠰᠣᠶᠣᠯ ᠤᠨ ᠣᠷᠴᠢᠨ ᠲᠣᠭᠤᠷᠢᠨ ᠢ ᠪᠣᠶ ᠪᠣᠯᠭᠠᠵᠤ ᠥᠭᠭᠦᠨ᠎ᠡ᠃           ᠤᠷᠴᠢᠭᠤᠯᠤᠭᠴᠢ᠄ ᠬᠠᠨ ᠰᠢᠶᠤᠤ ᠿᠦᠩ           ᠬᠢᠨᠠᠭᠴᠢ᠄ ᠼᠦᠢ ᠶᠢᠩ
 
ᠢᠷᠡᠯᠲᠡ᠄ ᠠᠮᠢᠵᠢᠷᠠᠯ ᠪᠢᠯᠬᠠᠭᠰᠠᠨ ᠹᠧᠩᠵᠧᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000072号-3