| —— ᠬᠤᠲᠠ ᠶᠢᠨ ᠲᠤᠷᠰᠢᠯᠲᠠ ᠶᠢᠨ ᠪᠠᠭ᠎ᠠ ᠰᠤᠷᠭᠠᠭᠤᠯᠢ ᠶᠢᠨ ᠬᠢᠨ ︽ᠰᠢᠨ᠎ᠡ ᠵᠢᠯ ᠢ ᠤᠭᠲᠤᠵᠤ ᠰᠢᠨ᠎ᠡ | ᠵᠢᠯ ᠢ ᠪᠡᠯᠭᠡᠯᠡᠵᠦ ᠵᠣᠯ ᠵᠢᠷᠭᠠᠯ ᠲᠠᠢ ᠪᠠᠷ ᠪᠤᠯᠵᠤᠬᠤ︾ ᠪᠠᠭᠰᠢ ᠨᠠᠷ ᠤᠨ ᠬᠠᠮᠲᠤᠷᠠᠭᠰᠠᠨ ᠨᠠᠶᠢᠷ ᠬᠢᠪᠡ | | ᠲᠦᠷᠦᠭᠦᠬᠡᠨ᠂ ᠬᠤᠲᠠ ᠶᠢᠨ ᠲᠤᠷᠰᠢᠯᠲᠠ ᠶᠢᠨ ᠪᠠᠭ᠎ᠠ ᠰᠤᠷᠭᠠᠭᠤᠯᠢ ᠶᠢᠨ ᠬᠢᠨ ︽ᠰᠢᠨ᠎ᠡ ᠵᠢᠯ ᠢ ᠤᠭᠲᠤᠵᠤ ᠰᠢᠨ᠎ᠡ | ᠵᠢᠯ ᠢ ᠪᠡᠯᠭᠡᠯᠡᠵᠦ ᠵᠣᠯ ᠵᠢᠷᠭᠠᠯ ᠲᠠᠢ ᠪᠠᠷ ᠪᠤᠯᠵᠤᠬᠤ︾ ᠪᠠᠭᠰᠢ ᠨᠠᠷ ᠤᠨ ᠬᠠᠮᠲᠤᠷᠠᠭᠰᠠᠨ ᠨᠠᠶᠢᠷ ᠢ ᠡᠷᠭᠢᠯᠡᠵᠦ᠂ ᠪᠥᠬᠦ | ᠰᠤᠷᠭᠠᠭᠤᠯᠢ ᠶᠢᠨ ᠪᠠᠭᠰᠢ ᠨᠠᠷ ᠨᠢᠭᠡ ᠲᠢᠩᠭᠢᠮ ᠳᠤ ᠴᠤᠭᠯᠠᠷᠠᠨ᠂ ᠰᠢᠨ᠎ᠡ ᠵᠢᠯ ᠢ ᠬᠠᠮᠳᠤᠪᠠᠷ ᠤᠭᠲᠤᠵᠤ᠂ ᠪᠠᠶᠠᠷ | ᠪᠠᠶᠠᠰᠤᠯ ᠤᠨ ᠳᠤᠮᠳᠠ ᠥᠩᠭᠡᠷᠡᠭᠰᠡᠨ ᠨᠢᠭᠡ ᠵᠢᠯ ᠤᠨ ᠣᠯᠣᠯᠲᠠ ᠪᠠᠨ ᠡᠷᠭᠢᠴᠡᠭᠦᠯᠵᠦ᠂ ᠬᠦᠰᠡᠯ ᠡᠷᠡᠮᠡᠯᠵᠡᠯ ᠢᠶᠠᠷ ᠪᠢᠯᠬᠠᠭᠰᠠᠨ | ᠢᠷᠡᠭᠡᠳᠦᠢ ᠪᠠᠨ ᠪᠠᠷᠠᠯᠠᠨ᠎ᠠ᠃ | | | | | | | ᠲᠣᠰ ᠤᠳᠠᠭᠠᠨ ᠤ ᠬᠤᠯᠪᠣᠭᠠᠲᠤ ᠬᠤᠷᠠᠯ ᠤᠨ ᠫᠷᠣᠭ᠍ᠷᠠᠮ ᠤᠨ ᠬᠡᠯᠪᠡᠷᠢ ᠨᠢ ᠣᠯᠠᠨ ᠶᠠᠩᠵᠤ ᠶᠢᠨ ᠪᠠᠶᠢᠵᠤ᠂ ᠳᠠᠭᠤᠤ᠂ | ᠪᠥᠵᠢᠭ᠂ ᠱᠤᠭ ᠵᠦᠴᠦᠭᠡ᠂ ᠤᠷᠠᠨ ᠤᠩᠰᠢᠯᠭ᠎ᠠ ᠵᠡᠷᠭᠡ ᠣᠯᠠᠨ ᠵᠦᠢᠯ ᠤᠨ ᠤᠷᠠᠯᠢᠭ ᠤᠨ ᠬᠡᠯᠪᠡᠷᠢ ᠶᠢ ᠬᠠᠮᠤᠷᠴᠤ᠂ ᠡᠯ᠎ᠡ | ᠣᠨ ᠤ ᠪᠠᠭᠰᠢ ᠨᠠᠷ ᠤᠨ ᠣᠯᠠᠨ ᠵᠦᠢᠯ ᠤᠨ ᠠᠪᠢᠶᠠᠰ ᠴᠢᠳᠠᠪᠤᠷᠢ ᠶᠢ ᠭᠦᠢᠴᠡᠳ ᠢᠯᠡᠷᠡᠭᠦᠯᠪᠡ᠃ ᠲᠠᠶᠢᠰᠠᠨ ᠳᠡᠭᠡᠷ᠎ᠡ | ᠳ᠋ᠧᠩ ᠤᠨ ᠬᠡᠷᠡᠯ ᠳᠤᠸᠠᠯᠠᠵᠤ᠂ ᠲᠠᠳᠠ ᠭᠤᠶᠢᠳᠠ ᠰᠠᠶᠢᠬᠠᠨ ᠲᠣᠭᠯᠠᠯᠲᠠ ᠪᠠᠷ ᠢᠶᠠᠨ ᠦᠵᠡᠭᠴᠢᠳ ᠲᠤ ᠨᠢᠭᠡ ᠤᠳᠠᠭᠠᠨ ᠤ | ᠦᠵᠡᠵᠦ ᠰᠣᠨᠣᠰᠬᠤ ᠦᠪᠡᠳᠡᠭᠰᠢ ᠳᠠᠶᠢᠯᠠᠯᠭ᠎ᠠ ᠶᠢ ᠳᠡᠯᠭᠡᠨ ᠦᠵᠡᠭᠦᠯᠪᠡ᠃ ᠣᠷᠭᠢᠯᠤᠮ᠎ᠠ ᠬᠠᠯᠠᠭᠤᠨ ᠰᠡᠳᠬᠢᠯᠭᠡ ᠲᠠᠢ ᠯᠠᠲ᠋ᠢᠨ | ᠪᠥᠵᠢᠭ ᠨᠢ ᠠᠬᠤᠢ ᠲᠠᠯᠠᠪᠠᠶ ᠶᠢᠨ ᠠᠭᠤᠷ ᠠᠮᠢᠰᠬᠤᠯ ᠢ ᠠᠭᠱᠠᠨ ᠵᠠᠭᠤᠷ᠎ᠠ ᠬᠥᠭᠵᠢᠭᠡᠨ᠂ ᠢᠷᠠᠭᠤ ᠰᠠᠶᠢᠬᠠᠨ ᠳᠠᠭᠤᠤ ᠨᠢ | ᠦᠵᠡᠭᠴᠢᠳ ᠤᠨ ᠰᠡᠳᠬᠢᠯ ᠢ ᠪᠠᠶᠠᠰᠬᠠᠵᠤ᠂ ᠱᠤᠭ ᠶᠦᠮᠦᠷᠯᠢᠭ ᠱᠤᠭ ᠵᠦᠴᠦᠭᠡ ᠨᠢ ᠲᠠᠶᠢᠰᠠᠨ ᠳᠣᠣᠷᠠᠬᠢ ᠢᠨᠢᠶᠡᠳᠦ ᠶᠢᠨ | ᠳᠠᠭᠤᠨ ᠪᠠ ᠠᠯᠠᠭ᠎ᠠ ᠲᠡᠰᠢᠯᠲᠡ ᠶᠢᠨ ᠳᠠᠭᠤᠨ ᠢ ᠲᠠᠰᠤᠷᠠᠯ ᠦᠭᠡᠢ ᠪᠤᠯᠭᠠᠵᠤ᠂ ᠤᠶᠠᠩᠭ᠎ᠠ ᠰᠡᠳᠬᠢᠯᠭᠡ ᠬᠤᠣᠰᠯᠠᠭᠰᠠᠨ | ᠤᠷᠠᠨ ᠤᠩᠰᠢᠯᠭ᠎ᠠ ᠨᠢ ᠰᠢᠨ᠎ᠡ ᠵᠢᠯ ᠤᠨ ᠰᠠᠶᠢᠨ ᠰᠠᠶᠢᠬᠠᠨ ᠬᠦᠰᠡᠯ ᠡᠷᠡᠮᠡᠯᠵᠡᠯ ᠢ ᠳᠠᠮᠵᠢᠭᠤᠯᠵᠤ ᠪᠠᠶᠢᠳᠠᠭ᠃ | | | | | | | ᠲᠣᠰ ᠤᠳᠠᠭᠠᠨ ᠤ ᠰᠢᠨ᠎ᠡ ᠵᠢᠯ ᠢ ᠤᠭᠲᠤᠬᠤ ᠦᠳᠡᠰᠢᠯᠡᠭᠡ ᠨᠢ ᠪᠠᠭᠰᠢ ᠨᠠᠷ ᠤᠨ ᠰᠤᠷᠭᠠᠭᠤᠯᠢ ᠶᠢᠨ ᠬᠦᠷᠢᠶᠡᠨ ᠤ | ᠰᠣᠶᠣᠯ ᠤᠨ ᠠᠮᠢᠳᠤᠷᠠᠯ ᠢ ᠪᠠᠶᠠᠯᠢᠭᠵᠢᠭᠤᠯᠤᠭᠰᠠᠨ ᠢᠶᠠᠷ ᠪᠠᠷᠠᠬᠤ ᠦᠭᠡᠢ᠂ ᠰᠤᠷᠭᠠᠭᠤᠯᠢ ᠶᠢᠨ ᠬᠥᠭᠵᠢᠯᠲᠡ ᠳᠤ ᠴᠦ ᠰᠢᠨ᠎ᠡ | ᠠᠮᠢᠵᠢᠷᠠᠯ ᠤᠨ ᠬᠦᠴᠦᠨ ᠢ ᠨᠡᠮᠡᠷᠢᠯᠡᠭᠰᠡᠨ ᠪᠠᠶᠢᠨ᠎ᠠ᠃ ᠰᠢᠨ᠎ᠡ ᠨᠢᠭᠡ ᠵᠢᠯ ᠳᠤ᠂ ᠬᠤᠳᠠ ᠶᠢᠨ ᠲᠤᠷᠰᠢᠯᠲᠠ ᠶᠢᠨ ᠪᠠᠭ᠎ᠠ | ᠰᠤᠷᠭᠠᠭᠤᠯᠢ ᠶᠢᠨ ᠪᠦᠬᠦ ᠪᠠᠭᠰᠢ ᠰᠤᠷᠤᠭᠴᠢᠳ ᠨᠠᠮ ᠤᠨ ᠰᠤᠷᠭᠠᠨ ᠬᠥᠮᠦᠵᠢᠯ ᠤᠨ ᠴᠢᠭᠯᠡᠯᠲᠡ ᠶᠢ ᠪᠠᠷᠢᠮᠲᠠᠯᠠᠵᠤ᠂ | ᠦᠷᠭᠦᠯᠵᠢᠯᠡᠨ ᠪᠦᠯᠬᠦᠮᠳᠡᠨ ᠲᠡᠮᠡᠴᠡᠵᠦ᠂ ᠡᠷᠡᠮᠡᠬᠡᠶᠢᠯᠡᠨ ᠤᠷᠤᠭᠰᠢᠯᠠᠵᠤ᠂ ᠠᠷᠠᠳ ᠲᠦᠮᠡᠨ ᠤ ᠰᠡᠳᠬᠢᠯ ᠬᠠᠨᠤᠮᠵᠢᠲᠠᠢ | ᠰᠤᠷᠭᠠᠨ ᠬᠥᠮᠦᠵᠢᠯ ᠢ ᠴᠢᠷᠮᠠᠶᠢᠨ ᠰᠠᠶᠢᠲᠤᠷ ᠡᠷᠬᠢᠯᠡᠵᠦ᠂ ᠨᠡᠩ ᠰᠠᠶᠢᠨ ᠰᠠᠶᠢᠬᠠᠨ ᠢᠷᠡᠭᠡᠳᠦᠢ ᠶᠢ ᠭᠠᠷ ᠬᠤᠯᠪᠣᠨ | ᠴᠣᠭᠴᠠᠯᠠᠨ᠎ᠠ᠃ | | | ᠵᠣᠬᠢᠶᠠᠭᠴᠢ᠄ ᠵᠠᠩ ᠿᠢ ᠵᠢᠤᠸᠠᠨ | ᠨᠠᠶᠢᠷᠠᠭᠤᠯᠤᠭᠴᠢ᠄ ᠯᠢ ᠰᠧ ᠬᠤᠢ | ᠬᠢᠨᠠᠨ ᠬᠠᠷᠭᠤᠭᠤᠯᠤᠭᠴᠢ᠄ ᠶᠠᠨ ᠬᠤᠸᠠᠢ ᡁᠢ | ᠤᠷᠴᠢᠭᠤᠯᠤᠭᠴᠢ᠄ ᠬᠠᠨ ᠰᠢᠶᠤᠤ ᠿᠦᠩ | ᠬᠢᠨᠠᠭᠴᠢ᠄ ᠼᠦᠢ ᠶᠢᠩ |