| ᠠᠵᠤ ᠠᠬᠤᠶᠢᠯᠠᠯ ᠤᠨ ᠭᠤᠶᠤᠴᠢᠯᠠᠯ ᠢᠶᠠᠷ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠤᠲᠠ | ᠬᠥᠳᠡᠭᠡ ᠶᠢᠨ ᠲᠥᠯᠦᠪᠵᠢᠭᠦᠯᠭᠡ ᠶᠢᠨ ᠬᠠᠤᠯᠢ︾᠂ ︽ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ | ᠪᠠᠭᠲᠠᠭᠠᠮᠵᠢ ᠶᠢᠨ ᠨᠣᠷᠮ᠎ᠠ ᠶᠢᠨ ᠬᠠᠮᠢᠶᠠᠷᠤᠯᠲᠠ ᠶᠢᠨ ᠠᠷᠭ᠎ᠠ︾ ᠶᠢ ᠳᠠᠷᠤᠮᠠᠯᠯᠠᠨ ᠶᠠᠪᠤᠭᠤᠯᠬᠤ ᠲᠤᠬᠠᠢ ᠣᠷᠣᠨ | ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠤ ᠮᠡᠳᠡᠭᠳᠡᠯ ᠤᠨ ᠬᠤᠯᠪᠣᠭᠳᠠᠯ ᠪᠦᠬᠦᠢ | ᠲᠣᠭᠲᠠᠭᠠᠯ ᠢ ᠦᠨᠳᠤᠰᠦᠯᠡᠨ᠂ ᠰᠢᠨ᠎ᠡ ᠲᠣᠭᠤᠷᠢᠭ ᠤᠨ ᠬᠡᠰᠡᠭ ᠭᠠᠵᠠᠷ ᠰᠢᠷᠣᠢ ᠶᠢᠨ ︽ᠤᠯᠤᠰ ᠤᠨ ᠥᠮᠴᠢᠯᠡᠯ ᠤᠨ | ᠭᠠᠵᠠᠷ ᠰᠢᠷᠣᠢ ᠶᠢᠨ ᠬᠡᠷᠡᠭᠯᠡᠬᠦ ᠡᠷᠬᠡ ᠶᠢ ᠰᠢᠯᠵᠢᠭᠦᠯᠦᠨ ᠬᠤᠳᠠᠯᠳᠤᠬᠤ ᠭᠡᠷ᠎ᠡ︾ ᠲᠣᠭᠲᠠᠭᠠᠬᠤ ᠦᠶ᠎ᠡ ᠳᠤ | ᠪᠠᠭᠲᠠᠭᠠᠮᠵᠢ ᠶᠢᠨ ᠨᠣᠷᠮ᠎ᠠ ᠶᠢ ᠲᠣᠳᠣᠷᠬᠠᠢ ᠲᠣᠭᠲᠠᠭᠠᠭᠰᠠᠨ ᠦᠭᠡᠢ ᠪᠠᠶᠢᠳᠠᠯ ᠳᠤ ᠴᠢᠭᠯᠡᠭᠦᠯᠦᠨ᠂ ᠬᠡᠷᠡᠭᠯᠡᠬᠦ | ᠭᠠᠵᠠᠷ ᠤᠨ ᠳᠤᠮᠳᠠᠴᠢ ᠪᠠᠭᠲᠠᠭᠠᠮᠵᠢ ᠶᠢᠨ ᠨᠣᠷᠮ᠎ᠠ ᠪᠠᠷ ᠪᠠᠷᠢᠮᠵᠢᠶ᠎ᠠ ᠪᠣᠯᠭᠠᠬᠤ ᠠᠷᠭ᠎ᠠ ᠮᠠᠶ᠋ᠢᠭ ᠢᠶᠠᠷ ᠪᠠᠭᠲᠠᠭᠠᠮᠵᠢ ᠶᠢᠨ | ᠨᠣᠷᠮ᠎ᠠ ᠶᠢ ᠪᠤᠳᠤᠬᠤ ᠪᠠᠷ ᠪᠡᠯᠡᠳᠬᠡᠵᠦ ᠪᠠᠶᠢᠨ᠎ᠠ᠃ | ᠨᠡᠶᠢᠭᠡᠮ ᠨᠡᠶᠢᠲᠡ ᠶᠢᠨ ᠪᠦᠲᠦᠭᠡᠨ ᠪᠠᠶᠢᠭᠤᠯᠤᠯᠲᠠ ᠶᠢᠨ ᠲᠦᠷᠦᠯ ᠤᠨ ᠲᠥᠯᠦᠪᠵᠢᠭᠦᠯᠭᠡ ᠶᠢᠨ ᠲᠥᠰᠥᠯ ᠳᠤ | ᠬᠢᠨᠠᠯᠲᠠ ᠲᠠᠯᠪᠢᠬᠤ ᠳᠤ ᠲᠦᠬᠦᠮ ᠦᠵᠡᠭᠦᠯᠵᠦ᠂ ᠬᠤᠳᠠ ᠬᠥᠳᠡᠭᠡ ᠶᠢᠨ ᠲᠥᠯᠦᠪᠵᠢᠭᠦᠯᠭᠡ ᠶᠢᠨ ᠬᠠᠮᠢᠶᠠᠷᠤᠯᠲᠠ ᠶᠢᠨ | ᠢᠯᠡ ᠲᠣᠳᠣ ᠶᠢᠨ ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠢᠯᠡ ᠲᠥᠯᠦᠪᠵᠢᠭᠦᠯᠭᠡ ᠶᠢ | ᠪᠡᠶᠡᠯᠡᠭᠦᠯᠬᠦ ᠶᠢᠨ ᠲᠥᠯᠥᠭᠡ᠂ ᠮᠠᠨ ᠤ ᠲᠣᠪᠴᠢᠶ᠎ᠠ ᠠᠴᠠ ᠲᠤᠰᠬᠠᠢ ᠮᠡᠷᠭᠡᠵᠢᠯᠲᠡᠨ᠂ ᠣᠷᠣᠨ ᠰᠠᠭᠤᠴᠠ ᠪᠠ ᠬᠤᠳᠠ | ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠵᠠᠬᠢᠳᠠᠯ ᠰᠣᠷᠪᠤᠯᠵᠢᠯᠠᠭ᠎ᠠ ᠶᠢᠨ ᠲᠣᠪᠴᠢᠶ᠎ᠠ᠂ ᠬᠠᠤᠯᠢ | ᠴᠠᠭᠠᠵᠠ ᠶᠢᠨ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠶᠢᠨ ᠬᠤᠯᠪᠣᠭᠳᠠᠯ ᠪᠦᠬᠦᠢ ᠬᠥᠮᠥᠰ ᠢ | ᠵᠣᠬᠢᠶᠠᠨ ᠪᠠᠶᠢᠭᠤᠯᠵᠤ᠂ ᠰᠢᠨ᠎ᠡ ᠲᠣᠭᠤᠷᠢᠭ ᠤᠨ ᠬᠡᠰᠡᠭ ᠭᠠᠵᠠᠷ ᠤᠨ ᠲᠤᠬᠳᠠᠭᠠᠳᠤᠢ ᠪᠠᠭᠲᠠᠭᠠᠮᠵᠢ ᠶᠢᠨ ᠨᠤᠷᠮ᠎ᠠ ᠶᠢᠨ | ᠲᠤᠬᠠᠢ ᠲᠤᠰᠬᠠᠢ ᠰᠡᠳᠦᠪᠲᠦ ᠨᠤᠲᠠᠯᠠᠯᠲᠠ ᠶᠢᠨ ᠬᠤᠷᠠᠯ ᠬᠢᠨ᠎ᠡ᠃ | ᠨᠢᠭᠡ᠂ ᠨᠤᠲᠠᠯᠠᠬᠤ ᠵᠦᠢᠯᠡᠰ | ᠰᠢᠨ᠎ᠡ ᠲᠣᠭᠤᠷᠢᠭ ᠤᠨ ᠬᠡᠰᠡᠭ ᠭᠠᠵᠠᠷ ᠲᠤ ︽ᠤᠯᠤᠰ ᠤᠨ ᠥᠮᠴᠢᠯᠡᠯ ᠤᠨ ᠭᠠᠵᠠᠷ ᠰᠢᠷᠣᠢ ᠶᠢᠨ ᠬᠡᠷᠡᠭᠯᠡᠬᠦ | ᠡᠷᠬᠡ ᠶᠢ ᠰᠢᠯᠵᠢᠭᠦᠯᠦᠨ ᠬᠤᠳᠠᠯᠳᠤᠬᠤ ᠭᠡᠷ᠎ᠡ︾ ᠲᠣᠭᠲᠠᠭᠠᠬᠤ ᠦᠶ᠎ᠡ ᠳᠤ ᠪᠠᠭᠲᠠᠭᠠᠮᠵᠢ ᠶᠢᠨ ᠨᠣᠷᠮ᠎ᠠ ᠶᠢ ᠲᠣᠳᠣᠷᠬᠠᠢ | ᠲᠣᠭᠲᠠᠭᠠᠭᠰᠠᠨ ᠦᠭᠡᠢ ᠪᠠᠶᠢᠳᠠᠯ ᠳᠤ ᠴᠢᠭᠯᠡᠭᠦᠯᠦᠨ᠂ ᠬᠡᠷᠡᠭᠯᠡᠬᠦ ᠭᠠᠵᠠᠷ ᠤᠨ ᠳᠤᠮᠳᠠᠴᠢ ᠪᠠᠭᠲᠠᠭᠠᠮᠵᠢ ᠶᠢᠨ | ᠨᠣᠷᠮ᠎ᠠ ᠪᠠᠷ ᠪᠠᠷᠢᠮᠵᠢᠶ᠎ᠠ ᠪᠣᠯᠭᠠᠬᠤ ᠠᠷᠭ᠎ᠠ ᠮᠠᠶ᠋ᠢᠭ ᠢᠶᠠᠷ ᠪᠠᠭᠲᠠᠭᠠᠮᠵᠢ ᠶᠢᠨ ᠨᠣᠷᠮ᠎ᠠ ᠶᠢᠨ ᠰᠢᠨᠵᠢᠯᠡᠬᠦ ᠤᠬᠠᠭᠠᠨᠴᠢ᠂ | ᠵᠦᠢ ᠵᠣᠬᠢᠰᠲᠠᠢ᠂ ᠬᠡᠷᠡᠭᠵᠢᠭᠦᠯᠵᠦ ᠪᠣᠯᠬᠤ ᠡᠰᠡᠬᠦ ᠶᠢ ᠪᠤᠳᠤᠬᠤ ᠪᠠᠷ ᠪᠡᠯᠡᠳᠬᠡᠵᠦ᠂ ᠬᠦᠴᠦᠨ ᠦᠭᠡᠢ ᠪᠣᠯᠭᠠᠭᠰᠠᠨ | ᠲᠤᠰᠬᠠᠢ ᠮᠡᠷᠭᠡᠵᠢᠯᠲᠡᠨ ᠪᠠ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠰᠠᠨᠠᠯ ᠰᠠᠨᠠᠭᠤᠯᠭ᠎ᠠ ᠶᠢ ᠢᠯᠡ ᠪᠠᠷ ᠰᠣᠨᠣᠰᠤᠨ᠎ᠠ᠃ | | ᠬᠤᠶᠠᠷ᠂ ᠨᠤᠲᠠᠯᠠᠯᠲᠠ ᠶᠢᠨ ᠬᠤᠷᠠᠯ ᠤᠨ ᠴᠠᠭ ᠪᠠ ᠭᠠᠵᠠᠷ | ᠨᠤᠲᠠᠯᠠᠯᠲᠠ ᠶᠢᠨ ᠬᠤᠷᠠᠯ ᠢ 2025 ᠣᠨ ᠤ 1 ᠰᠠᠷ᠎ᠠ ᠶᠢᠨ 9 ᠤ ᠡᠳᠦᠷ ᠤᠨ ᠦᠳᠡ ᠶᠢᠨ ᠬᠤᠶᠢᠨᠠᠬᠢ 3 | ᠴᠠᠭ ᠲᠤ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠶᠢᠨ 5 ᠳ᠋ᠤᠭᠠᠷ ᠳᠠᠪᠬᠤᠷᠭ᠎ᠠ ᠶᠢᠨ | ᠬᠤᠷᠠᠯ ᠤᠨ ᠭᠡᠷ ᠲᠤ ᠢᠯᠡ ᠪᠠᠷ ᠬᠤᠷᠠᠯᠳᠤᠭᠤᠯᠤᠨ᠎ᠠ᠃ | ᠭᠤᠷᠪᠠ᠂ ᠨᠤᠲᠠᠯᠠᠯᠲᠠ ᠶᠢᠨ ᠬᠤᠷᠠᠯ ᠳᠤ ᠣᠷᠣᠯᠴᠠᠭᠰᠠᠳ | ᠲᠤᠰᠬᠠᠢ ᠮᠡᠷᠭᠡᠵᠢᠯᠲᠡᠨ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ | ᠲᠣᠪᠴᠢᠶ᠎ᠠ᠂ ᠵᠠᠬᠢᠳᠠᠯ ᠰᠣᠷᠪᠤᠯᠵᠢᠯᠠᠭ᠎ᠠ ᠶᠢᠨ ᠲᠣᠪᠴᠢᠶ᠎ᠠ᠂ ᠬᠠᠤᠯᠢ ᠴᠠᠭᠠᠵᠠ ᠶᠢᠨ ᠲᠣᠪᠴᠢᠶ᠎ᠠ᠂ ᠪᠠᠶᠢᠭᠠᠯᠢ ᠶᠢᠨ ᠡᠬᠢ | ᠪᠠᠶᠠᠯᠢᠭ ᠤᠨ ᠲᠣᠪᠴᠢᠶ᠎ᠠ ᠶᠢᠨ ᠬᠠᠮᠢᠶ᠎ᠠ ᠪᠦᠬᠦᠢ ᠰᠠᠯᠠᠭ᠎ᠠ ᠲᠠᠰᠤᠭ ᠤᠨ ᠬᠠᠮᠢᠶ᠎ᠠ ᠪᠦᠬᠦᠢ ᠬᠠᠷᠢᠭᠤᠴᠠᠯᠭᠠᠲᠠᠨ᠃ | ᠳᠥᠷᠪᠡ᠂ ᠨᠤᠲᠠᠯᠠᠯᠲᠠ ᠶᠢᠨ ᠬᠤᠷᠠᠯ ᠳᠤ ᠰᠤᠯᠠ ᠣᠷᠣᠯᠴᠠᠭᠰᠠᠳ | ᠬᠤᠯᠪᠣᠭᠳᠠᠯ ᠪᠦᠬᠦᠢ ᠭᠠᠵᠠᠷ ᠲᠠᠢ ᠠᠰᠢᠭ ᠬᠤᠣᠷ ᠤᠨ ᠬᠠᠷᠢᠴᠠᠭ᠎ᠠ ᠲᠠᠢ ᠠᠷᠠᠳ ᠢᠷᠭᠡᠨ᠂ ᠬᠠᠤᠯᠢ ᠶᠢᠨ | ᠬᠥᠮᠥᠨ ᠪᠤᠶᠤ ᠵᠣᠬᠢᠶᠠᠨ ᠪᠠᠶᠢᠭᠤᠯᠤᠯᠲᠠ ᠶᠢᠨ ᠨᠤᠲᠠᠯᠠᠯᠲᠠ ᠶᠢᠨ ᠬᠤᠷᠠᠯ ᠳᠤ ᠰᠤᠯᠠ ᠣᠷᠣᠯᠴᠠᠬᠤ ᠶᠢ ᠪᠠᠶᠠᠷᠯᠠᠨ | ᠤᠭᠲᠤᠨ᠎ᠠ᠃ | ᠬᠠᠷᠢᠯᠴᠠᠬᠤ ᠬᠥᠮᠥᠨ᠄ ᠱᠢ ᠰᠢᠶᠣᠣ ᠵᠢᠶᠦ᠋ᠨ᠂ ᠬᠠᠷᠢᠯᠴᠠᠬᠤ ᠤᠲᠠᠰᠤ 0474 ︱ 3256665᠃ | ᠬᠠᠶ᠋ᠢᠭ᠄ ᠹᠧᠩᠵᠧᠨ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠃ | | | ᠤᠷᠴᠢᠭᠤᠯᠤᠭᠴᠢ᠄ ᠬᠠᠨ ᠰᠢᠶᠤᠤ ᠿᠦᠩ | ᠬᠢᠨᠠᠭᠴᠢ᠄ ᠼᠦᠢ ᠶᠢᠩ | | |