ᠹᠧᠩᠵᠧᠨ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠶᠢᠨ ᠣᠷᠣᠯᠠᠬᠤ ᠪᠠᠶᠢᠭᠤᠯᠤᠮᠵᠢ ᠶᠢ ᠰᠢᠯᠢᠨ ᠰᠣᠩᠭᠤᠬᠤ ᠲᠦᠷᠦᠯ ᠤᠨ ᠠᠯᠪᠠᠨ ᠵᠠᠷ
ᠨᠡᠶᠢᠲᠡᠯᠡᠭᠰᠡᠨ ᠴᠠᠭ᠄
2025/1/6
     ᠵᠠᠰᠠᠭ ᠤᠨ ᠣᠷᠳᠣᠨ ᠤ ᠬᠤᠳᠠᠯᠳᠤᠨ ᠠᠪᠬᠤ ᠪᠠ ᠳᠠᠭᠠᠭᠠᠴᠢᠯᠠᠯᠲᠠ ᠵᠠᠷᠯᠠᠬᠤ ᠶᠢ ᠣᠷᠣᠯᠠᠨ ᠭᠦᠢᠴᠡᠳᠬᠡᠬᠦ ᠠᠵᠢᠯᠯᠠᠭ᠎ᠠ ᠶᠢ ᠴᠢᠩᠭᠠᠳᠬᠠᠵᠤ᠂ ᠳᠠᠭᠠᠭᠠᠴᠢᠯᠠᠯᠲᠠ ᠵᠠᠷᠯᠠᠬᠤ ᠪᠠ ᠬᠦᠯᠢᠶᠡᠬᠦ ᠠᠵᠢᠯ ᠢ ᠭᠦᠢᠴᠡᠳ ᠰᠠᠶᠢᠲᠤᠷ ᠬᠢᠬᠦ ᠶᠢᠨ ᠲᠤᠰᠠᠳᠠ᠂ ᠠᠵᠢᠯ ᠤᠨ ᠬᠡᠷᠡᠭᠴᠡᠭᠡ ᠪᠠᠨ ᠦᠨᠳᠦᠰᠦᠯᠡᠨ᠂ ᠹᠧᠩᠵᠧᠨ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠠᠴᠠ ᠰᠢᠯᠢᠨ ᠰᠣᠩᠭᠤᠬᠤ ᠠᠷᠭ᠎ᠠ ᠮᠠᠶ᠋ᠢᠭ ᠢᠶᠠᠷ ᠳᠠᠮᠵᠢᠭᠤᠯᠤᠨ ᠳᠠᠭᠠᠭᠠᠴᠢᠯᠠᠯᠲᠠ ᠵᠠᠷᠯᠠᠬᠤ ᠶᠢ ᠣᠷᠣᠯᠠᠨ ᠭᠦᠢᠴᠡᠳᠬᠡᠬᠦ ᠪᠠᠶᠢᠭᠤᠯᠤᠮᠵᠢ ᠶᠢ ᠰᠣᠩᠭᠤᠬᠤ ᠪᠠᠷ ᠪᠣᠶ᠃ ᠡᠳᠦᠭᠡ ᠬᠤᠯᠪᠣᠭᠳᠠᠯ ᠪᠦᠬᠦᠢ ᠤᠴᠢᠷ ᠢ ᠳᠣᠣᠷᠠᠬᠢ ᠮᠡᠲᠦ ᠵᠠᠷᠯᠠᠶ᠎ᠠ᠄    ᠨᠢᠭᠡ᠂ ᠲᠥᠷᠥᠯ ᠵᠦᠢᠯ ᠤᠨ ᠦᠨᠳᠦᠰᠦᠨ ᠪᠠᠶᠢᠳᠠᠯ    1. ᠲᠥᠷᠥᠯ ᠵᠦᠢᠯ ᠤᠨ ᠨᠡᠷᠡᠶᠢᠳᠦᠯ᠄ ᠹᠧᠩᠵᠧᠨ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ  ᠶᠢᠨ ᠣᠷᠣᠯᠠᠬᠤ ᠪᠠᠶᠢᠭᠤᠯᠤᠮᠵᠢ ᠶᠢᠨ ᠰᠢᠯᠢᠨ ᠰᠣᠩᠭᠤᠬᠤ ᠲᠥᠷᠥᠯ ᠵᠦᠢᠯ᠃    2. ᠲᠥᠷᠥᠯ ᠵᠦᠢᠯ ᠤᠨ ᠨᠢᠭᠡᠴᠡ᠄ ᠹᠧᠩᠵᠧᠨ ᠬᠤᠲᠠ  ᠶᠢᠨ ᠪᠠᠶᠢᠭᠠᠯᠢ  ᠶᠢᠨ ᠡᠬᠢ ᠪᠠᠶᠠᠯᠢᠭ ᠤᠨ ᠲᠣᠪᠴᠢᠶ᠎ᠠ᠃    3. ᠰᠢᠯᠢᠨ ᠰᠣᠩᠭᠤᠬᠤ ᠦᠢᠯᠡᠴᠢᠯᠡᠭᠡᠨ ᠤ ᠠᠭᠤᠯᠭ᠎ᠠ᠄ ᠲᠤᠰ ᠲᠦᠷᠦᠯ ᠵᠦᠢᠯ ᠨᠢ ᠰᠢᠯᠢᠨ ᠰᠣᠩᠭᠤᠬᠤ ᠠᠷᠭ᠎ᠠ ᠬᠡᠯᠪᠡᠷᠢ ᠪᠠᠷ ᠳᠠᠭᠠᠭᠠᠴᠢᠯᠠᠯᠲᠠ ᠵᠠᠷᠯᠠᠬᠤ ᠶᠢ ᠣᠷᠣᠯᠠᠨ ᠭᠦᠢᠴᠡᠳᠬᠡᠬᠦ ᠬᠢᠷᠢ ᠬᠡᠮ ᠲᠠᠢ ᠪᠠᠶᠢᠭᠤᠯᠤᠮᠵᠢ ᠶᠢ ᠰᠢᠯᠢᠨ ᠰᠣᠩᠭᠤᠵᠤ᠂ ᠹᠧᠩᠵᠧᠨ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠶᠢᠨ ᠳᠠᠭᠠᠭᠠᠴᠢᠯᠠᠯᠲᠠ ᠵᠠᠷᠯᠠᠬᠤ ᠶᠢ ᠣᠷᠣᠯᠠᠨ ᠭᠦᠢᠴᠡᠳᠬᠡᠬᠦ ᠲᠦᠷᠦᠯ ᠵᠦᠢᠯ ᠤᠨ ᠳᠠᠭᠠᠭᠠᠴᠢᠯᠠᠯᠲᠠ ᠵᠠᠷᠯᠠᠬᠤ ᠶᠢ ᠣᠷᠣᠯᠠᠨ ᠭᠦᠢᠴᠡᠳᠬᠡᠬᠦ ᠦᠢᠯᠡᠴᠢᠯᠡᠭᠡ ᠶᠢ ᠡᠷᠬᠢᠯᠡᠨ᠎ᠡ᠃ ᠬᠤᠯᠪᠣᠭᠳᠠᠯ ᠪᠦᠬᠦᠢ ᠬᠠᠤᠯᠢ ᠲᠣᠭᠲᠠᠭᠠᠯ ᠤᠨ ᠶᠣᠰᠣᠭᠠᠷ᠂ ᠳᠠᠭᠠᠭᠠᠴᠢᠯᠠᠯᠲᠠ ᠵᠠᠷᠯᠠᠬᠤ ᠶᠢ ᠣᠷᠣᠯᠠᠨ ᠭᠦᠢᠴᠡᠳᠬᠡᠬᠦ ᠪᠠᠶᠢᠭᠤᠯᠤᠮᠵᠢ ᠳᠤ ᠨᠠᠶᠢᠳᠠᠵᠤ ᠥᠷᠨᠢᠭᠦᠯᠬᠦ ᠶᠢ ᠵᠥᠪᠰᠢᠶᠡᠷᠡᠭᠰᠡᠨ ᠳᠠᠭᠠᠭᠠᠴᠢᠯᠠᠯᠲᠠ ᠵᠠᠷᠯᠠᠵᠤ ᠬᠤᠳᠠᠯᠳᠤᠨ ᠠᠪᠬᠤ ᠲᠥᠷᠥᠯ ᠵᠦᠢᠯ ᠳᠤ᠂ ᠮᠠᠨ ᠤ ᠨᠢᠭᠡᠴᠡ ᠠᠴᠠ ᠲᠥᠷᠥᠯ ᠵᠦᠢᠯ ᠤᠨ ︽ᠳᠠᠭᠠᠭᠠᠴᠢᠯᠠᠯᠲᠠ ᠵᠠᠷᠯᠠᠬᠤ ᠶᠢ ᠣᠷᠣᠯᠠᠨ ᠭᠦᠢᠴᠡᠳᠬᠡᠬᠦ ᠨᠠᠶᠢᠳᠠᠯᠭ᠎ᠠ ᠶᠢᠨ ᠪᠢᠴᠢᠭ︾ ᠳᠤ ᠪᠣᠳᠠᠲᠠᠢ ᠣᠷᠣᠯᠠᠨ ᠭᠦᠢᠴᠡᠳᠬᠡᠬᠦ ᠠᠵᠢᠯ ᠤᠨ ᠠᠭᠤᠯᠭ᠎ᠠ ᠶᠢ ᠲᠣᠳᠣᠷᠬᠠᠶᠢᠯᠠᠨ᠎ᠠ᠃    4. ᠦᠢᠯᠡᠴᠢᠯᠡᠭᠡᠨ ᠤ ᠬᠤᠭᠤᠴᠠᠭ᠎ᠠ᠄ 3 ᠵᠢᠯ᠃    ᠭᠡᠷ᠎ᠡ ᠳᠤ ᠵᠢᠯ ᠳᠤ ᠨᠢᠭᠡ ᠭᠠᠷ ᠤᠨ ᠦᠰᠦᠭ ᠵᠢᠷᠤᠵᠤ᠂ ᠮᠠᠨ ᠤ ᠨᠢᠭᠡᠴᠡ ᠠᠴᠠ ᠰᠢᠯᠢᠭᠳᠡᠭᠰᠡᠨ ᠣᠷᠣᠯᠠᠬᠤ ᠪᠠᠶᠢᠭᠤᠯᠤᠮᠵᠢ ᠶᠢ ᠲᠦᠷᠦᠯ ᠵᠦᠢᠯ ᠢᠶᠠᠷ ᠬᠢᠨᠠᠨ ᠰᠢᠯᠭᠠᠬᠤ ᠪᠠ ᠣᠨ ᠤ ᠬᠤᠷᠢᠶᠠᠩᠭᠤᠶᠢᠯᠠᠨ ᠬᠢᠨᠠᠨ ᠰᠢᠯᠭᠠᠵᠤ᠂ ᠬᠢᠨᠠᠨ ᠰᠢᠯᠭᠠᠯᠲᠠ ᠳᠤ ᠬᠢᠷᠢ ᠲᠡᠩᠴᠡᠪᠡᠯ ᠭᠡᠷ᠎ᠡ ᠶᠢ ᠦᠷᠭᠦᠯᠵᠢᠯᠡᠨ ᠲᠣᠭᠲᠠᠭᠠᠵᠤ ᠪᠣᠯᠣᠨ᠎ᠠ᠂ ᠬᠢᠨᠠᠨ ᠰᠢᠯᠭᠠᠯᠲᠠ ᠳᠤ ᠬᠢᠷᠢ ᠲᠡᠩᠴᠡᠭᠰᠡᠨ ᠦᠭᠡᠢ ᠪᠣᠯ ᠬᠠᠮᠲᠤᠷᠠᠯᠴᠠᠭ᠎ᠠ ᠪᠠᠨ ᠵᠣᠭᠰᠣᠭᠠᠨ᠎ᠠ᠃ ᠦᠢᠯᠡᠴᠢᠯᠡᠭᠡᠨ ᠤ ᠬᠤᠭᠤᠴᠠᠭᠠᠨ ᠳᠤ ᠬᠡᠷᠪᠡ ᠲᠥᠷᠥ ᠶᠢᠨ ᠪᠣᠳᠣᠯᠭ᠎ᠠ ᠶᠢᠨ ᠲᠣᠬᠢᠷᠠᠭᠤᠯᠤᠯᠲᠠ ᠲᠣᠬᠢᠶᠠᠯᠳᠤᠪᠠᠯ᠂ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠰᠢᠢᠳᠪᠦᠷᠢᠯᠡᠨ᠎ᠡ᠃ ᠮᠠᠨ ᠤ ᠬᠤᠷᠢᠶ᠎ᠠ ᠣᠷᠣᠯᠠᠭᠴᠢ ᠪᠠᠶᠢᠭᠤᠯᠤᠮᠵᠢ ᠳᠤ ᠨᠠᠶᠢᠳᠠᠭᠰᠠᠨ ᠲᠤᠬᠠᠶᠢᠯᠠᠭᠰᠠᠨ ᠠᠵᠢᠯ ᠤᠨ ᠬᠡᠮᠵᠢᠶ᠎ᠡ ᠶᠢ ᠠᠮᠠᠯᠠᠬᠤ ᠦᠭᠡᠢ᠃    5. ᠲᠥᠷᠥᠯ ᠵᠦᠢᠯ ᠤᠨ ᠦᠢᠯᠡᠴᠢᠯᠡᠭᠡᠨ ᠤ ᠦᠶᠡᠯᠡᠯ ᠤᠨ ᠬᠤᠭᠤᠴᠠᠭ᠎ᠠ ᠵᠢᠴᠢ ᠱᠠᠭᠠᠷᠳᠠᠯᠭ᠎ᠠ᠄        ᠨᠠᠶᠢᠳᠠᠭᠰᠠᠨ ᠲᠥᠷᠥᠯ ᠵᠦᠢᠯ ᠤᠨ ᠳᠠᠭᠠᠭᠠᠴᠢᠯᠠᠯᠲᠠ ᠵᠠᠷᠯᠠᠬᠤ ᠶᠢ ᠣᠷᠣᠯᠠᠨ ᠭᠦᠢᠴᠡᠳᠬᠡᠬᠦ ᠠᠵᠢᠯ ᠢ ᠪᠦᠬᠦᠨ ᠢ ᠳᠠᠭᠤᠰᠬᠠᠨ᠎ᠠ᠃ ᠳᠠᠭᠠᠭᠠᠴᠢᠯᠠᠯᠲᠠ ᠵᠠᠷᠯᠠᠬᠤ ᠶᠢ ᠣᠷᠣᠯᠠᠨ ᠭᠦᠢᠴᠡᠳᠬᠡᠬᠦ ᠪᠠᠶᠢᠭᠤᠯᠤᠮᠵᠢ ᠨᠢ ᠤᠯᠤᠰ ᠤᠨ ᠬᠤᠯᠪᠣᠭᠳᠠᠯ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ᠂ ᠪᠠᠷᠢᠮᠵᠢᠶ᠎ᠠ ᠵᠡᠷᠭᠡ ᠶᠢ ᠴᠢᠩᠭ᠎ᠠ ᠵᠢᠷᠤᠮᠯᠠᠨ᠂ ᠬᠠᠤᠯᠢ ᠶᠣᠰᠣᠴᠢ ᠴᠢᠨᠠᠷ᠂ ᠲᠥᠪ ᠭᠤᠣᠯᠴᠢ ᠴᠢᠨᠠᠷ ᠪᠠ ᠪᠤᠰᠤᠳᠴᠢ ᠴᠢᠨᠠᠷ ᠤᠨ ᠵᠠᠷᠴᠢᠮ ᠢ ᠵᠢᠷᠤᠮᠯᠠᠨ᠂ ᠳᠠᠭᠠᠭᠠᠴᠢᠯᠠᠯᠲᠠ ᠵᠠᠷᠯᠠᠬᠤ ᠶᠢ ᠣᠷᠣᠯᠠᠨ ᠭᠦᠢᠴᠡᠳᠬᠡᠬᠦ ᠠᠵᠢᠯ ᠢ ᠥᠷᠨᠢᠭᠦᠯᠬᠦ ᠶᠢᠨ ᠬᠠᠮᠲᠤ ᠵᠣᠬᠢᠴᠠᠩᠭᠤᠢ ᠬᠢᠨᠠᠨ ᠪᠠᠶᠢᠴᠠᠭᠠᠬᠤ ᠬᠠᠷᠢᠭᠤᠴᠠᠯᠭ᠎ᠠ ᠪᠠ ᠬᠠᠤᠯᠢ ᠶᠢᠨ ᠬᠠᠷᠢᠭᠤᠴᠠᠯᠭ᠎ᠠ ᠶᠢ ᠡᠭᠦᠷᠭᠡᠯᠡᠬᠦ ᠶᠢᠨ ᠬᠠᠮᠲᠤ ᠮᠠᠨ ᠤ ᠨᠢᠭᠡᠴᠡ ᠳᠡᠭᠡᠨ ᠬᠤᠯᠪᠣᠭᠳᠠᠯ ᠪᠦᠬᠦᠢ ᠵᠥᠪᠯᠡᠯᠭᠡ ᠥᠭᠬᠦ ᠦᠢᠯᠡᠴᠢᠯᠡᠭᠡ ᠵᠡᠷᠭᠡ ᠶᠢ ᠬᠠᠩᠭᠠᠬᠤ ᠴᠢᠬᠤᠯᠠᠳᠠᠢ᠃    ᠬᠤᠶᠠᠷ᠂ ᠬᠢᠷᠢ ᠬᠡᠮ ᠤᠨ ᠱᠠᠭᠠᠷᠳᠠᠯᠭ᠎ᠠ    1. ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠤᠨ ᠣᠷᠳᠣᠨ ᠤ ᠬᠤᠳᠠᠯᠳᠤᠨ ᠠᠪᠬᠤ ᠬᠠᠤᠯᠢ︾ ᠶᠢᠨ ᠬᠤᠷᠢᠨ ᠬᠤᠶᠠᠳᠤᠭᠠᠷ ᠵᠦᠢᠯ ᠤᠨ ᠲᠣᠭᠲᠠᠭᠠᠯ ᠢ ᠬᠠᠩᠭᠠᠬᠤ ᠬᠡᠷᠡᠭᠳᠡᠢ︔    2. ᠪᠡᠶ᠎ᠡ ᠪᠠᠨ ᠳᠠᠭᠠᠭᠠᠭᠰᠠᠨ ᠬᠠᠤᠯᠢ ᠶᠢᠨ ᠡᠷᠬᠡᠲᠡᠨ ᠤ ᠬᠢᠷᠢ ᠬᠡᠮ ᠲᠠᠢ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠬᠤᠳᠠᠯᠳᠤᠨ ᠠᠪᠬᠤ ᠰᠦᠯᠵᠢᠶ᠎ᠡ ᠶᠢᠨ ᠣᠷᠣᠯᠠᠨ ᠭᠦᠢᠴᠡᠳᠬᠡᠬᠦ ᠪᠠᠶᠢᠭᠤᠯᠤᠮᠵᠢ ᠶᠢᠨ ᠬᠥᠮᠥᠷᠭᠡ ᠳᠤ ᠪᠦᠷᠢᠳᠬᠡᠨ ᠳᠠᠩᠰᠠᠯᠠᠬᠤ ᠶᠢᠨ ᠬᠠᠮᠲᠤ᠂ ᠰᠠᠶᠢᠨ ᠰᠠᠶᠢᠬᠠᠨ ᠨᠡᠶᠢᠭᠡᠮ ᠤᠨ ᠢᠲᠡᠭᠡᠯ ᠬᠦᠨᠳᠦ ᠲᠠᠢ ᠵᠠᠰᠠᠭ ᠤᠨ ᠣᠷᠳᠣᠨ ᠤ ᠬᠤᠳᠠᠯᠳᠤᠨ ᠠᠪᠬᠤ ᠤᠷᠤᠯᠠᠬᠤ ᠪᠠᠶᠢᠭᠤᠯᠤᠮᠵᠢ ᠪᠠᠶᠢᠬᠤ ᠬᠡᠷᠡᠭᠳᠡᠢ︔      3. ︽ᠢᠳᠡᠭᠡᠮᠵᠢᠲᠦ ᠳᠤᠮᠳᠠᠳᠤ ᠤᠯᠤᠰ︾ ᠤᠨ ᠰᠦᠯᠵᠢᠶᠡᠨ ᠤ ᠥᠷᠲᠡᠭᠡ ᠳᠤ ᠢᠲᠡᠭᠡᠯ ᠠᠯᠳᠠᠭᠰᠠᠨ ᠭᠦᠢᠴᠡᠳᠭᠡᠭᠴᠢ᠂ ᠭᠠᠶᠢᠯᠢ ᠲᠠᠲᠠᠪᠤᠷᠢ ᠶᠢᠨ ᠲᠠᠯ᠎ᠠ ᠪᠠᠷ ᠬᠢ ᠬᠦᠨᠳᠦ ᠶᠡᠭᠡ ᠬᠠᠤᠯᠢ ᠠᠴᠠ ᠵᠥᠷᠢᠴᠡᠵᠦ ᠢᠲᠡᠭᠡᠯ ᠠᠯᠳᠠᠭᠰᠠᠨ ᠪᠡᠶᠡᠴᠢ ᠴᠣᠭᠴᠠ ᠳᠤ ᠣᠷᠣᠭᠤᠯᠤᠭᠰᠠᠨ ᠦᠭᠡᠢ ᠪᠠᠶᠢᠬᠤ ᠬᠡᠷᠡᠭᠳᠡᠢ︔  ᡽    4. ᠲᠤᠰ ᠤᠳᠠᠭ᠎ᠠ ᠶᠢᠨ ᠢᠯᠡ ᠪᠠᠷ ᠰᠣᠩᠭᠤᠬᠤ ᠠᠵᠢᠯᠯᠠᠭ᠎ᠠ ᠳᠤ ᠣᠷᠣᠯᠴᠠᠬᠤ ᠠᠴᠠ ᠡᠮᠦᠨᠡᠬᠢ ᠭᠤᠷᠪᠠᠨ ᠵᠢᠯ ᠤᠨ ᠳᠣᠲᠣᠷ᠎ᠠ᠂ ᠤᠳᠤ ᠶᠢᠨ ᠬᠠᠤᠯᠢ ᠪᠠᠷ ᠲᠣᠭᠲᠠᠭᠠᠭᠰᠠᠨ ᠲᠥᠯᠥᠭᠡᠯᠡᠭᠴᠢ᠂ ᠭᠤᠣᠯ ᠬᠠᠷᠢᠭᠤᠴᠠᠯᠭᠠᠲᠠᠨ ᠳᠤ ᠬᠡᠭᠡᠯᠢ ᠲᠦᠯᠬᠢᠭᠰᠡᠨ ᠶᠠᠯ᠎ᠠ ᠶᠢᠨ ᠲᠡᠮᠳᠡᠭᠯᠡᠯ ᠲᠠᠢ ᠪᠠᠶᠢᠵᠤ ᠪᠣᠯᠬᠤ ᠦᠭᠡᠢ︔ ᠲᠣᠰ ᠤᠳᠠᠭᠠᠨ ᠤ ᠢᠯᠡ ᠪᠠᠷ ᠰᠣᠩᠭᠤᠬᠤ ᠠᠵᠢᠯᠯᠠᠭ᠎ᠠ ᠳᠤ ᠣᠷᠣᠯᠴᠠᠬᠤ ᠠᠴᠠ ᠡᠮᠦᠨᠡᠬᠢ ᠭᠤᠷᠪᠠᠨ ᠵᠢᠯ ᠤᠨ ᠳᠣᠲᠣᠷ᠎ᠠ᠂ ᠡᠵᠡᠩᠨᠡᠯᠲᠡ ᠶᠢᠨ ᠠᠵᠢᠯᠯᠠᠭ᠎ᠠ ᠶᠢᠨ ᠳᠤᠮᠳᠠ ᠬᠠᠤᠯᠢ ᠶᠢ ᠬᠦᠨᠳᠦ ᠨᠣᠴᠢᠲᠠᠢ ᠵᠥᠷᠢᠴᠡᠭᠰᠡᠨ ᠲᠡᠮᠳᠡᠭᠯᠡᠯ ᠪᠠᠶᠢᠬᠤ ᠦᠭᠡᠢ︔ ᠭᠤᠶᠤᠴᠢᠯᠠᠭᠴᠢ ᠨᠢ ᠣᠶᠢᠷ᠎ᠠ ᠶᠢᠨ ᠭᠤᠷᠪᠠᠨ ᠵᠢᠯ ᠠᠴᠠ ᠨᠠᠰᠢ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠨ ᠰᠢᠢᠳᠬᠡᠯ ᠢ ᠣᠯᠵᠤ ᠥᠩᠭᠡᠷᠡᠭᠰᠡᠨ ᠦᠭᠡᠢ᠂ ᠮᠠᠭᠤ ᠲᠡᠮᠳᠡᠭᠯᠡᠯ ᠲᠠᠢ ᠦᠶᠯᠡ ᠠᠵᠢᠯᠯᠠᠭ᠎ᠠ ᠪᠠᠶᠢᠬᠤ ᠦᠭᠡᠢ︔    5. ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠳᠤ ᠲᠣᠭᠲᠠᠭᠠᠭᠰᠠᠨ ᠪᠤᠰᠤᠳ ᠨᠥᠬᠦᠴᠡᠯ ᠢ ᠪᠦᠷᠢᠯᠳᠦᠭᠦᠯᠦᠭᠰᠡᠨ ᠭᠡᠷᠡᠴᠢ ᠮᠠᠲ᠋ᠧᠷᠢᠶᠠᠯ ᠪᠠᠶᠢᠬᠤ ᠬᠡᠷᠡᠭᠳᠡᠢ︔    6. ᠲᠣᠰ ᠲᠥᠷᠥᠯ ᠵᠦᠢᠯ ᠳᠤ ᠬᠤᠯᠪᠣᠭᠠᠲᠤ ᠴᠣᠭᠴᠠ ᠶᠢᠨ ᠣᠷᠣᠯᠴᠠᠬᠤ ᠶᠢ ᠬᠦᠯᠢᠶᠡᠬᠦ ᠦᠭᠡᠢ᠃    ᠭᠤᠷᠪᠠ᠂ ᠨᠡᠷ᠎ᠡ ᠮᠡᠳᠡᠭᠦᠯᠬᠦ ᠳᠤ ᠡᠷᠬᠡᠪᠰᠢ ᠪᠡᠯᠡᠳᠬᠡᠬᠦ ᠮᠠᠲ᠋ᠧᠷᠢᠶᠠᠯ    1. ᠠᠵᠤ ᠠᠬᠤᠶᠢᠯᠠᠯ ᠤᠨ ᠡᠵᠡᠩᠨᠡᠯᠲᠡ ᠶᠢᠨ ᠦᠨᠡᠮᠯᠡᠯ᠂ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠶᠢᠨ ᠣᠷᠣᠯᠠᠬᠤ ᠨᠣᠮᠧᠷ ᠤᠨ ᠦᠨᠡᠮᠯᠡᠯ᠂ ᠭᠠᠶᠢᠯᠢ ᠶᠢᠨ ᠶᠠᠪᠤᠳᠠᠯ ᠤᠨ ᠳᠠᠩᠰᠠᠯᠠᠭᠰᠠᠨ ᠦᠨᠡᠮᠯᠡᠯ᠂ ᠡᠰᠡᠬᠦᠯ᠎ᠡ ᠭᠤᠷᠪᠠᠨ ᠦᠨᠡᠮᠯᠡᠯ ᠢ ᠨᠢᠭᠡᠳᠬᠡᠭᠰᠡᠨ ᠠᠵᠤ ᠠᠬᠤᠶᠢᠯᠠᠯ ᠤᠨ ᠡᠵᠡᠩᠨᠡᠯᠲᠡ ᠶᠢᠨ ᠦᠨᠡᠮᠯᠡᠯ ︵ᠪᠠᠭᠤᠯᠭᠠᠪᠤᠷᠢ ᠳᠤ ᠠᠯᠪᠠᠨ ᠲᠠᠮᠠᠭ᠎ᠠ ᠳᠠᠷᠤᠨ᠎ᠠ︶ ᠪᠠᠶᠢᠬᠤ ᠬᠡᠷᠡᠭᠳᠡᠢ︔    2. ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠬᠤᠳᠠᠯᠳᠤᠨ ᠠᠪᠬᠤ ᠰᠦᠯᠵᠢᠶ᠎ᠡ ᠶᠢᠨ ᠣᠷᠣᠯᠠᠨ ᠭᠦᠢᠴᠡᠳᠬᠡᠬᠦ ᠪᠠᠶᠢᠭᠤᠯᠤᠮᠵᠢ ᠶᠢᠨ ᠬᠥᠮᠥᠷᠭᠡ ᠳᠤ ᠪᠦᠷᠢᠳᠬᠡᠨ ᠳᠠᠩᠰᠠᠯᠠᠭᠤᠯᠤᠭᠰᠠᠨ ᠭᠡᠷᠡᠴᠢ ᠮᠠᠲ᠋ᠧᠷᠢᠶᠠᠯ ︵ᠪᠠᠭᠤᠯᠭᠠᠪᠤᠷᠢ ᠪᠤᠶᠤ ᠮᠡᠳᠡᠭᠡ ᠵᠠᠩᠭᠢ ᠶᠢ ᠨᠡᠶᠢᠲᠡᠯᠡᠬᠦ᠂ ᠰᠦᠯᠵᠢᠶᠡᠨ ᠥᠷᠲᠡᠭᠡ ᠶᠢᠨ ᠵᠢᠷᠤᠭ ᠳᠡᠭᠡᠷ᠎ᠡ ᠨᠢᠭᠡᠴᠡ ᠶᠢᠨ ᠲᠠᠮᠠᠭ᠎ᠠ ᠶᠢ ᠳᠠᠷᠤᠨ᠎ᠠ︶︔    3. ᠬᠠᠤᠯᠢ ᠪᠠᠷ ᠲᠣᠭᠲᠠᠭᠠᠭᠰᠠᠨ ᠲᠥᠯᠥᠭᠡᠯᠡᠭᠴᠢ ᠶᠢᠨ ᠡᠷᠬᠡ ᠣᠯᠭᠤᠭᠰᠠᠨ ᠨᠠᠶᠢᠳᠠᠯᠭ᠎ᠠ ᠶᠢᠨ ᠪᠢᠴᠢᠭ ︵ᠤᠭ ᠮᠠᠲ᠋ᠧᠷᠢᠶᠠᠯ︶᠂ ᠡᠷᠬᠡ ᠣᠯᠭᠤᠭᠴᠢ᠂ ᠣᠷᠣᠯᠠᠭᠴᠢ ᠶᠢᠨ ᠪᠡᠶ᠎ᠡ ᠶᠢᠨ ᠦᠨᠡᠮᠯᠡᠯ ︵ᠪᠠᠭᠤᠯᠭᠠᠪᠤᠷᠢ ᠳᠤ ᠠᠯᠪᠠᠨ ᠲᠠᠮᠠᠭ᠎ᠠ ᠳᠠᠷᠤᠨ᠎ᠠ︶ ᠪᠠᠶᠢᠬᠤ ᠬᠡᠷᠡᠭᠲᠡᠢ︔    4. ᠣᠶᠢᠷ᠎ᠠ ᠶᠢᠨ ᠭᠤᠷᠪᠠᠨ ᠵᠢᠯ ᠤᠨ ᠳᠣᠲᠣᠷ᠎ᠠ ᠡᠵᠡᠩᠨᠡᠯᠲᠡ ᠶᠢᠨ ᠠᠵᠢᠯᠯᠠᠭ᠎ᠠ ᠶᠢᠨ ᠳᠤᠮᠳᠠ ᠬᠠᠤᠯᠢ ᠴᠠᠭᠠᠵᠠ ᠰᠠᠬᠢᠯᠭ᠎ᠠ ᠪᠠᠲᠤ ᠶᠢ ᠵᠥᠷᠢᠴᠡᠭᠰᠡᠨ ᠦᠭᠡᠢ᠂ ᠭᠤᠣᠯ ᠬᠠᠷᠢᠭᠤᠴᠠᠯᠭᠠᠲᠠᠨ ᠳᠤ ᠬᠡᠭᠡᠯᠢ ᠲᠦᠯᠬᠢᠭᠰᠡᠨ ᠶᠠᠯ᠎ᠠ ᠶᠢᠨ ᠲᠡᠮᠳᠡᠭᠯᠡᠯ ᠦᠭᠡᠢ᠂ ᠢᠲᠡᠭᠡᠯ ᠠᠯᠳᠠᠭᠰᠠᠨ ᠬᠥᠮᠥᠰ ᠤᠨ ᠨᠡᠷᠡᠰ ᠤᠨ ᠲᠡᠮᠳᠡᠭᠯᠡᠯ ᠳᠤ ᠣᠷᠣᠭᠤᠯᠤᠭᠰᠠᠨ ᠦᠭᠡᠢ ᠪᠢᠴᠢᠭ ᠤᠨ ᠢᠯᠡᠷᠬᠡᠶᠢᠯᠡᠯᠲᠡ ᠪᠠᠶᠢᠬᠤ ᠬᠡᠷᠡᠭᠳᠡᠢ︔    5. ᠢᠳᠡᠭᠡᠮᠵᠢᠲᠦ ᠳᠤᠮᠳᠠᠳᠤ ᠤᠯᠤᠰ ᠤᠨ ︽ᠢᠲᠡᠭᠡᠯ ᠠᠯᠳᠠᠭᠰᠠᠨ ᠭᠦᠢᠴᠡᠳᠬᠡᠭᠳᠡᠭᠴᠢ᠂ ᠬᠦᠨᠳᠦ ᠶᠡᠭᠡ ᠭᠠᠶᠢᠯᠢ ᠲᠠᠲᠠᠪᠤᠷᠢ ᠶᠢᠨ ᠬᠠᠤᠯᠢ ᠠᠴᠠ ᠵᠥᠷᠢᠴᠡᠵᠦ ᠢᠲᠡᠭᠡᠯ ᠠᠯᠳᠠᠭᠰᠠᠨ ᠭᠤᠣᠯ ᠴᠣᠭᠴᠠ︾ ᠶᠢᠨ ᠯᠠᠪᠯᠠᠯᠲᠠ ᠶᠢᠨ ᠵᠢᠷᠤᠭ ᠢ ᠳᠠᠷᠤᠮᠠᠯᠯᠠᠭᠰᠠᠨ ᠨᠢᠭᠤᠷ ︵ᠪᠠᠭᠤᠯᠭᠠᠪᠤᠷᠢ ᠳᠡᠭᠡᠷ᠎ᠡ ᠨᠢ ᠠᠯᠪᠠᠨ ᠲᠠᠮᠠᠭ᠎ᠠ ᠳᠠᠷᠤᠨ᠎ᠠ︶ ᠢ ᠬᠠᠩᠭᠠᠨ᠎ᠠ᠃    ᠳᠥᠷᠪᠡ᠂ ᠨᠡᠷ᠎ᠡ ᠮᠡᠳᠡᠭᠦᠯᠬᠦ ᠴᠠᠭ    ᠲᠣᠰ ᠤᠳᠠᠭᠠᠨ ᠤ ᠢᠯᠡ ᠪᠠᠷ ᠰᠣᠩᠭᠤᠯᠲᠠ ᠬᠢᠬᠦ ᠳᠤ ᠡᠯᠧᠺᠲᠷᠣᠨ ᠰᠢᠤᠳᠠᠨ ᠤ ᠵᠦᠢᠯ ᠤᠨ ᠬᠡᠯᠪᠡᠷᠢ ᠪᠠᠷ ᠨᠡᠷ᠎ᠡ ᠮᠡᠳᠡᠭᠦᠯᠦᠨ᠎ᠡ᠂ ᠰᠣᠩᠭᠤᠭᠤᠯᠢ ᠳᠤ ᠣᠷᠣᠯᠴᠠᠬᠤ ᠰᠠᠨᠠᠭ᠎ᠠ ᠲᠠᠢ ᠬᠥᠮᠥᠨ ᠠᠯᠪᠠᠨ ᠵᠠᠷ ᠨᠡᠶᠢᠲᠡᠯᠡᠭᠰᠡᠨ ᠡᠳᠦᠷ ᠠᠴᠠ ᠡᠬᠢᠯᠡᠨ 2025 ᠤᠨ ᠤ 1 ᠰᠠᠷ᠎ᠠ ᠶᠢᠨ 7 ᠤ ᠡᠳᠦᠷ ᠤᠨ 17᠄ 00 ᠴᠠᠭ ᠪᠣᠯᠲᠠᠯ᠎ᠠ ︵ᠪᠡᠭᠡᠵᠢᠩ ᠤᠨ ᠴᠠᠭ ᠢᠶᠠᠷ ︶ ᠨᠡᠷ᠎ᠡ ᠮᠡᠳᠡᠭᠦᠯᠦᠭᠰᠡᠨ ᠮᠠᠲ᠋ᠧᠷᠢᠶᠠᠯ ᠤᠨ ᠪᠤᠳᠤᠭᠲᠤ ᠰᠢᠷᠪᠢᠯᠲᠡ ᠶᠢᠨ ᠮᠠᠲ᠋ᠧᠷᠢᠶᠠᠯ ᠢ ᠰᠢᠤᠳᠠᠨ ᠤ ᠬᠠᠶᠢᠷᠴᠠᠭ ᠲᠤ ᠢᠯᠡᠭᠡᠨ᠎ᠡ᠄ ghjbgs888@163.com᠂ ᠬᠤᠭᠤᠴᠠᠭ᠎ᠠ UN ᠦᠩᠭᠡᠷᠡᠭᠡᠭᠡᠳ ᠮᠡᠳᠡᠭᠦᠯᠪᠡᠯ ᠬᠦᠴᠦᠨ ᠦᠭᠡᠢ ᠪᠠᠷ ᠦᠵᠡᠨ᠎ᠡ᠃    ᠬᠤᠳᠠᠯᠳᠤᠨ ᠠᠪᠬᠤ ᠪᠢᠴᠢᠭ ᠮᠠᠲ᠋ᠧᠷᠢᠶᠠᠯ ᠢ ᠬᠢᠷᠢ ᠬᠡᠮ ᠢ ᠤᠷᠢᠳᠴᠢᠯᠠᠨ ᠬᠢᠨᠠᠵᠤ ᠪᠠᠲᠤᠯᠠᠭᠰᠠᠨ ᠤ ᠳᠠᠷᠠᠭ᠎ᠠ ᠬᠠᠩᠭᠠᠯᠭ᠎ᠠ ᠶᠢᠨ ᠬᠤᠳᠠᠯᠳᠤᠭᠠᠴᠢᠨ ᠤ ᠨᠡᠷ᠎ᠡ ᠮᠡᠳᠡᠭᠦᠯᠬᠦ ᠰᠢᠤᠳᠠᠨ ᠤ ᠬᠠᠶᠢᠷᠴᠠᠭ ᠲᠤ ᠶᠠᠪᠤᠭᠤᠯᠤᠨ᠎ᠠ᠃    ᠲᠠᠪᠤ᠂ ᠳᠠᠭᠠᠬᠤ ᠪᠢᠴᠢᠭ ᠮᠠᠲ᠋ᠧᠷᠢᠶᠠᠯ ᠢ ᠲᠤᠰᠢᠶᠠᠬᠤ ᠶᠢ ᠵᠣᠭᠰᠤᠭᠠᠬᠤ ᠴᠠᠭ    2025 ᠤᠨ ᠤ 1 ᠰᠠᠷ᠎ᠠ ᠶᠢᠨ 8 ᠤ ᠡᠳᠦᠷ ᠤᠨ ᠦᠳᠡ ᠶᠢᠨ ᠡᠮᠦᠨᠡᠬᠢ 09᠄ 30 ᠴᠠᠭ ︵ᠪᠡᠭᠡᠵᠢᠩ ᠤᠨ ᠴᠠᠭ ᠢᠶᠠᠷ︶᠂ ᠬᠢᠷᠢ ᠬᠡᠮ ᠤᠨ ᠤᠷᠢᠳᠴᠢᠯᠠᠨ ᠬᠢᠨᠠᠯᠲᠠ ᠳᠤ ᠪᠠᠲᠤᠯᠠᠭᠳᠠᠭᠰᠠᠨ ᠬᠠᠩᠭᠠᠯᠭ᠎ᠠ ᠶᠢᠨ ᠬᠤᠳᠠᠯᠳᠤᠭᠠᠴᠢᠨ᠂ ᠳᠠᠭᠠᠬᠤ ᠪᠢᠴᠢᠭ ᠮᠠᠲ᠋ᠧᠷᠢᠶᠠᠯ ᠢᠶᠠᠨ ᠲᠤᠰᠢᠶᠠᠬᠤ ᠳᠠᠭᠤᠰᠬᠤ ᠴᠠᠭ ᠠᠴᠠ ᠡᠮᠦᠨ᠎ᠡ ᠴᠠᠭᠠᠰᠤᠨ ᠬᠡᠪ ᠤᠨ ᠳᠠᠭᠠᠭᠠᠴᠢᠯᠠᠯᠲᠠ ᠳᠤ ᠣᠷᠣᠯᠴᠠᠬᠤ ᠮᠠᠲ᠋ᠧᠷᠢᠶᠠᠯ ᠢᠶᠠᠨ ᠹᠧᠩᠵᠧᠨ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠶᠢᠨ ᠲᠠᠪᠤᠳᠤᠭᠠᠷ ᠳᠠᠪᠬᠤᠷᠯᠢᠭ ᠤᠨ ᠬᠤᠷᠠᠯ ᠤᠨ ᠭᠡᠷ ᠲᠤ ᠬᠦᠷᠭᠡᠭᠡᠷᠡᠢ᠃    ᠵᠢᠷᠭᠤᠭ᠎ᠠ᠂ ᠲᠤᠰ ᠤᠳᠠᠭᠠᠨ ᠤ ᠠᠯᠪᠠᠨ ᠵᠠᠷ ᠤᠨ ᠲᠤᠬᠠᠢ ᠯᠠᠪᠯᠠᠨ ᠠᠰᠠᠭᠤᠭᠰᠠᠨ ᠵᠦᠢᠯ ᠪᠦᠬᠦᠨ ᠢ ᠳᠣᠣᠷᠠᠬᠢ ᠠᠷᠭ᠎ᠠ ᠮᠠᠶ᠋ᠢᠭ ᠢᠶᠠᠷ ᠬᠠᠷᠢᠯᠴᠠᠭᠠᠷᠠᠢ᠃    ᠬᠠᠷᠢᠯᠴᠠᠬᠤ ᠬᠥᠮᠥᠨ᠄ ᠳ᠋ᠦ᠋ ᠵᠢᠶᠠᠩ ᠹᠧᠩ    ᠬᠠᠷᠢᠯᠴᠠᠬᠤ ᠤᠲᠠᠰᠤ᠄ 0474 ︱ 3256665᠃         ᠤᠷᠴᠢᠭᠤᠯᠤᠭᠴᠢ᠄ ᠬᠠᠨ ᠰᠢᠶᠤᠤ ᠿᠦᠩ         ᠬᠢᠨᠠᠭᠴᠢ᠄ ᠼᠦᠢ ᠶᠢᠩ
 
ᠢᠷᠡᠯᠲᠡ᠄ ᠹᠧᠩᠵᠧᠨ ᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000072号-3