ᠹᠧᠩᠵᠧᠨ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ 2025 ᠣᠨ ᠤ ᠣᠨ ᠤ ᠮᠡᠳᠡᠭᠦᠯᠦᠯᠲᠡ ᠶᠢᠨ ᠠᠯᠪᠠᠨ ᠵᠠᠷᠯᠠᠯ
ᠨᠡᠶᠢᠲᠡᠯᠡᠭᠰᠡᠨ ᠴᠠᠭ᠄
2025/1/6
   ︽ᠠᠵᠤ ᠠᠬᠤᠶᠢᠯᠠᠯ ᠤᠨ ᠮᠡᠳᠡᠭᠡ ᠵᠠᠩᠭᠢ ᠶᠢ ᠢᠯᠡ ᠨᠡᠶᠢᠲᠡᠯᠡᠬᠦ ᠲᠦᠷ ᠬᠡᠷᠡᠭᠵᠢᠭᠦᠯᠬᠦ ᠳᠦᠷᠢᠮ︾ ᠪᠣᠯᠣᠨ ︽ᠠᠵᠤ ᠠᠬᠤᠶᠢᠯᠠᠯ ᠤᠨ ᠡᠵᠡᠩᠨᠡᠯᠲᠡ ᠶᠢᠨ ᠬᠡᠪ ᠤᠨ ᠪᠤᠰᠤ ᠨᠡᠷᠡᠰ ᠤᠨ ᠵᠢᠭᠰᠠᠭᠠᠯᠲᠠ ᠶᠢᠨ ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠠᠷᠭ᠎ᠠ︾ ᠶᠢᠨ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ᠂ ᠥᠷᠭᠡᠨ ᠣᠯᠠᠨ ᠡᠯ᠎ᠡ ᠲᠥᠷᠥᠯ ᠤᠨ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠬᠠᠪᠰᠤᠷᠴᠤ ᠣᠨ ᠤ ᠮᠡᠳᠡᠭᠦᠯᠦᠯᠲᠡ ᠶᠢᠨ ᠠᠵᠢᠯ ᠢ ᠴᠠᠭ ᠲᠤᠬᠠᠢ ᠳᠤᠨᠢ ᠤᠷᠤᠭᠰᠢᠲᠠᠢ ᠪᠡᠶᠡᠯᠡᠭᠦᠯᠬᠦ ᠶᠢᠨ ᠲᠤᠰᠠᠳᠠ᠂ ᠡᠳᠦᠭᠡ ᠬᠤᠯᠪᠣᠭᠳᠠᠯ ᠪᠦᠬᠦᠢ ᠵᠦᠢᠯᠡᠰ ᠢ ᠳᠣᠣᠷᠠᠬᠢ ᠮᠡᠲᠦ ᠵᠠᠷᠯᠠᠶ᠎ᠠ᠄    ᠨᠢᠭᠡ᠂ ᠪᠥᠬᠦ ᠬᠤᠲᠠ ᠶᠢᠨ 2024 ᠣᠨ ᠤ 12 ᠰᠠᠷ᠎ᠠ ᠶᠢᠨ 31 ᠤ ᠡᠳᠦᠷ ᠠᠴᠠ ᠡᠮᠦᠨ᠎ᠡ ᠪᠠᠶᠢᠭᠤᠯᠵᠤ ᠳᠠᠩᠰᠠᠯᠠᠭᠤᠯᠤᠭᠰᠠᠨ ᠡᠯ᠎ᠡ ᠲᠥᠷᠥᠯ ᠤᠨ ᠦᠷᠭᠦᠯᠵᠢᠯᠡᠨ ᠣᠷᠣᠰᠢᠵᠤ ᠪᠠᠶᠢᠭ᠎ᠠ ᠵᠠᠬ᠎ᠠ ᠳᠡᠯᠭᠡᠭᠦᠷ ᠤᠨ ᠭᠤᠣᠯ ᠴᠣᠭᠴᠠ  ᠨᠢ 2025 ᠣᠨ ᠤ 6 ᠰᠠᠷ᠎ᠠ ᠶᠢᠨ 30 ᠤ ᠡᠳᠦᠷ ᠠᠴᠠ ᠡᠮᠦᠨ᠎ᠡ 2024 ᠣᠨ ᠤ ᠣᠨ ᠤ ᠮᠡᠳᠡᠭᠦᠯᠦᠯᠲᠡ ᠶᠢ ᠵᠠᠷᠯᠠᠨ ᠨᠡᠶᠢᠲᠡᠯᠡᠬᠦ ᠠᠵᠢᠯ ᠢ ᠪᠡᠶᠡᠯᠡᠭᠦᠯᠬᠦ ᠴᠢᠬᠤᠯᠠᠳᠠᠢ᠃    ᠬᠤᠶᠠᠷ᠂ 2025 ᠣᠨ ᠤ 6 ᠰᠠᠷ᠎ᠠ ᠶᠢᠨ 30 ᠤ ᠡᠳᠦᠷ ᠠᠴᠠ ᠡᠮᠦᠨ᠎ᠡ ᠤᠨ ᠤ ᠮᠡᠳᠡᠭᠦᠯᠦᠯᠲᠡ ᠬᠢᠭᠰᠡᠨ ᠦᠭᠡᠢ ᠠᠵᠤ ᠠᠬᠤᠶᠢᠯᠠᠯ ᠪᠣᠯᠣᠨ ᠲᠠᠷᠢᠶᠠᠴᠢᠨ ᠤ ᠲᠤᠰᠬᠠᠢ ᠠᠵᠢᠯ ᠤᠨ ᠬᠤᠷᠰᠢᠶ᠎ᠠ ᠶᠢ ᠠᠵᠤ ᠠᠬᠤᠶᠢᠯᠠᠯ ᠤᠨ ᠡᠵᠡᠩᠨᠡᠯᠲᠡ ᠶᠢᠨ ᠬᠡᠪ ᠤᠨ ᠪᠤᠰᠤ ᠨᠡᠷᠡᠰ ᠤᠨ ᠵᠢᠭᠰᠠᠭᠠᠯᠲᠠ ᠳᠤ ᠣᠷᠣᠭᠤᠯᠵᠤ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢ ᠡᠵᠡᠩᠨᠡᠯᠲᠡ ᠶᠢᠨ ᠬᠡᠪ ᠤᠨ ᠪᠤᠰᠤ ᠪᠠᠶᠢᠳᠠᠯ ᠢᠶᠠᠷ ᠲᠡᠮᠳᠡᠭᠯᠡᠨ᠎ᠡ᠃    ᠯᠠᠪᠯᠠᠬᠤ ᠤᠲᠠᠰᠤ᠄ 0474-3228325                     0474-3259912᠃            ᠹᠧᠩᠵᠧᠨ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠵᠢᠨ‌‍ᠲ᠋ᠤᠪᠴᠢᠶ᠎ᠠ                                   2025 ᠣᠨ ᠤ 1 ᠰᠠᠷ᠎ᠠ ᠶᠢᠨ 2 ᠤᠨ ᠡᠳᠦᠷ               ᠤᠷᠴᠢᠭᠤᠯᠤᠭᠴᠢ᠄ ᠬᠠᠨ ᠰᠢᠶᠤᠤ ᠿᠦᠩ               ᠬᠢᠨᠠᠭᠴᠢ᠄ ᠼᠦᠢ ᠶᠢᠩ
 
ᠢᠷᠡᠯᠲᠡ᠄ ᠹᠧᠩᠵᠧᠨ ᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000072号-3