︽ᠳᠤᠯᠠᠭᠠᠯᠭ᠎ᠠ ᠶᠢᠨ ᠬᠠᠮᠢᠶᠠᠷᠤᠭᠴᠢ︾ ᠠᠴᠠ ᠬᠠᠯᠠᠭᠤᠨ ᠳᠤᠯᠠᠭᠠᠨ ᠢ ᠭᠡᠷ ᠲᠤ ᠬᠦᠷᠭᠡᠨ᠎ᠡ
ᠨᠡᠶᠢᠲᠡᠯᠡᠭᠰᠡᠨ ᠴᠠᠭ᠄
2025/1/6
   ᠬᠦᠢᠲᠡᠨ ᠠᠭᠠᠷ ᠤᠨ ᠨᠥᠯᠥᠭᠡᠯᠡᠯ ᠢᠶᠠᠷ᠂ ᠣᠶᠢᠷ᠎ᠠ ᠳᠤ ᠤᠮᠠᠷᠠᠲᠤ ᠣᠷᠣᠨ ᠳᠤ ᠵᠠᠯᠭᠠᠭ᠎ᠠ ᠪᠠᠷ ᠳᠤᠯᠠᠭᠠᠨ ᠤ ᠬᠡᠮᠵᠢᠶ᠎ᠡ ᠪᠠᠭᠤᠷᠠᠵᠤ᠂ ᠰᠠᠭᠤᠭᠠᠯᠢ ᠠᠷᠠᠳ ᠤᠨ ᠢᠯᠴᠢ ᠬᠠᠩᠭᠠᠬᠤ ᠬᠦᠰᠡᠯ ᠱᠠᠭᠠᠷᠳᠠᠯᠭ᠎ᠠ ᠶᠢ ᠴᠠᠭ ᠲᠤᠬᠠᠢ ᠳᠤᠨᠢ ᠰᠢᠢᠳᠪᠦᠷᠢᠯᠡᠬᠦ ᠶᠢᠨ ᠲᠥᠯᠥᠭᠡ᠂ ᠹᠧᠩᠵᠧᠨ ᠬᠤᠲᠠ ᠶᠢᠨ ᠢᠯᠴᠢ ᠬᠠᠩᠭᠠᠬᠤ ᠦᠢᠯᠡᠴᠢᠯᠡᠭᠡᠨ ᠤ ᠲᠥᠪ ᠠᠴᠠ ᠬᠡᠷᠡᠭᠯᠡᠭᠴᠢᠳ ᠤᠨ ᠮᠡᠳᠡᠭᠦᠯᠦᠨ ᠵᠠᠰᠠᠭᠤᠯᠬᠤ᠂ ᠠᠰᠠᠭᠤᠨ ᠯᠠᠪᠯᠠᠬᠤ᠂ ᠬᠠᠭᠤᠳᠠᠰᠤ ᠲᠣᠮᠢᠯᠠᠬᠤ᠂ ᠬᠠᠷᠢᠭᠤ ᠰᠤᠷᠪᠤᠯᠵᠢᠯᠠᠬᠤ ᠦᠢᠯᠡᠴᠢᠯᠡᠭᠡ ᠶᠢ ᠨᠢᠭᠡ ᠴᠣᠭᠴᠠᠵᠢᠭᠤᠯᠤᠭᠰᠠᠨ ᠶᠡᠷᠦᠩᠬᠡᠶᠢᠯᠡᠭᠰᠡᠨ ᠴᠢᠨᠠᠷᠲᠠᠢ ᠦᠢᠯᠡᠴᠢᠯᠡᠭᠡᠨ ᠤ ᠲᠠᠪᠴᠠᠩ ᠢ ᠨᠠᠷᠢᠨ ᠨᠢᠮᠪᠠᠢ ᠪᠠᠶᠢᠭᠤᠯᠵᠤ᠂ ᠰᠠᠭᠤᠭᠠᠯᠢ ᠠᠷᠠᠳ ᠲᠤ ︽ᠠᠰᠠᠷᠠᠭᠴᠢ ᠮᠠᠶ᠋ᠢᠭ︾ ᠤᠨ ᠢᠯᠴᠢ ᠬᠠᠩᠭᠠᠬᠤ ᠦᠢᠯᠡᠴᠢᠯᠡᠭᠡ ᠬᠠᠩᠭᠠᠵᠤ ᠪᠠᠶᠢᠨ᠎ᠠ᠃
   ᠹᠧᠩᠵᠧᠨ ᠬᠤᠲᠠ ᠶᠢᠨ ᠢᠯᠴᠢ ᠬᠠᠩᠭᠠᠬᠤ ᠦᠢᠯᠡᠴᠢᠯᠡᠭᠡᠨ ᠤ ᠲᠢᠩᠬᠢᠮ ᠳᠤ᠂ ᠬᠠᠯᠠᠮᠰᠢᠯ ᠤᠲᠠᠰᠤ ᠲᠠᠰᠤᠷᠠᠯᠲᠠ ᠦᠭᠡᠢ ᠪᠠᠶᠢᠵᠤ᠂ ᠤᠲᠠᠰᠤ ᠬᠦᠯᠢᠶᠡᠬᠦ ᠰᠠᠭᠤᠳᠠᠯ᠂ ᠵᠢᠵᠢᠭ ᠫᠷᠣᠭ᠍ᠷᠠᠮ ᠤᠨ ᠬᠠᠮᠢᠶᠠᠷᠤᠯᠲᠠ ᠶᠢᠨ ᠰᠠᠭᠤᠳᠠᠯ ᠤᠨ ᠦᠢᠯᠡᠴᠢᠯᠡᠭᠡᠨ ᠤ ᠠᠵᠢᠯᠲᠠᠳ ᠰᠠᠭᠤᠭᠠᠯᠢ ᠠᠷᠠᠳ ᠤᠨ ᠬᠠᠷᠢᠭᠤ ᠲᠤᠰᠬᠠᠭᠰᠠᠨ ᠡᠯ᠎ᠡ ᠲᠥᠷᠥᠯ ᠤᠨ ᠢᠯᠴᠢ ᠬᠠᠩᠭᠠᠬᠤ ᠠᠰᠠᠭᠤᠳᠠᠯ ᠢ ᠬᠦᠯᠢᠴᠡᠩᠭᠦᠢ ᠪᠠᠷ ᠬᠠᠷᠢᠭᠤᠯᠵᠤ᠂ ᠲᠣᠬᠢᠷᠠᠭᠤᠯᠬᠤ ᠰᠠᠭᠤᠳᠠᠯ ᠤᠨ ᠠᠵᠢᠯᠲᠠᠳ ᠴᠠᠭ ᠲᠤᠬᠠᠢ ᠳᠤᠨᠢ ᠰᠡᠯᠪᠢᠨ ᠵᠠᠰᠠᠬᠤ ᠡᠩᠨᠡᠭᠡ ᠪᠠᠨ ᠲᠣᠬᠢᠷᠠᠭᠤᠯᠤᠨ ᠰᠠᠭᠤᠭᠠᠯᠢ ᠠᠷᠠᠳ ᠤᠨ ᠬᠦᠰᠡᠯ ᠱᠠᠭᠠᠷᠳᠠᠯᠭ᠎ᠠ ᠶᠢ ᠰᠢᠢᠳᠪᠦᠷᠢᠯᠡᠬᠦ ᠪᠠᠷ ᠣᠴᠢᠭᠤᠯᠵᠤ ᠪᠠᠶᠢᠯ᠎ᠠ᠃ ᠠᠵᠢᠯᠯᠠᠬᠤ ᠰᠠᠭᠤᠳᠠᠯ ᠤᠨ ᠡᠰᠡᠷᠭᠦ ᠲᠠᠯ᠎ᠠ ᠶᠢᠨ ᠬᠢᠨᠠᠨ ᠬᠡᠮᠵᠢᠬᠦ ᠲᠣᠮᠣ ᠳᠡᠯᠭᠡᠴᠡᠨ ᠳᠤ ᠢᠯᠴᠢ ᠰᠣᠯᠢᠯᠴᠠᠬᠤ ᠥᠷᠲᠡᠭᠡᠨ ᠤ ᠬᠠᠩᠭᠠᠭᠰᠠᠨ ᠪᠤᠴᠠᠯᠲᠠ ᠶᠢᠨ ᠤᠰᠤᠨ ᠤ ᠳᠤᠯᠠᠭᠠᠨ ᠤ ᠬᠡᠮᠵᠢᠶ᠎ᠡ᠂ ᠢᠯᠴᠢ ᠬᠠᠩᠭᠠᠬᠤ ᠳᠠᠷᠤᠯᠲᠠ ᠵᠡᠷᠭᠡ ᠲᠤᠭ᠎ᠠ ᠪᠠᠷᠢᠮᠲᠠ ᠶᠢ ᠴᠠᠭ ᠲᠤᠬᠠᠢ ᠳᠤᠨᠢ ᠢᠯᠡᠷᠡᠭᠦᠯᠵᠦ᠂ ᠠᠰᠠᠭᠤᠳᠠᠯ ᠢ ᠣᠯᠵᠤ ᠮᠡᠳᠡᠪᠡᠯ ᠲᠡᠷᠡ ᠳᠠᠷᠤᠢ ᠳᠤᠨᠢ ᠤᠷᠢᠳᠴᠢᠯᠠᠨ ᠰᠡᠷᠡᠮᠵᠢᠯᠡᠭᠦᠯᠵᠦ ᠪᠣᠯᠣᠨ᠎ᠠ᠃    ᠰᠠᠭᠤᠭᠠᠯᠢ ᠠᠷᠠᠳ ᠭᠤᠣᠯᠳᠠᠭᠤ ᠢᠯᠴᠢ ᠬᠠᠩᠭᠠᠬᠤ ᠦᠢᠯᠡᠴᠢᠯᠡᠭᠡᠨ ᠤ ᠬᠠᠯᠠᠮᠰᠢᠯ ᠤᠲᠠᠰᠤ ᠪᠠ ᠢᠯᠴᠢ ᠬᠠᠩᠭᠠᠬᠤ ᠵᠢᠵᠢᠭ ᠲᠠᠰ ᠳᠠᠷᠠᠭᠠᠯᠠᠯ ᠢᠶᠠᠷ ᠠᠰᠠᠭᠤᠳᠠᠯ ᠵᠢᠴᠢ ᠬᠦᠰᠡᠯ ᠱᠠᠭᠠᠷᠳᠠᠯᠭ᠎ᠠ ᠪᠠᠨ ᠳᠡᠭᠡᠭᠰᠢ ᠮᠡᠳᠡᠭᠦᠯᠵᠦ᠂ ᠦᠢᠯᠡᠴᠢᠯᠡᠭᠡᠨ ᠤ ᠲᠥᠪ ᠤᠨ ᠠᠵᠢᠯᠲᠠᠨ ᠪᠠ ᠰᠡᠯᠪᠢᠨ ᠵᠠᠰᠠᠬᠤ ᠡᠩᠨᠡᠭᠡ ᠶᠢᠨ ᠬᠢᠨ 24 ᠴᠠᠭ ᠢᠶᠠᠷ ᠵᠢᠵᠢᠭᠦᠷᠯᠡᠨ ᠰᠠᠬᠢᠵᠤ᠂ ᠠᠵᠢᠯ ᠤᠨ ᠬᠠᠭᠤᠳᠠᠰᠤ ᠶᠢ ᠣᠯᠣᠭᠰᠠᠨ ᠤ ᠳᠠᠷᠠᠭ᠎ᠠ 1 ᠴᠠᠭ ᠤᠨ ᠳᠣᠲᠣᠷ᠎ᠠ ᠲᠤᠬᠠᠢ ᠶᠢᠨ ᠲᠠᠯᠠᠪᠤᠷ ᠲᠤ ᠬᠦᠷᠴᠦ᠂ 24 ᠴᠠᠭ ᠤᠨ ᠳᠣᠲᠣᠷ᠎ᠠ ᠭᠦᠢᠴᠡᠳᠬᠡᠵᠦ ᠳᠠᠭᠤᠰᠬᠠᠬᠤ ᠶᠢ ᠪᠠᠲᠤᠯᠠᠨ᠎ᠠ᠃       ᠵᠣᠬᠢᠶᠠᠭᠴᠢ᠄ ᠰᠢᠤᠸᠠᠨ ᠶᠠᠨ       ᠨᠠᠶᠢᠷᠠᠭᠤᠯᠤᠭᠴᠢ᠄ ᠯᠢ ᠰᠧ ᠬᠤᠢ       ᠬᠢᠨᠠᠨ ᠬᠠᠷᠭᠤᠭᠤᠯᠤᠭᠴᠢ᠄ ᠶᠠᠨ ᠬᠤᠸᠠᠢ ᡁᠢ       ᠤᠷᠴᠢᠭᠤᠯᠤᠭᠴᠢ᠄ ᠬᠠᠨ ᠰᠢᠶᠤᠤ ᠿᠦᠩ       ᠬᠢᠨᠠᠭᠴᠢ᠄ ᠼᠦᠢ ᠶᠢᠩ
 
ᠢᠷᠡᠯᠲᠡ᠄ ᠠᠮᠢᠵᠢᠷᠠᠯ ᠪᠢᠯᠬᠠᠭᠰᠠᠨ ᠹᠧᠩᠵᠧᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000072号-3