| 1 ᠰᠠᠷ᠎ᠠ ᠶᠢᠨ 3 ᠤ ᠡᠳᠦᠷ᠂ ᠮᠠᠨ ᠤ ᠬᠤᠲᠠ ᠶᠢᠨ ᠬᠢᠨ ᠲᠤᠷᠰᠢᠯᠲᠠ ᠶᠢᠨ ᠳᠤᠮᠳᠠᠳᠤ ᠰᠤᠷᠭᠠᠭᠤᠯᠢ ᠳᠤ ᠬᠤᠣᠷ | ᠴᠠᠭᠠᠵᠠᠯᠠᠬᠤ ᠰᠤᠷᠭᠠᠨ ᠬᠥᠮᠦᠵᠢᠯ ᠤᠨ ᠰᠠᠭᠤᠷᠢᠨ ᠭᠠᠵᠠᠷ ᠤᠨ ᠫᠠᠶᠢᠰᠠ ᠰᠡᠬᠦᠬᠦ ᠶᠣᠰᠣᠯᠠᠯ ᠶᠠᠪᠤᠭᠳᠠᠭᠤᠯᠪᠠ᠃ | ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠪᠠᠶᠢᠩᠭᠤ ᠶᠢᠨ ᠭᠡᠰᠢᠭᠦᠨ᠂ ᠤᠯᠤᠰ | ᠲᠥᠷᠥ ᠶᠢᠨ ᠵᠥᠪᠯᠡᠯᠭᠡᠨ ᠤ ᠨᠡᠶᠢᠭᠡᠮ ᠪᠠ ᠬᠠᠤᠯᠢ ᠳᠦᠷᠢᠮ ᠤᠨ ᠵᠥᠪᠯᠡᠯ ᠤᠨ ᠳᠡᠳ᠋ ᠡᠷᠬᠢᠯᠡᠭᠴᠢ᠂ ᠥᠪᠥᠷ | ᠮᠣᠩᠭᠤᠯ ᠤᠨ ᠬᠤᠣᠷ ᠴᠠᠭᠠᠵᠠᠯᠠᠬᠤ ᠲᠦᠷᠦᠭᠦᠦ ᠳᠦᠷᠢ ᠲᠥᠷᠬᠦ ᠶᠢᠨ ᠡᠯᠴᠢᠨ ᠰᠠᠶᠢᠳ ᠲᠤᠤ ᠶᠢᠩ ᠴᠦᠨ ᠣᠨᠴᠠ | ᠤᠷᠢᠯᠭ᠎ᠠ ᠪᠠᠷ ᠶᠣᠰᠣᠯᠠᠯ ᠳᠤ ᠣᠷᠣᠯᠴᠠᠵᠤ᠂ ᠥᠪᠡᠷᠲᠡᠭᠡᠨ ᠵᠠᠰᠠᠬᠤ ᠣᠷᠣᠨ ᠤ ᠬᠤᠣᠷ ᠴᠠᠭᠠᠵᠠᠯᠠᠬᠤ ᠺᠣᠮᠢᠰ ᠤᠨ | ᠠᠯᠪᠠᠨ ᠭᠡᠷ ᠤᠨ ᠪᠠᠶᠢᠩᠭᠤ ᠶᠢᠨ ᠳᠡᠳ᠋ ᠡᠷᠬᠢᠯᠡᠭᠴᠢ᠂ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠬᠤᠣᠷ | ᠴᠠᠭᠠᠵᠠᠯᠠᠬᠤ ᠶᠡᠷᠦᠩᠬᠡᠢ ᠠᠩᠭᠢ ᠶᠢᠨ ᠳᠠᠷᠤᠭ᠎ᠠ ᠯᠢᠦ ᡁᠢ ᠭᠠᠩ᠂ ᠥᠪᠡᠷᠲᠡᠭᠡᠨ ᠵᠠᠰᠠᠬᠤ ᠣᠷᠣᠨ ᠤ ᠬᠤᠣᠷ | ᠴᠠᠭᠠᠵᠠᠯᠠᠬᠤ ᠺᠣᠮᠢᠰ ᠤᠨ ᠠᠯᠪᠠᠨ ᠭᠡᠷ ᠤᠨ ᠳᠡᠳ᠋ ᠡᠷᠬᠢᠯᠡᠭᠴᠢ᠂ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠬᠤᠣᠷ | ᠴᠠᠭᠠᠵᠠᠯᠠᠬᠤ ᠶᠡᠷᠦᠩᠬᠡᠢ ᠠᠩᠭᠢ ᠶᠢᠨ ᠳᠡᠳ᠋ ᠳᠠᠷᠤᠭ᠎ᠠ ᠲᠤᠶᠠᠯᠠ᠂ ᠤᠯᠠᠭᠠᠨᠴᠠᠪ ᠬᠤᠲᠠ ᠶᠢᠨ ᠳᠣᠲᠣᠭᠠᠳᠤ ᠶᠢ | ᠬᠠᠮᠠᠭᠠᠯᠠᠬᠤ ᠲᠣᠪᠴᠢᠶ᠎ᠠ ᠶᠢᠨ ᠳᠡᠳ᠋ ᠳᠠᠷᠤᠭ᠎ᠠ ᠯᠢ ᠯᠠᠨ ᠸᠧᠨ ᠵᠢᠴᠢ ᠮᠠᠨ ᠤ ᠤᠯᠤᠰ ᠤᠨ ᠬᠤᠲᠠ ᠶᠢᠨ ᠵᠠᠰᠠᠭ ᠤᠨ | ᠣᠷᠳᠣᠨ ᠤ ᠳᠡᠳ᠋ ᠬᠤᠲᠠ ᠶᠢᠨ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠳᠠᠷᠤᠭ᠎ᠠ ᠸᠠᠩ ᠸᠧᠢ ᠨᠠᠷ | ᠫᠠᠶᠢᠰᠠ ᠰᠡᠬᠦᠬᠦ ᠶᠣᠰᠣᠯᠠᠯ ᠳᠤ ᠣᠷᠣᠯᠴᠠᠪᠠ᠃ | | ᠶᠣᠰᠣᠯᠠᠯ ᠳᠡᠭᠡᠷ᠎ᠡ᠂ ᠲᠤᠤ ᠶᠢᠩ ᠴᠦᠨ ᠬᠤᠤᠷ ᠴᠠᠭᠠᠵᠠᠯᠠᠬᠤ ᠦᠢᠯᠡ ᠠᠵᠢᠯᠯᠠᠭ᠎ᠠ ᠶᠢ ᠶᠠᠷᠢᠭᠰᠠᠨ ᠪᠥᠭᠡᠳ | ᠰᠠᠨᠠᠭᠠᠴᠢᠯᠠᠭ᠎ᠠ ᠭᠠᠷᠭᠠᠪᠠ︔ ᠯᠢᠦ ᡁᠢ ᠭᠠᠩ᠂ ᠯᠢ ᠯᠠᠨ ᠸᠧᠨ ᠲᠤᠰ ᠲᠤᠰ ᠶᠠᠷᠢᠶ᠎ᠠ ᠲᠠᠯᠪᠢᠵᠠᠭᠠᠵᠤ᠂ ᠸᠠᠩ ᠸᠧᠢ | ᠪᠠᠶᠠᠷ ᠤᠨ ᠶᠠᠷᠢᠶ᠎ᠠ ᠲᠠᠯᠪᠢᠪᠠ︔ ᠲᠤᠸ ᠶᠢᠩ ᠴᠦᠨ᠂ ᠯᠢᠦ ᡁᠢ ᠭᠠᠩ᠂ ᠯᠢ ᠯᠠᠨ ᠸᠧᠨ᠂ ᠸᠠᠩ ᠸᠧᠢ ᠬᠠᠮᠳᠤᠪᠠᠷ | ᠹᠧᠩᠵᠧᠨ ᠬᠤᠲᠠ ᠶᠢᠨ ᠬᠤᠣᠷᠲᠤ ᠡᠳ᠋ ᠢ ᠴᠠᠭᠠᠵᠠᠯᠠᠬᠤ ᠬᠥᠮᠦᠵᠢᠯ ᠤᠨ ᠰᠠᠭᠤᠷᠢᠨ ᠭᠠᠵᠠᠷ ᠪᠠ ᠹᠧᠩᠵᠧᠨ | ᠬᠤᠲᠠ ᠶᠢᠨ ᠬᠤᠣᠷᠲᠤ ᠡᠳ᠋ ᠢ ᠴᠠᠭᠠᠵᠠᠯᠠᠬᠤ ᠵᠢᠱᠢᠶ᠎ᠡ ᠦᠵᠡᠭᠦᠯᠬᠦ ᠰᠤᠷᠭᠠᠭᠤᠯᠢ ᠶᠢᠨ ᠫᠠᠶᠢᠰᠠ ᠶᠢ ᠰᠡᠬᠦᠪᠡ᠃ | | ᠣᠶᠢᠷ᠎ᠠ ᠶᠢᠨ ᠵᠢᠯ ᠳᠤ᠂ ᠮᠠᠨ ᠤ ᠬᠤᠲᠠ ᠶᠢᠨ ᠬᠢᠨ ᠬᠤᠣᠷᠲᠤ ᠡᠳ᠋ ᠢ ᠴᠠᠭᠠᠵᠠᠯᠠᠬᠤ ᠠᠵᠢᠯ ᠢ ᠳᠡᠭᠡᠳᠦ | ᠬᠡᠮᠵᠢᠶ᠎ᠡ ᠪᠠᠷ ᠴᠢᠬᠤᠯᠠᠴᠢᠯᠠᠵᠤ᠂ ᠤᠯᠠᠭᠠᠨᠴᠠᠪ ᠬᠤᠲᠠ ᠶᠢᠨ ︽ᠬᠤᠲᠠ ᠰᠢᠶᠠᠨ ᠬᠤᠶᠠᠷ ᠱᠠᠲᠤ ᠪᠠᠷ ᠢᠶᠠᠨ ᠭᠤᠷᠪᠠ ᠶᠢ | ᠨᠢᠭᠡᠳᠦᠯᠲᠡᠢ ᠪᠠᠶᠢᠯᠭᠠᠬᠤ︾ ᠠᠵᠢᠯ ᠤᠨ ᠲᠣᠭᠲᠠᠴᠠ ᠶᠢ ᠢᠳᠡᠪᠬᠢᠲᠡᠢ ᠪᠠᠷ ᠳᠠᠭᠠᠵᠤ᠂ ︽ᠲᠤᠰᠬᠠᠶᠢᠵᠢᠭᠰᠠᠨ | ᠴᠣᠬᠢᠯᠲᠠ ᠥᠭᠬᠦ︾ ᠪᠠ ︽ᠨᠡᠶᠢᠭᠡᠮᠴᠢᠯᠡᠭᠰᠡᠨ ᠵᠠᠰᠠᠯᠲᠠ︾ ᠶᠢ ᠵᠡᠷᠭᠡᠪᠡᠷ ᠬᠦᠴᠦᠯᠡᠨ᠂ ᠬᠤᠣᠷᠲᠤ ᠡᠳ᠋ ᠤᠨ | ᠠᠰᠠᠭᠤᠳᠠᠯ ᠢ ᠶᠡᠷᠦᠩᠬᠡᠶᠢᠯᠡᠨ ᠵᠠᠰᠠᠬᠤ ᠡᠷᠴᠢᠮ ᠢ ᠦᠷᠭᠦᠯᠵᠢᠯᠡᠨ ᠭᠦᠨᠵᠡᠭᠡᠶᠢᠷᠡᠭᠦᠯᠪᠡ᠃ ᠬᠤᠣᠷᠲᠤ ᠡᠳ᠋ ᠢ | ᠴᠠᠭᠠᠵᠠᠯᠠᠬᠤ ᠬᠥᠮᠦᠵᠢᠯ ᠤᠨ ᠰᠠᠭᠤᠷᠢᠨ ᠭᠠᠵᠠᠷ ᠪᠠᠶᠢᠭᠤᠯᠤᠭᠳᠠᠭᠰᠠᠨ ᠨᠢ ᠮᠠᠨ ᠤ ᠬᠤᠲᠠ ᠶᠢᠨ ᠬᠤᠣᠷᠲᠤ ᠡᠳ᠋ ᠢ | ᠴᠠᠭᠠᠵᠠᠯᠠᠬᠤ ᠤᠬᠠᠭᠤᠯᠭ᠎ᠠ ᠬᠥᠮᠦᠵᠢᠯ ᠤᠨ ᠠᠵᠢᠯ ᠰᠢᠨ᠎ᠡ ᠡᠬᠢᠯᠡᠯᠲᠡ ᠶᠢᠨ ᠴᠡᠭ ᠲᠤ ᠭᠠᠷᠤᠭᠰᠠᠨ ᠢ ᠬᠠᠷᠠᠭᠤᠯᠵᠤ | ᠪᠠᠶᠢᠨ᠎ᠠ᠃ ᠲᠠᠷᠠᠭᠠᠴᠢ ᠶᠢᠨ ᠠᠯᠬᠤᠮ ᠳᠤ᠂ ᠮᠠᠨ ᠤ ᠬᠤᠲᠠ ᠶᠢᠨ ᠬᠢᠨ ᠪᠥᠬᠦ ᠠᠷᠠᠳ ᠤᠨ ᠬᠤᠣᠷᠲᠤ ᠡᠳ᠋ ᠢ | ᠴᠠᠭᠠᠵᠠᠯᠠᠬᠤ ᠤᠬᠠᠭᠤᠯᠭ᠎ᠠ ᠬᠥᠮᠦᠵᠢᠯ ᠤᠨ ᠦᠷ᠎ᠡ ᠪᠦᠲᠦᠭᠡᠯ ᠢ ᠦᠷᠭᠦᠯᠵᠢᠯᠡᠨ ᠭᠦᠨᠵᠡᠭᠡᠶᠢᠷᠡᠭᠦᠯᠵᠦ᠂ ᠬᠤᠣᠷᠲᠤ | ᠡᠳ᠋ ᠤᠨ ᠠᠰᠠᠭᠤᠳᠠᠯ ᠢ ᠶᠡᠷᠦᠩᠬᠡᠶᠢᠯᠡᠨ ᠵᠠᠰᠠᠬᠤ ᠦᠷ᠎ᠡ ᠪᠦᠲᠦᠮᠵᠢ ᠶᠢ ᠲᠠᠰᠤᠷᠠᠯᠲᠠ ᠦᠭᠡᠢ ᠪᠠᠬᠢᠵᠢᠭᠦᠯᠦᠨ | ᠳᠡᠭᠡᠭᠰᠢᠯᠡᠭᠦᠯᠵᠦ᠂ ᠬᠤᠣᠷᠲᠤ ᠡᠳ᠋ ᠢ ᠪᠠᠷᠢᠪᠴᠢᠯᠠᠬᠤ ᠪᠠ ᠴᠣᠬᠢᠯᠲᠠ ᠥᠭᠬᠦ᠂ ᠬᠤᠣᠷᠲᠤ ᠡᠳ᠋ ᠢ ᠰᠡᠷᠭᠡᠶᠢᠯᠡᠬᠦ | ᠤᠬᠠᠭᠤᠯᠭ᠎ᠠ ᠬᠥᠮᠦᠵᠢᠯ᠂ ᠬᠤᠣᠷ ᠲᠠᠲᠠᠭᠴᠢᠳ ᠤᠨ ᠬᠠᠮᠢᠶᠠᠷᠤᠨ ᠡᠵᠡᠮᠳᠡᠬᠦ ᠦᠢᠯᠡᠴᠢᠯᠡᠭᠡ ᠵᠡᠷᠭᠡ ᠲᠠᠯ᠎ᠠ ᠪᠠᠷ | ᠦᠷᠭᠦᠯᠵᠢᠯᠡᠨ ᠬᠦᠴᠦᠯᠡᠵᠦ᠂ ᠡᠬᠡ ᠤᠯᠤᠰ ᠤᠨ ᠤᠮᠠᠷᠠᠲᠤ ᠶᠢᠨ ᠬᠤᠣᠷᠲᠤ ᠡᠳ᠋ ᠢ ᠴᠠᠭᠠᠵᠠᠯᠠᠬᠤ ᠠᠮᠤᠷ ᠲᠦᠪᠰᠢᠨ ᠤ | ᠬᠠᠯᠬᠠᠪᠴᠢ ᠶᠢ ᠬᠦᠴᠦ ᠪᠠᠨ ᠬᠠᠮᠲᠤᠳᠬᠠᠨ ᠪᠠᠬᠢᠵᠢᠭᠦᠯᠦᠨ᠎ᠡ᠃ | ᠫᠠᠶᠢᠰᠠ ᠰᠡᠬᠦᠬᠦ ᠶᠣᠰᠣᠯᠠᠯ ᠳᠠᠭᠤᠰᠤᠭᠰᠠᠨ ᠤ ᠳᠠᠷᠠᠭ᠎ᠠ᠂ ᠬᠤᠷᠠᠯ ᠳᠤ ᠣᠷᠣᠯᠴᠠᠭᠰᠠᠨ ᠤᠳᠤᠷᠢᠳᠤᠯᠭ᠎ᠠ ᠨᠠᠷ | ᠲᠤᠷᠰᠢᠯᠲᠠ ᠶᠢᠨ ᠳᠤᠮᠳᠠᠳᠤ ᠰᠤᠷᠭᠠᠭᠤᠯᠢ ᠶᠢᠨ ᠰᠤᠷᠤᠭᠴᠢᠳ ᠲᠠᠢ ᠬᠠᠮᠲᠤ ᠬᠤᠣᠷ ᠴᠠᠭᠠᠵᠠᠯᠠᠬᠤ ᠰᠤᠷᠭᠠᠨ | ᠬᠥᠮᠦᠵᠢᠯ ᠤᠨ ᠰᠠᠭᠤᠷᠢᠨ ᠭᠠᠵᠠᠷ ᠢ ᠲᠣᠭᠤᠷᠢᠨ ᠦᠵᠡᠪᠡ᠃ | | | ᠵᠣᠬᠢᠶᠠᠭᠴᠢ᠄ ᠴᠧᠨ ᠸᠧᠨ ᠵᠢᠶᠧ | ᠨᠠᠶᠢᠷᠠᠭᠤᠯᠤᠭᠴᠢ᠄ ᠯᠢ ᠰᠧ ᠬᠤᠢ | ᠬᠢᠨᠠᠨ ᠬᠠᠷᠭᠤᠭᠤᠯᠤᠭᠴᠢ᠄ ᠶᠠᠨ ᠬᠤᠸᠠᠢ ᡁᠢ | ᠤᠷᠴᠢᠭᠤᠯᠤᠭᠴᠢ᠄ ᠬᠠᠨ ᠰᠢᠶᠤᠤ ᠿᠦᠩ | ᠬᠢᠨᠠᠭᠴᠢ᠄ ᠼᠦᠢ ᠶᠢᠩ | |