| ᠹᠸᠡᠭᠵᠧᠨ ᠬᠤᠳᠠ ᠶᠢᠨ ᠣᠷᠣᠨ ᠰᠠᠭᠤᠴᠠ ᠪᠠ ᠬᠤᠳᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ | ᠲᠣᠪᠴᠢᠶ᠎ᠠ ᠳᠤ᠄ | ᠲᠠᠨ ᠤ ᠲᠣᠪᠴᠢᠶ᠎ᠠ ᠶᠢᠨ ᠬᠢᠨ ᠤ 2024 ᠣᠨ ᠤ 4 ᠰᠠᠷ᠎ᠠ ᠶᠢᠨ 10 ᠤ ᠡᠳᠦᠷ ᠲᠤᠰᠢᠶᠠᠨᠬᠰᠠᠨ ︽ᠢᠯᠴᠢ | ᠬᠠᠩᠭᠠᠬᠤ ᠰᠦᠢᠳᠬᠡᠯ ᠤᠨ ᠦᠨ᠎ᠡ ᠶᠢ ᠥᠰᠬᠡᠬᠦ ᠲᠤᠬᠠᠢ ᠮᠡᠳᠡᠭᠦᠯᠦᠯᠲᠡ︾ ᠶᠢᠨ ᠪᠢᠴᠢᠭ ᠮᠠᠲ᠋ᠧᠷᠢᠶᠠᠯ ᠢ ᠹᠧᠩᠵᠧᠨ | ᠬᠤᠲᠠ ᠶᠢᠨ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ︽ᠵᠠᠰᠠᠭ ᠤᠨ ᠣᠷᠳᠣᠨ ᠤ | ᠲᠣᠭᠲᠠᠭᠠᠭᠰᠠᠨ ᠦᠨ᠎ᠡ ᠬᠠᠩᠰᠢ ᠶᠢᠨ ᠭᠡᠷᠡᠴᠢᠯᠡᠭᠡ ᠰᠣᠨᠣᠰᠬᠤ ᠠᠷᠭ᠎ᠠ︾᠂ ︽ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠦᠨ᠎ᠡ ᠲᠣᠭᠲᠠᠭᠠᠬᠤ ᠭᠠᠷᠴᠠᠭ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠵᠠᠰᠠᠭ ᠤᠨ ᠣᠷᠳᠣᠨ ᠤ ᠦᠨ᠎ᠡ ᠲᠣᠭᠲᠠᠭᠠᠬᠤ ᠭᠡᠷᠡᠴᠢᠯᠡᠭᠡ ᠰᠣᠨᠣᠰᠬᠤ ᠭᠠᠷᠴᠠᠭ︾ ᠵᠡᠷᠭᠡ ᠬᠠᠮᠢᠶ᠎ᠠ ᠪᠦᠬᠦᠢ ᠪᠢᠴᠢᠭ | ᠮᠠᠲ᠋ᠧᠷᠢᠶᠠᠯ ᠤᠨ ᠲᠣᠭᠲᠠᠭᠠᠯ ᠢ ᠦᠨᠳᠤᠰᠦᠯᠠᠨ᠂ ᠥᠪᠡᠷ ᠤᠨ ᠥᠷᠲᠡᠭ ᠢ ᠬᠢᠨᠠᠨ ᠪᠠᠶᠢᠴᠠᠭᠠᠬᠤ᠂ ᠦᠨ᠎ᠡ ᠬᠠᠩᠰᠢ ᠶᠢᠨ | ᠭᠡᠷᠡᠴᠢᠯᠡᠭᠡ ᠰᠣᠨᠣᠰᠬᠤ ᠬᠤᠷᠠᠯ ᠬᠤᠷᠠᠯᠳᠤᠭᠤᠯᠬᠤ᠂ ᠨᠡᠶᠢᠭᠡᠮ ᠤᠨ ᠲᠣᠭᠲᠠᠭᠤᠨ ᠴᠢᠨᠠᠷ ᠢ ᠦᠨᠡᠯᠡᠨ ᠵᠢᠱᠢᠬᠦ ᠵᠡᠷᠭᠡ | ᠠᠵᠢᠯ ᠤᠨ ᠲᠠᠰ ᠳᠠᠷᠠᠭᠠᠯᠠᠯ ᠢ ᠬᠡᠷᠡᠭᠵᠢᠭᠦᠯᠦᠭᠰᠡᠨ ᠤ ᠳᠠᠷᠠᠭ᠎ᠠ᠂ ᠹᠧᠩᠵᠧᠨ ᠬᠤᠲᠠ ᠶᠢᠨ ᠠᠷᠠᠳ ᠤᠨ ᠵᠠᠰᠠᠭ ᠤᠨ | ᠣᠷᠳᠣᠨ ᠤ 2024 ᠣᠨ ᠤ 15 ᠳ᠋ᠤᠭᠠᠷ ᠤᠳᠠᠭᠠᠨ ᠤ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠠᠴᠠ | ᠮᠠᠨ ᠤ ᠬᠤᠷᠢᠶᠠᠨ ᠤ ᠳᠡᠭᠡᠭᠰᠢ ᠮᠡᠳᠡᠭᠦᠯᠦᠭᠰᠡᠨ ︽ᠹᠧᠩᠵᠧᠨ ᠬᠤᠲᠠ ᠶᠢᠨ ᠲᠥᠪᠯᠡᠷᠡᠭᠦᠯᠦᠨ ᠢᠯᠴᠢ ᠬᠠᠩᠭᠠᠬᠤ | ᠦᠨ᠎ᠡ ᠬᠠᠩᠰᠢ ᠶᠢ ᠲᠣᠬᠢᠷᠠᠭᠤᠯᠬᠤ ᠲᠤᠬᠠᠢ ᠮᠡᠳᠡᠭᠦᠯᠦᠯᠲᠡ︾ ᠶᠢ ᠬᠢᠨᠠᠨ ᠶᠠᠷᠢᠯᠴᠠᠵᠤ ᠪᠠᠲᠤᠯᠠᠭᠠᠳ᠂ ᠹᠧᠩᠵᠧᠨ | ᠬᠤᠲᠠ ᠶᠢᠨ ᠠᠷᠠᠳ ᠤᠨ ᠵᠠᠰᠠᠭ ᠤᠨ ᠣᠷᠳᠣᠨ ᠢᠶᠠᠷ ᠴᠣᠬᠤᠯᠠᠪᠤᠷᠢᠯᠠᠭᠤᠯᠤᠨ ᠬᠠᠷᠢᠭᠤᠯᠤᠭᠰᠠᠨ ᠤ ᠳᠠᠷᠠᠭ᠎ᠠ᠂ ᠡᠳᠦᠭᠡ | ᠬᠤᠯᠪᠣᠭᠳᠠᠯ ᠪᠦᠬᠦᠢ ᠤᠴᠢᠷ ᠢ ᠳᠣᠣᠷᠠᠬᠢ ᠮᠡᠲᠦ ᠮᠡᠳᠡᠭᠳᠡᠶ᠎ᠡ᠄ | ᠨᠢᠭᠡ᠂ ᠢᠯᠴᠢ ᠬᠠᠩᠭᠠᠬᠤ ᠦᠨ᠎ᠡ ᠬᠠᠩᠰᠢ ᠶᠢᠨ ᠲᠣᠬᠢᠷᠠᠭᠤᠯᠤᠯᠲᠠ ᠶᠢᠨ ᠪᠠᠷᠢᠮᠵᠢᠶ᠎ᠠ | 1. ᠰᠠᠭᠤᠭᠠᠯᠢ ᠠᠷᠠᠳ ᠤᠨ ᠳᠤᠯᠠᠭᠠᠯᠭ᠎ᠠ ᠶᠢᠨ ᠦᠨ᠎ᠡ ᠶᠢ ᠤᠳᠤ ᠪᠠᠷ ᠢᠶᠠᠨ ᠰᠠᠷ᠎ᠠ ᠳᠤ 4.2 ᠲᠥᠭᠦᠷᠢᠭ/ | ᠺᠦᠸᠠᠳ᠋ ᠮᠧᠲᠷ ᠠᠴᠠ ᠰᠠᠷ᠎ᠠ ᠳᠤ 4.32 ᠲᠥᠭᠦᠷᠢᠭ / ᠺᠦᠸᠠᠳ᠋ ᠮᠧᠲᠷ ᠲᠤ ᠬᠦᠷᠭᠡᠨ᠎ᠡ᠃ | 2. ᠰᠠᠭᠤᠭᠠᠯᠢ ᠠᠷᠠᠳ ᠤᠨ ᠪᠤᠰᠤ ᠳᠤᠯᠠᠭᠠᠯᠭ᠎ᠠ ᠶᠢᠨ ᠦᠨ᠎ᠡ ᠶᠢ ᠤᠳᠤ ᠶᠢᠨ ᠬᠡᠷᠡᠭᠵᠢᠭᠦᠯᠵᠦ ᠪᠠᠶᠢᠭ᠎ᠠ ᠵᠠᠰᠠᠭ | ᠵᠠᠬᠢᠷᠭ᠎ᠠ ᠠᠵᠢᠯ ᠦᠢᠯᠡᠰ ᠤᠨ ᠨᠢᠭᠡᠴᠡ ᠠᠴᠠ 5 ᠲᠥᠭᠦᠷᠢᠭ\ᠺᠦᠸᠠᠳ᠋ ᠮᠧᠲᠷ᠂ ᠡᠵᠡᠩᠨᠡᠯᠲᠡ ᠶᠢᠨ ᠴᠢᠨᠠᠷᠲᠠᠢ ᠠᠵᠤ | ᠠᠬᠤᠶᠢᠯᠠᠯ ᠵᠢᠴᠢ ᠨᠢᠭᠡᠴᠡ ᠠᠴᠠ 5.8 ᠲᠥᠭᠦᠷᠢᠭ \ ᠺᠦᠸᠠᠳ᠋ ᠮᠧᠲᠷ ᠠᠴᠠ ᠰᠠᠷ᠎ᠠ ᠳᠤ 5.2 ᠲᠥᠭᠦᠷᠢᠭ\ | ᠺᠦᠸᠠᠳ᠋ ᠮᠧᠲᠷ ᠪᠠ ᠰᠠᠷ᠎ᠠ ᠳᠤ 6 ᠲᠥᠭᠦᠷᠢᠭ\ᠺᠦᠸᠠᠳ᠋ ᠮᠧᠲᠷ ᠲᠤ ᠬᠦᠷᠭᠡᠨ᠎ᠡ᠃ | ᠬᠤᠶᠠᠷ᠂ ᠭᠦᠢᠴᠡᠳᠭᠡᠬᠦ ᠴᠠᠭ | 2025 ᠣᠨ- 2026 ᠣᠨ ᠤ ᠳᠤᠯᠠᠭᠠᠯᠭ᠎ᠠ ᠶᠢᠨ ᠤᠯᠠᠷᠢᠯ ᠠᠴᠠ ᠡᠬᠢᠯᠡᠵᠦ ᠬᠡᠷᠡᠭᠵᠢᠭᠦᠯᠦᠨ᠎ᠡ᠃ | ᠭᠤᠷᠪᠠ᠂ ᠬᠠᠮᠢᠶ᠎ᠠ ᠪᠦᠬᠦᠢ ᠤᠴᠢᠷ | 1. ᠢᠯᠴᠢ ᠬᠠᠩᠭᠠᠬᠤ ᠠᠵᠤ ᠠᠬᠤᠶᠢᠯᠠᠯ ᠪᠣᠯᠣᠨ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠤᠬᠠᠭᠤᠯᠤᠨ | ᠲᠠᠶᠢᠯᠪᠤᠷᠢᠯᠠᠬᠤ ᠠᠵᠢᠯ ᠢ ᠰᠠᠶᠢᠲᠤᠷ ᠬᠢᠵᠦ᠂ ᠲᠣᠰ ᠤᠳᠠᠭᠠᠨ ᠤ ᠢᠯᠴᠢ ᠬᠠᠩᠭᠠᠬᠤ ᠦᠨ᠎ᠡ ᠬᠠᠩᠰᠢ ᠶᠢᠨ | ᠲᠣᠬᠢᠷᠠᠭᠤᠯᠤᠯᠲᠠ ᠶᠢᠨ ᠤᠷᠤᠭᠰᠢᠲᠠᠢ ᠶᠠᠪᠤᠭᠳᠠᠬᠤ ᠶᠢ ᠦᠨᠡᠨᠬᠦ ᠪᠠᠲᠤᠯᠠᠬᠤ ᠬᠡᠷᠡᠭᠲᠡᠢ︔ | 2. ᠢᠯᠴᠢ ᠬᠠᠩᠭᠠᠬᠤ ᠠᠵᠤ ᠠᠬᠤᠶᠢᠯᠠᠯ ᠤᠳ ᠡᠵᠡᠩᠨᠡᠯᠲᠡ ᠬᠠᠮᠢᠶᠠᠷᠤᠯᠲᠠ ᠪᠠᠨ ᠲᠠᠰᠤᠷᠠᠯᠲᠠ ᠦᠭᠡᠢ | ᠴᠢᠩᠭᠠᠳᠬᠠᠵᠤ᠂ ᠢᠯᠴᠢ ᠬᠠᠩᠭᠠᠬᠤ ᠶᠠᠰᠤ ᠴᠢᠨᠠᠷ ᠢ ᠪᠠᠲᠤᠯᠠᠨ᠂ ᠦᠢᠯᠡᠴᠢᠯᠡᠭᠡᠨ ᠤ ᠠᠵᠢᠯ ᠢᠶᠠᠨ ᠰᠠᠶᠢᠲᠤᠷ ᠬᠢᠬᠦ | ᠬᠡᠷᠡᠭᠲᠡᠢ︔ | 3. ᠢᠯᠴᠢ ᠬᠠᠩᠭᠠᠬᠤ ᠠᠵᠤ ᠠᠬᠤᠶᠢᠯᠠᠯ ᠨᠢ ᠲᠣᠭᠲᠠᠭᠠᠭᠰᠠᠨ ᠦᠨ᠎ᠡ ᠬᠠᠩᠰᠢ ᠶᠢᠨ ᠪᠠᠷᠢᠮᠵᠢᠶ᠎ᠠ ᠶᠢ ᠴᠢᠩᠭ᠎ᠠ | ᠵᠢᠷᠤᠮᠯᠠᠨ ᠬᠡᠷᠡᠭᠵᠢᠭᠦᠯᠬᠦ ᠬᠡᠷᠡᠭᠲᠡᠢ᠂ ᠳᠤᠷ᠎ᠠ ᠪᠠᠷ ᠢᠶᠠᠨ ᠦᠨ᠎ᠡ ᠬᠠᠩᠰᠢ ᠶᠢ ᠥᠰᠬᠡᠬᠦ ᠪᠤᠶᠤ ᠬᠡᠯᠪᠡᠷᠢ ᠶᠢ ᠨᠢ | ᠥᠭᠡᠷᠡᠲᠦᠭᠦᠯᠦᠨ ᠰᠦᠢᠳᠬᠡᠯ ᠬᠤᠷᠢᠶᠠᠵᠤ ᠪᠣᠯᠬᠤ ᠦᠭᠡᠢ᠃ | ᠡᠭᠦᠨ᠎ᠡ ᠣᠨᠴᠠᠭᠠᠶᠢᠯᠠᠨ ᠮᠡᠳᠡᠭᠳᠡᠪᠡ | | ᠹᠧᠩᠵᠧᠨ ᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ | 2024 ᠣᠨ ᠤ 10 ᠰᠠᠷ᠎ᠠ ᠶᠢᠨ 31 ᠤ ᠡᠳᠦᠷ | | | | | ᠤᠷᠴᠢᠭᠤᠯᠤᠭᠴᠢ᠄ ᠬᠠᠨ ᠰᠢᠶᠤᠤ ᠿᠦᠩ | ᠬᠢᠨᠠᠭᠴᠢ᠄ ᠼᠦᠢ ᠶᠢᠩ | | |