| ᠹᠸᠡᠭᠵᠧᠨ ᠬᠤᠳᠠ ᠶᠢᠨ ᠨᠠᠮ ᠤᠨ ᠬᠤᠷᠢᠶᠠᠨ ᠤ ᠨᠢᠭᠡᠳᠦᠯᠲᠡᠢ ᠪᠠᠶᠢᠷᠢᠯᠠᠭᠤᠯᠤᠯᠲᠠ ᠪᠠᠷ᠂ ᠵᠢᠷᠭᠤᠳᠤᠭᠠᠷ | ᠬᠤᠭᠤᠴᠠᠭᠠᠨ ᠤ ᠬᠤᠳᠠ ᠶᠢᠨ ᠨᠠᠮ ᠤᠨ ᠬᠤᠷᠢᠶᠠᠨ ᠤ ᠶᠢᠰᠦᠳᠦᠭᠡᠷ ᠡᠭᠡᠯᠵᠢ ᠶᠢᠨ ᠴᠠᠭᠳᠠᠨ ᠪᠠᠶᠢᠴᠠᠭᠠᠯᠳᠠ ᠶᠢᠨ | ᠬᠠᠷᠢᠭᠤ ᠲᠤᠰᠬᠠᠬᠤ ᠠᠵᠢᠯ ᠤᠳᠤ ᠨᠢᠭᠡᠨᠲᠡ ᠪᠦᠬᠦᠨ ᠢᠶᠠᠷ ᠢᠶᠠᠨ ᠳᠠᠭᠤᠰᠪᠠ᠃ | | ᠲᠣᠰ ᠡᠭᠡᠯᠵᠢ ᠶᠢᠨ ᠴᠠᠭᠳᠠᠨ ᠪᠠᠶᠢᠴᠠᠭᠠᠵᠤ ᠬᠠᠷᠢᠭᠤ ᠲᠤᠰᠬᠠᠬᠤ ᠶᠢ ᠲᠥᠪᠯᠡᠷᠡᠭᠦᠯᠦᠨ ᠬᠠᠷᠢᠭᠤ ᠲᠤᠰᠬᠠᠬᠤ ᠪᠠ | ︽ᠨᠢᠭᠡ ᠨᠢᠭᠡ ᠪᠠᠷ ᠬᠠᠷᠭᠤᠭᠤᠯᠤᠨ︾ ᠬᠠᠷᠢᠭᠤ ᠲᠤᠰᠬᠠᠬᠤ ᠶᠢ ᠬᠠᠷᠢᠯᠴᠠᠨ ᠤᠶᠠᠯᠳᠤᠭᠤᠯᠬᠤ ᠠᠷᠭ᠎ᠠ ᠮᠠᠶ᠋ᠢᠭ ᠢᠶᠠᠷ | ᠶᠠᠪᠤᠭᠳᠠᠭᠤᠯᠪᠠ᠃ 2024 ᠣᠨ ᠤ 12 ᠰᠠᠷ᠎ᠠ ᠶᠢᠨ 31 ᠤ ᠡᠳᠦᠷ᠂ ᠬᠤᠲᠠ ᠶᠢᠨ ᠨᠠᠮ ᠤᠨ ᠬᠤᠷᠢᠶ᠎ᠠ ᠶᠢᠨ | ᠴᠠᠭᠳᠠᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠬᠤᠲᠠ ᠶᠢᠨ ᠰᠠᠬᠢᠯᠭ᠎ᠠ ᠪᠠᠲᠤ | ᠪᠠᠶᠢᠴᠠᠭᠠᠬᠤ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠢᠨᠠᠨ ᠪᠠᠶᠢᠴᠠᠭᠠᠬᠤ ᠵᠥᠪᠯᠡᠯ ᠤᠨ ᠭᠡᠰᠢᠭᠦᠨ᠂ ᠴᠠᠭᠳᠠᠨ | ᠪᠠᠶᠢᠴᠠᠭᠠᠬᠤ ᠠᠯᠪᠠᠨ ᠭᠡᠷ ᠤᠨ ᠡᠷᠬᠢᠯᠡᠭᠴᠢ ᠮᠠ ᠹᠦ᠋ ᠭᠤᠸᠠᠩ ᠨᠥᠬᠦᠷ ᠲᠥᠪᠯᠡᠷᠡᠭᠦᠯᠦᠨ ᠬᠠᠷᠢᠭᠤ ᠲᠤᠰᠬᠠᠬᠤ | ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠱᠦᠵᠢ ᠨᠠᠷ ᠤᠨ ᠲᠤᠰᠬᠠᠢ ᠰᠡᠳᠦᠪᠲᠦ ᠬᠤᠷᠠᠯ ᠤᠨ ᠴᠠᠭᠳᠠᠨ | ᠪᠠᠶᠢᠴᠠᠭᠠᠭᠰᠠᠨ ᠶᠡᠷᠦᠩᠬᠡᠢ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠬᠤ ᠦᠶ᠎ᠡ ᠶᠢᠨ ᠬᠤᠯᠪᠣᠭᠳᠠᠯ ᠪᠦᠬᠦᠢ | ᠵᠣᠷᠢᠭ ᠰᠠᠨᠠᠭ᠎ᠠ ᠶᠢ ᠤᠯᠠᠮᠵᠢᠯᠠᠪᠠ᠃ 1 ᠰᠠᠷ᠎ᠠ ᠶᠢᠨ 2 ᠤᠨ ᠡᠳᠦᠷ ᠠᠴᠠ 1 ᠰᠠᠷ᠎ᠠ ᠶᠢᠨ 6 ᠤ ᠡᠳᠦᠷ ᠪᠣᠯᠲᠠᠯ᠎ᠠ᠂ | 4 ᠴᠠᠭᠳᠠᠨ ᠪᠠᠶᠢᠴᠠᠭᠠᠬᠤ ᠳᠤᠭᠤᠶᠢᠯᠠᠩ ᠤᠨ ᠬᠢᠨ ᠲᠣᠰ ᠲᠣᠰ ᠬᠤᠲᠠ ᠶᠢᠨ ᠬᠠᠷᠢᠶᠠᠨ ᠳᠠᠬᠢ ᠤᠯᠤᠰ ᠤᠨ | ᠥᠮᠴᠢᠯᠡᠯ ᠤᠨ 5 ᠠᠵᠤ ᠠᠬᠤᠶᠢᠯᠠᠯ᠂ ᠬᠤᠲᠠ ᠶᠢᠨ ᠨᠠᠮ ᠤᠨ ᠬᠤᠷᠢᠶᠠᠨ ᠤ ᠣᠷᠣᠨ ᠲᠤᠭ᠎ᠠ ᠶᠢᠨ ᠠᠯᠪᠠᠨ ᠭᠡᠷ᠂ | ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠪᠣᠯᠣᠨ ᠬᠠᠩᠭᠠᠨ | ᠪᠣᠷᠣᠯᠠᠭᠤᠯᠬᠤ ᠬᠤᠷᠰᠢᠶ᠎ᠠ ᠶᠢᠨ ᠨᠠᠮ ᠤᠨ ᠵᠣᠬᠢᠶᠠᠨ ᠪᠠᠶᠢᠭᠤᠯᠤᠯᠲᠠ ᠳᠤ ︽ᠨᠢᠭᠡ ᠨᠢᠭᠡ ᠪᠠᠷ ᠬᠠᠷᠭᠤᠭᠤᠯᠤᠨ︾ | ᠬᠠᠷᠢᠭᠤ ᠲᠤᠰᠬᠠᠪᠠ᠃ | ᠬᠤᠲᠠ ᠶᠢᠨ ᠨᠠᠮ ᠤᠨ ᠬᠤᠷᠢᠶᠠᠨ ᠤ ᠴᠠᠭᠳᠠᠨ ᠪᠠᠶᠢᠴᠠᠭᠠᠬᠤ ᠠᠵᠢᠯ ᠤᠨ ᠲᠣᠬᠢᠷᠠᠭᠤᠯᠤᠯᠲᠠ ᠶᠢ ᠦᠨᠳᠦᠰᠦᠯᠡᠨ᠂ | ᠬᠤᠲᠠ ᠶᠢᠨ ᠨᠠᠮ ᠤᠨ ᠬᠤᠷᠢᠶᠠᠨ ᠤ ᠡᠯ᠎ᠡ ᠴᠠᠭᠳᠠᠨ ᠪᠠᠶᠢᠴᠠᠭᠠᠬᠤ ᠳᠤᠭᠤᠶᠢᠯᠠᠩ ᠤᠨ ᠬᠢᠨ ᠴᠠᠭᠳᠠᠨ ᠪᠠᠶᠢᠴᠠᠭᠠᠭᠳᠠᠵᠤ | ᠪᠠᠶᠢᠭ᠎ᠠ ᠨᠠᠮ ᠤᠨ ᠵᠣᠬᠢᠶᠠᠨ ᠪᠠᠶᠢᠭᠤᠯᠤᠯᠲᠠ ᠳᠤ ᠴᠠᠭᠳᠠᠨ ᠪᠠᠶᠢᠴᠠᠭᠠᠭᠰᠠᠨ ᠪᠠᠶᠢᠳᠠᠯ ᠢᠶᠠᠨ ᠬᠠᠷᠢᠭᠤ ᠲᠤᠰᠬᠠᠵᠤ᠂ | ᠴᠠᠭᠳᠠᠨ ᠪᠠᠶᠢᠴᠠᠭᠠᠭᠠᠳ ᠢᠯᠡᠷᠡᠭᠦᠯᠦᠭᠰᠡᠨ ᠲᠣᠪᠣᠶᠢᠮ᠎ᠠ ᠠᠰᠠᠭᠤᠳᠠᠯ ᠢ ᠮᠡᠳᠡᠭᠳᠡᠪᠡ᠃ ᠬᠤᠳᠠ ᠶᠢᠨ ᠰᠠᠬᠢᠯᠭ᠎ᠠ ᠪᠠᠲᠤ | ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ᠂ ᠬᠤᠳᠠ ᠶᠢᠨ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ | ᠬᠡᠯᠲᠡᠰ ᠤᠨ ᠬᠠᠮᠢᠶ᠎ᠠ ᠪᠦᠬᠦᠢ ᠨᠥᠬᠦᠳ ᠬᠤᠷᠠᠯ ᠳᠤ ᠣᠷᠣᠯᠴᠠᠪᠠ᠃ | ᠴᠠᠭᠳᠠᠨ ᠪᠠᠶᠢᠴᠠᠭᠠᠯᠲᠠ ᠶᠢᠨ ᠬᠠᠷᠢᠭᠤ ᠲᠤᠰᠬᠠᠯᠳᠠ ᠠᠴᠠ ᠵᠢᠭᠠᠵᠤ ᠭᠠᠷᠭᠠᠭᠰᠠᠨ ᠨᠢ᠄ ᠣᠶᠢᠷ᠎ᠠ ᠶᠢᠨ ᠵᠢᠯ ᠠᠴᠠ | ᠨᠠᠰᠢ ᠡᠯ᠎ᠡ ᠴᠠᠭᠳᠠᠨ ᠪᠠᠶᠢᠴᠠᠭᠠᠭᠳᠠᠵᠤ ᠪᠠᠶᠢᠭ᠎ᠠ ᠨᠢᠭᠡᠴᠡ ᠶᠢᠨ ᠨᠠᠮ ᠤᠨ ᠵᠣᠬᠢᠶᠠᠨ ᠪᠠᠶᠢᠭᠤᠯᠤᠯᠲᠠ ᠪᠦᠬᠦ ᠲᠠᠯ᠎ᠠ ᠳᠤ | ᠰᠠᠭᠤᠷᠢᠯᠠᠵᠤ᠂ ᠡᠭᠦᠷᠭᠡ ᠬᠠᠷᠢᠭᠤᠴᠠᠯᠭ᠎ᠠ ᠪᠠᠨ ᠢᠳᠡᠪᠬᠢᠲᠡᠢ ᠭᠦᠢᠴᠡᠳᠬᠡᠵᠦ᠂ ᠨᠠᠮ ᠢ ᠬᠠᠮᠢᠶᠠᠷᠴᠤ ᠨᠠᠮ ᠢ ᠵᠠᠰᠠᠬᠤ | ᠤᠯᠤᠰ ᠲᠦᠷᠦ ᠶᠢᠨ ᠬᠠᠷᠢᠭᠤᠴᠠᠯᠭ᠎ᠠ ᠪᠠᠨ ᠴᠢᠩᠭᠠᠳᠬᠠᠵᠤ᠂ ᠬᠥᠭᠵᠢᠯᠲᠡ ᠪᠣᠯᠣᠨ ᠠᠮᠤᠷ ᠲᠦᠪᠰᠢᠨ ᠢ ᠨᠢᠭᠡᠳᠦᠯᠲᠡᠢ | ᠲᠥᠯᠥᠪᠵᠢᠭᠦᠯᠬᠦ᠂ ᠬᠤᠶᠠᠷ ᠶᠡᠭᠡ ᠶᠠᠪᠤᠳᠠᠯ ᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠠᠬᠢᠭᠤᠯᠬᠤ | ᠵᠡᠷᠭᠡ ᠲᠠᠯ᠎ᠠ ᠪᠠᠷ ᠲᠠᠰᠤᠷᠠᠯᠲᠠ ᠦᠭᠡᠢ ᠰᠢᠨ᠎ᠡ ᠠᠬᠢᠴᠠ ᠲᠠᠢ ᠪᠣᠯᠤᠭᠰᠠᠨ ᠪᠣᠯᠪᠠᠴᠤ ᠪᠠᠰᠠ ᠵᠠᠷᠢᠮ ᠠᠰᠠᠭᠤᠳᠠᠯ | ᠣᠷᠣᠰᠢᠵᠤ ᠪᠠᠶᠢᠨ᠎ᠠ︔ ᠴᠠᠭᠳᠠᠨ ᠪᠠᠶᠢᠴᠠᠭᠠᠭᠰᠠᠨ ᠪᠠᠶᠢᠳᠠᠯ ᠠᠴᠠ ᠦᠵᠡᠪᠡᠯ᠂ ᠵᠠᠷᠢᠮ ᠴᠠᠭᠳᠠᠨ ᠪᠠᠶᠢᠴᠠᠭᠠᠭᠳᠠᠵᠤ | ᠪᠠᠶᠢᠭ᠎ᠠ ᠨᠠᠮ ᠤᠨ ᠵᠣᠬᠢᠶᠠᠨ ᠪᠠᠶᠢᠭᠤᠯᠤᠯᠲᠠ ᠶᠢᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠨᠢ ᠨᠠᠮ ᠤᠨ | ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠲᠠᠢ ᠮᠥᠨ ᠵᠥᠷᠢᠶ᠎ᠡ ᠲᠠᠢ ᠪᠠᠶᠢᠨ᠎ᠠ︔ ᠵᠠᠷᠢᠮ | ᠴᠠᠭᠳᠠᠨ ᠪᠠᠶᠢᠴᠠᠭᠠᠭᠳᠠᠵᠤ ᠪᠠᠶᠢᠭ᠎ᠠ ᠨᠢᠭᠡᠴᠡ ᠶᠢᠨ ᠨᠠᠮ ᠤᠨ ᠵᠣᠬᠢᠶᠠᠨ ᠪᠠᠶᠢᠭᠤᠯᠤᠯᠲᠠ ᠶᠢᠨ ᠭᠤᠣᠯ ᠬᠠᠷᠢᠭᠤᠴᠠᠯᠭ᠎ᠠ | ᠭᠤᠣᠯ ᠠᠵᠢᠯ ᠳᠤ ᠠᠩᠬᠠᠷᠤᠯ ᠢᠶᠠᠨ ᠲᠥᠪᠯᠡᠷᠡᠭᠦᠯᠬᠦ ᠡᠷᠴᠢᠮ ᠨᠢ ᠬᠦᠷᠦᠯᠴᠡᠬᠦ ᠦᠭᠡᠢ ᠪᠠᠶᠢᠵᠤ᠂ ᠤᠯᠤᠰ ᠤᠨ | ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠶᠢ ᠦᠷᠭᠦᠯᠵᠢᠯᠡᠨ ᠠᠬᠢᠭᠤᠯᠬᠤ ᠡᠷᠴᠢ | ᠵᠣᠷᠢᠭ ᠨᠢ ᠬᠦᠷᠦᠯᠴᠡᠬᠦ ᠦᠭᠡᠢ ᠪᠠᠶᠢᠨ᠎ᠠ︔ ᠵᠠᠷᠢᠮ ᠴᠠᠭᠳᠠᠨ ᠪᠠᠶᠢᠴᠠᠭᠠᠭᠳᠠᠵᠤ ᠪᠠᠶᠢᠭ᠎ᠠ ᠨᠢᠭᠡᠴᠡ ᠶᠢᠨ ᠨᠠᠮ ᠤᠨ | ᠵᠣᠬᠢᠶᠠᠨ ᠪᠠᠶᠢᠭᠤᠯᠤᠯᠲᠠ ᠶᠢᠨ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ | ᠨᠠᠶᠢᠳᠠᠪᠤᠷᠢᠵᠢᠭᠤᠯᠤᠭᠰᠠᠨ ᠨᠢ ᠴᠢᠩᠭ᠎ᠠ ᠪᠢᠰᠢ ᠪᠣᠳᠠᠲᠠᠢ ᠪᠢᠰᠢ︔ ᠵᠠᠷᠢᠮ ᠴᠠᠭᠳᠠᠨ ᠪᠠᠶᠢᠴᠠᠭᠠᠭᠳᠠᠵᠤ ᠪᠠᠶᠢᠭ᠎ᠠ | ᠨᠢᠭᠡᠴᠡ ᠶᠢᠨ ᠨᠠᠮ ᠤᠨ ᠵᠣᠬᠢᠶᠠᠨ ᠪᠠᠶᠢᠭᠤᠯᠤᠯᠲᠠ ᠴᠠᠭᠳᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠢ | ᠴᠢᠬᠤᠯᠠᠴᠢᠯᠠᠭᠰᠠᠨ ᠢᠶᠠᠷ ᠬᠦᠷᠦᠯᠴᠡᠬᠦ ᠦᠭᠡᠢ ᠪᠠᠶᠢᠨ᠎ᠠ᠃ | ᠴᠠᠭᠳᠠᠨ ᠪᠠᠶᠢᠴᠠᠭᠠᠯᠲᠠ ᠶᠢᠨ ᠬᠠᠷᠢᠭᠤ ᠳᠤᠰᠬᠠᠯᠲᠠ ᠠᠴᠠ ᠴᠠᠭᠳᠠᠨ ᠪᠠᠶᠢᠴᠠᠭᠠᠭᠳᠠᠵᠤ ᠪᠠᠶᠢᠭ᠎ᠠ ᠨᠠᠮ ᠤᠨ | ᠵᠣᠬᠢᠶᠠᠨ ᠪᠠᠶᠢᠭᠤᠯᠤᠯᠲᠠ ᠬᠤᠳᠠ ᠶᠢᠨ ᠨᠠᠮ ᠤᠨ ᠬᠤᠷᠢᠶᠠᠨ ᠤ ᠱᠦᠵᠢ ᠶᠢᠨ ᠲᠤᠰᠬᠠᠢ ᠰᠡᠳᠦᠪᠲᠦ ᠬᠤᠷᠠᠯ ᠤᠨ | ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠴᠠᠭᠳᠠᠨ ᠪᠠᠶᠢᠴᠠᠭᠠᠵᠤ ᠴᠡᠭᠴᠡᠯᠡᠨ | ᠰᠠᠶᠢᠵᠢᠷᠠᠭᠤᠯᠬᠤ ᠶᠢ ᠠᠳᠬᠤᠬᠤ ᠪᠣᠯ ᠳᠠᠷᠤᠢ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠠᠳᠬᠤᠵᠤ ᠪᠠᠶᠢᠭ᠎ᠠ | ᠶᠠᠪᠤᠳᠠᠯ᠂ ᠳᠠᠷᠤᠢ ᠴᠢᠨᠠᠷ ᠰᠠᠶᠢᠲᠠᠢ ᠬᠥᠭᠵᠢᠯᠲᠡ ᠶᠢ ᠠᠳᠬᠤᠵᠤ ᠪᠠᠶᠢᠭ᠎ᠠ ᠶᠠᠪᠤᠳᠠᠯ ᠪᠤᠯᠬᠤ ᠤᠬᠠᠮᠰᠠᠷ ᠢ ᠪᠠᠲᠤ ᠪᠤᠢ | ᠪᠣᠯᠭᠠᠵᠤ᠂ ᠴᠠᠭᠳᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠶᠢ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠲᠠᠢ | ᠤᠶᠠᠯᠳᠤᠭᠤᠯᠵᠤ᠂ ᠤᠳᠤᠷᠢᠳᠬᠤ ᠪᠠᠭ ᠪᠣᠯᠣᠨ ᠺᠠᠳ᠋ᠷ ᠤᠨ ᠡᠩᠨᠡᠭᠡᠨ ᠤ ᠪᠠᠶᠢᠭᠤᠯᠤᠯᠲᠠ ᠲᠠᠢ ᠤᠶᠠᠯᠳᠤᠭᠤᠯᠵᠤ᠂ | ᠡᠳᠦᠷ ᠳᠤᠳᠤᠮ ᠤᠨ ᠠᠵᠢᠯ ᠪᠠ ᠡᠭᠦᠷᠭᠡ ᠴᠢᠳᠠᠪᠬᠢ ᠡᠭᠦᠷᠭᠡ ᠬᠠᠷᠢᠭᠤᠴᠠᠯᠭ᠎ᠠ ᠳᠤ ᠠᠭᠤᠰᠤᠯᠴᠠᠭᠤᠯᠬᠤ ᠬᠡᠷᠡᠭᠲᠡᠢ︔ | ᠬᠤᠯᠪᠣᠭᠳᠠᠯ ᠪᠦᠬᠦᠢ ᠳᠦᠷᠢᠮ ᠲᠣᠭᠲᠠᠭᠠᠯ ᠢ ᠲᠣᠭᠲᠠᠭᠠᠨ ᠲᠡᠭᠦᠯᠳᠡᠷᠵᠢᠭᠦᠯᠵᠦ᠂ ᠠᠯᠳᠠᠰᠢ ᠭᠠᠷᠬᠤ ᠶᠢ ᠡᠬᠢ | ᠡᠭᠦᠰᠦᠯ ᠠᠴᠠ ᠨᠢ ᠬᠤᠷᠢᠭᠯᠠᠵᠤ᠂ ᠠᠰᠠᠭᠤᠳᠠᠯ ᠳᠠᠬᠢᠨ ᠡᠭᠦᠰᠬᠦ ᠶᠢ ᠰᠡᠷᠭᠡᠶᠢᠯᠡᠵᠦ᠂ ᠲᠣᠭᠤᠷᠢᠨ ᠪᠠᠶᠢᠴᠠᠭᠠᠬᠤ ᠪᠠᠷ | ᠥᠭᠡᠷᠡᠴᠢᠯᠡᠬᠦ ᠶᠢ ᠠᠬᠢᠭᠤᠯᠬᠤ᠂ ᠴᠠᠭᠳᠠᠨ ᠪᠠᠶᠢᠴᠠᠭᠠᠬᠤ ᠪᠠᠷ ᠪᠦᠲᠦᠭᠡᠨ ᠪᠠᠶᠢᠭᠤᠯᠬᠤ ᠶᠢ ᠠᠬᠢᠭᠤᠯᠬᠤ᠂ ᠴᠠᠭᠳᠠᠨ | ᠪᠠᠶᠢᠴᠠᠭᠠᠬᠤ ᠪᠠᠷ ᠵᠠᠰᠠᠬᠤ ᠶᠢ ᠠᠬᠢᠭᠤᠯᠬᠤ ᠶᠢ ᠤᠯᠠᠮ ᠨᠢᠭᠡ ᠠᠯᠬᠤᠮ ᠲᠤᠪᠤᠶᠢᠯᠭᠠᠵᠦ᠂ ᠴᠠᠭᠳᠠᠨ ᠪᠠᠶᠢᠴᠠᠭᠠᠭᠰᠠᠨ | ᠦᠷ᠎ᠡ ᠪᠦᠲᠦᠭᠡᠯ ᠢ ᠬᠠᠮᠤᠭ ᠤᠨ ᠶᠡᠭᠡ ᠪᠣᠯᠭᠠᠬᠤ ᠬᠡᠷᠡᠭᠲᠡᠢ ᠬᠡᠵᠦ ᠱᠠᠭᠠᠷᠳᠠᠪᠠ᠃ | | | ᠤᠷᠴᠢᠭᠤᠯᠤᠭᠴᠢ᠄ ᠬᠠᠨ ᠰᠢᠶᠤᠤ ᠿᠦᠩ | ᠬᠢᠨᠠᠭᠴᠢ᠄ ᠼᠦᠢ ᠶᠢᠩ | |