2025 ᠣᠨ ᠤ ᠴᠠᠭᠠᠨ ᠰᠠᠷ᠎ᠠ ᠶᠢᠨ ᠠᠷᠪᠠᠨ ᠲᠠᠪᠤᠨ ᠤ ᠬᠤᠭᠤᠴᠠᠭᠠᠨ ᠳᠤ ᠮᠠᠨ ᠤ ᠬᠤᠲᠠ ᠶᠢᠨ ᠲᠣᠭᠤᠷᠢᠭ ᠤᠨ ᠬᠡᠰᠡᠭ ᠵᠠᠮ ᠳᠤ ᠵᠠᠮ ᠬᠠᠷᠢᠯᠴᠠᠭᠠᠨ ᠤ ᠵᠠᠬᠢᠷᠤᠨ ᠬᠠᠮᠢᠶᠠᠷᠤᠯᠲᠠ ᠶᠠᠪᠤᠭᠤᠯᠬᠤ ᠲᠤᠬᠠᠢ ᠵᠠᠷᠯᠠᠯ
ᠨᠡᠶᠢᠲᠡᠯᠡᠭᠰᠡᠨ ᠴᠠᠭ᠄
2025/2/11
   2025 ᠣᠨ ᠤ ᠴᠠᠭᠠᠨ ᠰᠠᠷ᠎ᠠ ᠶᠢᠨ ᠠᠷᠪᠠᠨ ᠲᠠᠪᠤᠨ ᠤ ᠬᠤᠭᠤᠴᠠᠭᠠᠨ ᠳᠠᠬᠢ ᠪᠦᠬᠦ ᠬᠤᠲᠠ ᠶᠢᠨ ᠵᠠᠮ ᠬᠠᠷᠢᠯᠴᠠᠭᠠᠨ ᠤ ᠠᠮᠤᠷ ᠲᠦᠪᠰᠢᠨ᠂ ᠰᠠᠭᠠᠳ ᠦᠭᠡᠢ ᠨᠡᠪᠲᠡᠷᠡᠬᠦ᠂ ᠡᠮᠬᠢ ᠳᠢᠭᠯᠢᠮ ᠲᠠᠢ ᠪᠠᠶᠢᠬᠤ ᠶᠢ ᠪᠠᠲᠤᠯᠠᠬᠤ ᠶᠢᠨ ᠲᠥᠯᠥᠭᠡ᠂ ᠡᠶ᠎ᠡ ᠵᠣᠬᠢᠴᠠᠯ ᠲᠠᠢ᠂ ᠪᠠᠶᠠᠷ ᠬᠥᠷ ᠲᠠᠢ ᠠᠭᠤᠷ ᠠᠮᠢᠰᠬᠤᠯ ᠢ ᠪᠣᠶ ᠪᠣᠯᠭᠠᠵᠤ᠂ ᠥᠷᠭᠡᠨ ᠣᠯᠠᠨ ᠲᠦᠮᠡᠨ ᠤ ᠪᠡᠶ᠎ᠡ ᠶᠢᠨ ᠠᠮᠤᠷ ᠲᠦᠪᠰᠢᠨ ᠢ ᠪᠠᠲᠤᠯᠠᠬᠤ ᠪᠠ ᠴᠠᠭᠠᠨ ᠰᠠᠷ᠎ᠠ ᠶᠢᠨ ᠠᠷᠪᠠᠨ ᠲᠠᠪᠤᠨ ᠤ ᠡᠳᠦᠷ ᠤᠨ ᠰᠢᠷᠢᠰ ᠠᠵᠢᠯᠯᠠᠭ᠎ᠠ ᠶᠢ ᠤᠷᠤᠭᠰᠢᠲᠠᠢ ᠶᠠᠪᠤᠬᠳᠠᠭᠤᠯᠬᠤ ᠶᠢᠨ ᠲᠦᠯᠦᠬᠡ᠂ ᠹᠧᠩᠵᠧᠨ ᠬᠤᠲᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ ᠶᠢᠨ ᠬᠢᠨ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠤᠯᠢ︾ ᠵᠡᠷᠭᠡ ᠬᠤᠯᠪᠣᠭᠳᠠᠯ ᠪᠦᠬᠦᠢ ᠬᠠᠤᠯᠢ ᠴᠠᠭᠠᠵᠠ ᠶᠢᠨ ᠲᠣᠭᠲᠠᠭᠠᠯ ᠢ ᠦᠨᠳᠦᠰᠦᠯᠡᠨ᠂ ᠴᠠᠭᠠᠨ ᠰᠠᠷ᠎ᠠ ᠶᠢᠨ ᠬᠤᠭᠤᠴᠠᠭᠠᠨ ᠳᠤ ᠬᠤᠲᠠ ᠶᠢᠨ ᠲᠣᠭᠤᠷᠢᠭ ᠤᠨ ᠬᠡᠰᠡᠭ ᠵᠠᠮ ᠳᠤ ᠲᠦᠷ ᠴᠠᠭ ᠤᠨ ᠵᠠᠮ ᠬᠠᠷᠢᠯᠴᠠᠭᠠᠨ ᠤ ᠵᠠᠬᠢᠷᠤᠨ ᠬᠠᠮᠢᠶᠠᠷᠤᠯᠲᠠ ᠶᠠᠪᠤᠭᠤᠯᠬᠤ ᠪᠠᠷ ᠲᠣᠭᠲᠠᠪᠠ᠃ ᠤᠳᠤ ᠬᠤᠯᠪᠣᠭᠳᠠᠯ ᠪᠦᠬᠦᠢ ᠤᠴᠢᠷ ᠶᠠᠪᠤᠳᠠᠯ ᠢ ᠳᠣᠣᠷᠠᠬᠢ ᠮᠡᠲᠦ ᠵᠠᠷᠯᠠᠶ᠎ᠠ᠄    ᠨᠢᠭᠡ᠂ ᠵᠠᠬᠢᠷᠤᠨ ᠬᠠᠮᠢᠶᠠᠷᠬᠤ ᠴᠠᠭ ᠬᠤᠭᠤᠴᠠᠭ᠎ᠠ ᠵᠢᠴᠢ ᠵᠠᠮ ᠤᠨ ᠬᠡᠰᠡᠭ    ︵ᠨᠢᠭᠡ︶ ᠦᠳᠡ ᠶᠢᠨ ᠡᠮᠦᠨ᠎ᠡ ᠶᠠᠩᠭᠠᠷ ᠤᠨ ᠲᠣᠭᠯᠠᠯᠲᠠ ᠶᠢᠨ ᠵᠠᠬᠢᠷᠤᠨ ᠬᠠᠮᠢᠶᠠᠷᠤᠯᠲᠠ    ᠵᠠᠬᠢᠷᠤᠨ ᠬᠠᠮᠢᠶᠠᠷᠬᠤ ᠴᠠᠭ᠄ 2025 ᠣᠨ ᠤ 2 ᠰᠠᠷ᠎ᠠ ᠶᠢᠨ 12 ᠤᠨ ᠡᠳᠦᠷ ︵ᠴᠠᠭᠠᠨ ᠰᠠᠷ᠎ᠠ ᠶᠢᠨ ᠠᠷᠪᠠᠨ ᠲᠠᠪᠤᠨ︶ ᠤᠨ 08᠄ 00 ︱ 12᠄ 00 ᠴᠠᠭ︔      ᠵᠠᠬᠢᠷᠤᠨ ᠬᠠᠮᠢᠶᠠᠷᠬᠤ ᠵᠠᠮ ᠤᠨ ᠬᠡᠰᠡᠭ᠄ 1. ᠬᠤᠨ ᠶᠤᠸᠠᠨ ᠶᠣᠣ ᠵᠠᠮ ︵ᠵᠠᠮ ᠬᠠᠷᠢᠯᠴᠠᠭᠠᠨ ᠤ ᠴᠠᠭᠳᠠᠭ᠎ᠠ ᠶᠢᠨ ᠠᠩᠭᠢ ᠶᠢᠨ ᠡᠭᠦᠳᠡ ᠠᠴᠠ ᠯᠢ ᠶᠤᠸᠠᠨ ᠬᠦᠷᠬᠦ ᠲᠣᠨᠣᠯᠵᠢᠨ ᠵᠠᠮ︶ 2. ᠶᠢᠩ ᠪᠢᠨ ᠶᠡᠭᠡ ᠵᠡᠭᠡᠯᠢ ︵ᠯᠢ ᠶᠤᠸᠠᠨ ᠲᠣᠨᠣᠯᠵᠢᠨ ᠵᠠᠮ ᠠᠴᠠ ᠰᠢᠭᠦᠬᠦ ᠬᠤᠷᠢᠶ᠎ᠠ ᠶᠢᠨ ᠲᠣᠨᠣᠯᠵᠢᠨ ᠵᠠᠮ︶᠃      ︵ᠬᠤᠶᠠᠷ︶ ᠣᠷᠣᠢ ᠶᠢᠨ ᠬᠤᠸᠠᠷ ᠫᠤᠤᠵᠢᠩ ᠤᠨ ᠦᠵᠡᠭᠦᠯᠦᠯᠭᠡ ᠶᠢᠨ ᠵᠠᠬᠢᠷᠤᠨ ᠬᠠᠮᠢᠶᠠᠷᠤᠯᠲᠠ    ᠵᠠᠬᠢᠷᠤᠨ ᠬᠠᠮᠢᠶᠠᠷᠬᠤ ᠴᠠᠭ᠄ 2025 ᠣᠨ ᠤ 2 ᠰᠠᠷ᠎ᠠ ᠶᠢᠨ 12 ᠤᠨ ᠡᠳᠦᠷ ᠤᠨ 18᠄ 00 ︱ 22᠄ 00 ᠴᠠᠭ︔      ᠵᠠᠬᠢᠷᠤᠨ ᠬᠠᠮᠢᠶᠠᠷᠬᠤ ᠵᠠᠮ ᠤᠨ ᠬᠡᠰᠡᠭ᠄ 1. ᠶᠢᠩ ᠪᠢᠨ ᠶᠡᠭᠡ ᠵᠡᠭᠡᠯᠢ ︵ᠺᠠᠶᠢᠳᠢᠰ ᠤᠨ ᠲᠣᠨᠣᠯᠵᠢᠨ ᠵᠠᠮ ᠠᠴᠠ ᠰᠢᠭᠦᠬᠦ ᠬᠤᠷᠢᠶᠠᠨ ᠤ ᠲᠣᠨᠣᠯᠵᠢᠨ ᠵᠠᠮ︶ 2. ᠵᠠᠰᠠᠭ ᠤᠨ ᠣᠷᠳᠣᠨ ᠤ ᠲᠠᠯᠠᠪᠠᠶ ᠶᠢᠨ ᠵᠡᠭᠦᠨ ᠪᠠᠷᠠᠭᠤᠨ ᠬᠤᠶᠠᠷ ᠬᠠᠵᠠᠭᠤ ᠶᠢᠨ ᠵᠠᠮ᠃    ᠬᠤᠶᠠᠷ᠂ ᠪᠣᠳᠠᠲᠠᠢ ᠬᠠᠮᠢᠶᠠᠷᠬᠤ ᠠᠷᠭ᠎ᠠ ᠬᠡᠮᠵᠢᠶ᠎ᠡ    ︵ᠨᠢᠭᠡ︶ ᠦᠳᠡ ᠶᠢᠨ ᠡᠮᠦᠨᠡᠬᠢ ᠶᠠᠩᠭᠠᠷ ᠤᠨ ᠲᠣᠭᠯᠠᠯᠲᠠ ᠶᠢᠨ ᠵᠠᠬᠢᠷᠤᠨ ᠬᠠᠮᠢᠶᠠᠷᠬᠤ ᠠᠷᠭ᠎ᠠ ᠬᠡᠮᠵᠢᠶ᠎ᠡ    1. ᠬᠤᠨ ᠶᠤᠸᠠᠨ ᠶᠣᠣ ᠵᠠᠮ ︵ᠵᠠᠮ ᠬᠠᠷᠢᠯᠴᠠᠭᠠᠨ ᠤ ᠴᠠᠭᠳᠠᠭ᠎ᠠ ᠶᠢᠨ ᠠᠩᠭᠢ ᠶᠢᠨ ᠡᠭᠦᠳᠡ ᠠᠴᠠ ᠯᠢ ᠶᠤᠸᠠᠨ ᠬᠦᠷᠬᠦ ᠲᠣᠨᠣᠯᠵᠢᠨ ᠵᠠᠮ︶᠄    ᠵᠠᠮ ᠤᠨ ᠬᠠᠯᠬᠠᠪᠴᠢ ᠬᠡᠷᠡᠰᠬᠡ ᠶᠢᠨ ᠵᠡᠭᠦᠨ ᠲᠠᠯ᠎ᠠ ᠳᠤ ᠨᠡᠶᠢᠭᠡᠮ ᠤᠨ ᠲᠡᠷᠭᠡ ᠬᠥᠰᠬᠡ ᠨᠡᠪᠲᠡᠷᠡᠬᠦ ᠶᠢ ᠴᠠᠭᠠᠵᠠᠯᠠᠨ᠎ᠠ᠃    ᠵᠠᠮ ᠤᠨ ᠬᠠᠵᠠᠭᠤ ᠳᠤ ᠨᠡᠶᠢᠭᠡᠮ ᠤᠨ ᠲᠡᠷᠭᠡ ᠬᠥᠰᠬᠡ ᠵᠣᠭᠰᠤᠭᠠᠬᠤ ᠶᠢ ᠴᠠᠭᠠᠵᠠᠯᠠᠨ᠎ᠠ᠃    2. ᠯᠢ ᠶᠤᠸᠠᠨ ᠤ ᠲᠣᠨᠣᠯᠵᠢᠨ ᠵᠠᠮ᠄ ᠨᠡᠶᠢᠭᠡᠮ ᠤᠨ ᠲᠡᠷᠭᠡ ᠬᠥᠰᠬᠡ ᠨᠡᠪᠲᠡᠷᠡᠬᠦ ᠶᠢ ᠴᠠᠭᠠᠵᠠᠯᠠᠨ᠎ᠠ᠃    3. ᠺᠠᠶᠢᠳᠢᠰ ᠤᠨ ᠲᠣᠨᠣᠯᠵᠢᠨ ᠵᠠᠮ᠄ ᠨᠡᠶᠢᠭᠡᠮ ᠤᠨ ᠲᠡᠷᠭᠡ ᠬᠥᠰᠬᠡ ᠨᠡᠪᠲᠡᠷᠡᠬᠦ ᠶᠢ ᠴᠠᠭᠠᠵᠠᠯᠠᠨ᠎ᠠ᠃    4. ᠵᠠᠰᠠᠭ ᠤᠨ ᠣᠷᠳᠣᠨ ᠤ ᠠᠭᠤᠳᠠᠮ ᠲᠠᠯᠠᠪᠠᠶ ᠶᠢᠨ ᠵᠡᠭᠦᠨ ᠬᠠᠵᠠᠭᠤ ᠶᠢᠨ ᠵᠠᠮ ᠤᠨ ᠠᠭᠤᠯᠵᠠᠷ᠄ ᠨᠡᠶᠢᠭᠡᠮ ᠤᠨ ᠲᠡᠷᠭᠡ ᠬᠥᠰᠬᠡ ᠶᠢᠨ ᠡᠮᠦᠨ᠎ᠡ ᠠᠴᠠ ᠤᠮᠠᠷᠠᠰᠢ ᠶᠢᠩ ᠪᠢᠨ ᠶᠡᠭᠡ ᠵᠡᠭᠡᠯᠢ ᠳᠤ ᠣᠷᠣᠬᠤ ᠶᠢ ᠴᠠᠭᠠᠵᠠᠯᠠᠨ᠎ᠠ᠃    5. ᠵᠠᠰᠠᠭ ᠤᠨ ᠣᠷᠳᠣᠨ ᠤ ᠠᠭᠤᠳᠠᠮ ᠲᠠᠯᠠᠪᠠᠶ ᠶᠢᠨ ᠪᠠᠷᠠᠭᠤᠨ ᠲᠠᠯ᠎ᠠ ᠶᠢᠨ ᠵᠠᠮ ᠤᠨ ᠠᠭᠤᠯᠵᠠᠷ᠄ ᠨᠡᠶᠢᠭᠡᠮ ᠤᠨ ᠲᠡᠷᠭᠡ ᠬᠥᠰᠬᠡ ᠶᠢᠨ ᠡᠮᠦᠨ᠎ᠡ ᠠᠴᠠ ᠤᠮᠠᠷᠠᠰᠢ ᠶᠢᠩ ᠪᠢᠨ ᠶᠡᠭᠡ ᠵᠡᠭᠡᠯᠢ ᠳᠤ ᠣᠷᠣᠵᠤ ᠪᠣᠯᠬᠤ ᠦᠭᠡᠢ᠃    6. ᠬᠤᠲᠠ ᠶᠢᠨ ᠵᠠᠰᠠᠭ ᠤᠨ ᠣᠷᠳᠣᠨ ᠤ ᠪᠠᠷᠠᠭᠤᠨ ᠲᠠᠯ᠎ᠠ ᠶᠢᠨ ᠵᠠᠮ ᠤᠨ ᠠᠭᠤᠯᠵᠠᠷ᠄ ᠨᠡᠶᠢᠭᠡᠮ ᠤᠨ ᠲᠡᠷᠭᠡ ᠬᠥᠰᠬᠡ ᠶᠢᠨ ᠬᠤᠶᠢᠨ᠎ᠠ ᠠᠴᠠ ᠡᠮᠦᠨᠡᠰᠢ ᠶᠢᠩ ᠪᠢᠨ ᠶᠡᠭᠡ ᠵᠡᠭᠡᠯᠢ ᠳᠤ ᠣᠷᠣᠬᠤ ᠶᠢ ᠴᠠᠭᠠᠵᠠᠯᠠᠨ᠎ᠠ᠃    7. ᠰᠢᠭᠦᠬᠦ ᠬᠤᠷᠢᠶᠠᠨ ᠤ ᠲᠣᠨᠣᠯᠵᠢᠨ ᠵᠠᠮ᠄ ᠨᠡᠶᠢᠭᠡᠮ ᠤᠨ ᠮᠠᠰᠢᠨ ᠲᠡᠷᠭᠡ ᠪᠠᠷᠠᠭᠤᠨ ᠠᠴᠠ ᠵᠡᠭᠦᠨᠰᠢ ᠶᠢᠩ ᠪᠢᠨ ᠶᠡᠭᠡ ᠵᠡᠭᠡᠯᠢ ᠳᠤ ᠣᠷᠣᠵᠤ ᠪᠣᠯᠬᠤ ᠦᠭᠡᠢ᠃    ︵ᠬᠤᠶᠠᠷ︶ ᠣᠷᠣᠢ ᠶᠢᠨ ᠬᠤᠸᠠᠷ ᠫᠤᠤᠵᠢᠩ ᠤᠨ ᠵᠠᠬᠢᠷᠤᠨ ᠬᠠᠮᠢᠶᠠᠷᠬᠤ ᠠᠷᠭ᠎ᠠ ᠬᠡᠮᠵᠢᠶ᠎ᠡ    1. ᠶᠢᠩ ᠪᠢᠨ ᠶᠡᠭᠡ ᠵᠡᠭᠡᠯᠢ ︵ᠺᠠᠶᠢᠳᠢᠰ ᠤᠨ ᠲᠣᠨᠣᠯᠵᠢᠨ ᠵᠠᠮ ᠠᠴᠠ ᠰᠢᠭᠦᠬᠦ ᠬᠤᠷᠢᠶ᠎ᠠ ᠶᠢᠨ ᠲᠣᠨᠣᠯᠵᠢᠨ ᠵᠠᠮ︶᠄ ᠨᠡᠶᠢᠭᠡᠮ ᠤᠨ ᠲᠡᠷᠭᠡ ᠬᠥᠰᠬᠡ ᠨᠡᠪᠲᠡᠷᠡᠬᠦ ᠶᠢ ᠴᠠᠭᠠᠵᠠᠯᠠᠨ᠎ᠠ᠃    2. ᠵᠠᠰᠠᠭ ᠤᠨ ᠣᠷᠳᠣᠨ ᠤ ᠠᠭᠤᠳᠠᠮ ᠲᠠᠯᠠᠪᠠᠶ ᠶᠢᠨ ᠵᠡᠭᠦᠨ ᠪᠠᠷᠠᠭᠤᠨ ᠬᠤᠶᠠᠷ ᠲᠠᠯ᠎ᠠ ᠶᠢᠨ ᠵᠠᠮ᠄ ᠨᠡᠶᠢᠭᠡᠮ ᠤᠨ ᠲᠡᠷᠭᠡ ᠬᠥᠰᠬᠡ ᠶᠢ ᠵᠣᠭᠰᠤᠭᠠᠬᠤ ᠶᠢ ᠴᠠᠭᠠᠵᠠᠯᠠᠨ᠎ᠠ᠃    3. ᠺᠠᠶᠢᠳᠢᠰ ᠤᠨ ᠲᠣᠨᠣᠯᠵᠢᠨ ᠵᠠᠮ᠄ ᠵᠡᠭᠦᠨ ᠠᠴᠠ ᠪᠠᠷᠠᠭᠤᠨᠰᠢ ᠴᠢᠭᠯᠡᠯ ᠢ ᠪᠢᠲᠡᠭᠦᠮᠵᠢᠯᠡᠨ᠎ᠡ᠃    4. ᠰᠢᠭᠦᠬᠦ ᠬᠤᠷᠢᠶᠠᠨ ᠤ ᠲᠣᠨᠣᠯᠵᠢᠨ ᠵᠠᠮ ᠤᠨ ᠠᠭᠤᠯᠵᠠᠷ᠄ ᠪᠠᠷᠠᠭᠤᠨ ᠠᠴᠠ ᠵᠡᠭᠦᠨᠰᠢ ᠴᠢᠭᠯᠡᠯ ᠢ ᠪᠢᠲᠡᠭᠦᠮᠵᠢᠯᠡᠨ᠎ᠡ᠃    ᠭᠤᠷᠪᠠ᠂ ᠭᠠᠳᠠᠭᠰᠢ ᠭᠠᠷᠬᠤ ᠰᠠᠨᠠᠭᠤᠯᠤᠮᠵᠢ    1. ᠶᠠᠪᠤᠵᠤ ᠰᠠᠭᠤᠬᠤ ᠪᠠᠨ ᠤᠷᠢᠳᠴᠢᠯᠠᠨ ᠲᠥᠯᠥᠪᠵᠢᠭᠦᠯᠦᠨ᠎ᠡ᠄ ᠵᠠᠮ ᠳᠠᠭᠠᠤ ᠶᠢᠨ ᠨᠢᠭᠡᠴᠡ᠂ ᠬᠤᠳᠠᠯᠳᠤᠭᠠᠨ ᠤ ᠫᠦᠰᠡ ᠪᠣᠯᠣᠨ ᠰᠠᠭᠤᠭᠠᠯᠢ ᠠᠷᠠᠳ ᠶᠠᠪᠤᠵᠤ ᠰᠠᠭᠤᠬᠤ ᠵᠠᠮ ᠱᠤᠭᠤᠮ ᠢᠶᠠᠨ ᠤᠷᠢᠳᠴᠢᠯᠠᠨ ᠲᠥᠯᠥᠪᠵᠢᠭᠦᠯᠵᠦ᠂ ᠲᠣᠭᠤᠷᠢᠨ ᠶᠠᠪᠤᠬᠤ ᠶᠢ ᠵᠦᠢ ᠵᠣᠬᠢᠰᠲᠠᠢ ᠲᠣᠬᠢᠷᠠᠭᠤᠯᠤᠨ᠂ ᠵᠠᠬᠢᠷᠤᠨ ᠬᠠᠮᠢᠶᠠᠷᠴᠤ ᠪᠠᠶᠢᠭ᠎ᠠ ᠵᠠᠮ ᠤᠨ ᠬᠡᠰᠡᠭ ᠠᠴᠠ ᠠᠯᠢ ᠴᠢᠳᠠᠬᠤ ᠪᠠᠷ ᠵᠠᠶᠢᠯᠠᠭᠤᠯᠤᠨ᠎ᠠ᠃    2. ᠲᠤᠬᠠᠢ ᠶᠢᠨ ᠲᠠᠯᠠᠪᠠᠢ ᠶᠢᠨ ᠵᠢᠯᠣᠭᠤᠳᠤᠯᠭ᠎ᠠ ᠶᠢ ᠲᠠᠭᠠᠬᠤ ᠬᠡᠷᠡᠭᠳᠡᠢ᠄ ᠵᠠᠬᠢᠷᠤᠨ ᠬᠠᠮᠢᠶᠠᠷᠴᠤ ᠪᠠᠶᠢᠭ᠎ᠠ ᠬᠤᠭᠤᠴᠠᠭᠠᠨ ᠳᠤ᠂ ᠨᠠᠰᠢ ᠴᠠᠰᠢ ᠥᠩᠭᠡᠷᠡᠬᠦ ᠲᠡᠷᠭᠡ ᠬᠥᠰᠬᠡ ᠨᠢ ᠲᠤᠬᠠᠢ ᠶᠢᠨ ᠲᠠᠯᠠᠪᠠᠢ ᠶᠢᠨ ᠵᠠᠮ ᠬᠠᠷᠢᠯᠴᠠᠭᠠᠨ ᠤ ᠴᠠᠭᠳᠠᠭ᠎ᠠ ᠶᠢᠨ ᠵᠢᠯᠣᠭᠤᠳᠤᠯᠭ᠎ᠠ ᠶᠢ ᠲᠠᠭᠠᠵᠤ᠂ ᠵᠠᠮ ᠬᠠᠷᠢᠯᠴᠠᠭᠠᠨ ᠤ ᠲᠡᠮᠳᠡᠭ ᠤᠨ ᠵᠢᠭᠠᠪᠤᠷᠢ ᠶᠣᠰᠣᠭᠠᠷ ᠡᠮᠬᠢ ᠵᠢᠷᠤᠮ ᠲᠠᠢ ᠪᠠᠷ ᠨᠡᠪᠲᠡᠷᠡᠬᠦ ᠬᠡᠷᠡᠭᠲᠡᠢ᠃    3. ᠵᠠᠮ ᠬᠠᠷᠢᠯᠴᠠᠭᠠᠨ ᠤ ᠬᠠᠤᠯᠢ ᠲᠣᠭᠲᠠᠭᠠᠯ ᠢ ᠵᠢᠷᠤᠮᠯᠠᠨ ᠰᠠᠬᠢᠬᠤ ᠬᠡᠷᠡᠭᠲᠡᠢ᠄ ᠥᠷᠭᠡᠨ ᠣᠯᠠᠨ ᠬᠤᠲᠠ ᠶᠢᠨ ᠠᠷᠠᠳ ᠵᠠᠮ ᠬᠠᠷᠢᠯᠴᠠᠭᠠᠨ ᠤ ᠵᠠᠬᠢᠷᠤᠨ ᠬᠠᠮᠢᠶᠠᠷᠬᠤ ᠲᠣᠭᠲᠠᠭᠠᠯ ᠢ ᠤᠬᠠᠮᠰᠠᠷ ᠠᠴᠠ ᠪᠠᠨ ᠵᠢᠷᠤᠮᠯᠠᠨ ᠰᠠᠬᠢᠵᠤ᠂ ᠵᠠᠬᠢᠷᠤᠨ ᠬᠠᠮᠢᠶᠠᠷᠬᠤ ᠣᠷᠣᠨ ᠳᠤ ᠳᠤᠷ᠎ᠠ ᠪᠠᠷ ᠢᠶᠠᠨ ᠲᠡᠷᠭᠡ ᠵᠣᠭᠰᠤᠭᠠᠬᠤ ᠪᠤᠶᠤ ᠰᠦᠯᠵᠢᠯᠳᠦᠵᠦ ᠪᠣᠯᠬᠤ ᠦᠭᠡᠢ᠃    4. ᠠᠮᠤᠷ ᠲᠦᠪᠰᠢᠨ ᠢ ᠠᠩᠬᠠᠷᠬᠤ ᠬᠡᠷᠡᠭᠲᠡᠢ᠄ ᠬᠤᠸᠠᠷ ᠫᠤᠤᠵᠢᠩ ᠤᠨ ᠦᠵᠡᠭᠦᠯᠦᠯᠭᠡ ᠶᠢᠨ ᠬᠤᠭᠤᠴᠠᠭᠠᠨ ᠳᠤ ᠬᠥᠮᠥᠨ ᠬᠠᠷ᠎ᠠ ᠬᠤᠷᠠᠨ ᠴᠤᠭᠯᠠᠷᠠᠳᠠᠭ ᠪᠣᠯᠬᠤᠷ ᠥᠷᠭᠡᠨ ᠣᠯᠠᠨ ᠬᠤᠲᠠ ᠶᠢᠨ ᠠᠷᠠᠳ ᠥᠪᠡᠷ ᠤᠨ ᠠᠮᠤᠷ ᠲᠦᠪᠰᠢᠨ ᠢᠶᠠᠨ ᠠᠩᠬᠠᠷᠴᠤ᠂ ᠨᠠᠰᠤᠲᠠᠶᠢᠴᠤᠳ ᠪᠠ ᠬᠡᠦᠬᠡᠳ ᠢ ᠰᠠᠶᠢᠲᠤᠷ ᠬᠠᠷᠠᠭᠠᠯᠵᠠᠭᠠᠷᠠᠢ᠃    ᠳᠥᠷᠪᠡ᠂ ᠬᠠᠯᠠᠭᠤᠨ ᠳᠣᠲᠣᠨᠣ ᠰᠠᠨᠠᠭᠤᠯᠤᠮᠵᠢ    1. ᠪᠣᠬᠢᠷᠲᠤᠯ ᠦᠭᠡᠢ ᠪᠠᠷ ᠭᠠᠳᠠᠭᠰᠢ ᠭᠠᠷᠬᠤ᠄ ᠥᠷᠭᠡᠨ ᠣᠯᠠᠨ ᠬᠤᠲᠠ ᠶᠢᠨ ᠠᠷᠠᠳ ᠠᠯᠢ ᠴᠢᠳᠠᠬᠤ ᠪᠠᠷ ᠶᠠᠪᠠᠭᠠᠨ ᠶᠠᠪᠤᠬᠤ ᠪᠤᠶᠤ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠪᠠᠭᠠᠵᠢ ᠬᠡᠷᠡᠭᠰᠡᠯ ᠳᠤ ᠰᠠᠭᠤᠵᠤ ᠭᠠᠳᠠᠭᠰᠢ ᠭᠠᠷᠬᠤ ᠶᠢ ᠰᠠᠨᠠᠭᠤᠯᠤᠨ᠎ᠠ᠃    2. ᠪᠣᠯᠪᠠᠰᠤᠨ ᠦᠵᠡᠭᠦᠯᠦᠯᠭᠡ ᠶᠢᠨ ᠲᠣᠭᠯᠠᠯᠲᠠ᠄ ᠶᠠᠩᠭᠠᠷ ᠪᠥᠵᠢᠭ ᠤᠨ ᠲᠣᠭᠯᠠᠯᠲᠠ᠂ ᠴᠢᠮᠡᠭᠲᠦ ᠲᠡᠷᠭᠡᠨ ᠤ ᠦᠵᠡᠭᠦᠯᠦᠯᠭᠡ ᠪᠠ ᠬᠤᠸᠠᠷ ᠫᠤᠤᠵᠢᠩ ᠤᠨ ᠦᠵᠡᠭᠦᠯᠦᠯᠭᠡ ᠶᠢ ᠰᠣᠨᠢᠷᠬᠠᠬᠤ ᠳᠠᠭᠠᠨ ᠣᠯᠠᠨ ᠨᠡᠶᠢᠲᠡ ᠶᠢᠨ ᠡᠮᠬᠢ ᠵᠢᠷᠤᠮ ᠢ ᠤᠬᠠᠮᠰᠠᠷ ᠠᠴᠠ ᠪᠠᠨ ᠰᠠᠬᠢᠬᠤ ᠬᠡᠷᠡᠭᠲᠡᠢ᠃    3. ᠪᠠᠴᠢᠮ ᠪᠠᠶᠢᠳᠠᠯ᠄ ᠬᠡᠷᠪᠡ ᠪᠠᠴᠢᠮ ᠪᠠᠶᠢᠳᠠᠯ ᠲᠣᠬᠢᠶᠠᠯᠳᠤᠪᠠᠯ ᠴᠠᠭ ᠲᠤᠬᠠᠢ ᠳᠤᠨᠢ 110 ᠴᠠᠭᠳᠠᠭ᠎ᠠ ᠳᠤ ᠮᠡᠳᠡᠭᠦᠯᠬᠦ ᠤᠲᠠᠰᠤ ᠠᠪᠬᠤ ᠪᠤᠶᠤ ᠲᠤᠬᠠᠢ ᠶᠢᠨ ᠲᠠᠯᠠᠪᠤᠷ ᠤᠨ ᠵᠠᠮ ᠬᠠᠷᠢᠯᠴᠠᠭᠠᠨ ᠤ ᠴᠠᠭᠳᠠᠭ᠎ᠠ ᠠᠴᠠ ᠲᠤᠰᠠᠯᠠᠮᠵᠢ ᠭᠤᠶᠤᠨ᠎ᠠ᠃    ᠵᠠᠮ ᠬᠠᠷᠢᠯᠴᠠᠭᠠᠨ ᠤ ᠲᠦᠷ ᠴᠠᠭ ᠤᠨ ᠵᠠᠬᠢᠷᠤᠨ ᠬᠠᠮᠢᠶᠠᠷᠤᠯᠲᠠ ᠶᠢᠨ ᠬᠤᠭᠤᠴᠠᠭᠠᠨ ᠳᠤ ᠲᠠᠨ ᠳᠤ ᠰᠠᠭᠠᠳ ᠤᠴᠠᠷᠠᠭᠤᠯᠤᠭᠰᠠᠨ ᠳᠤ ᠣᠶᠢᠯᠠᠭᠠᠵᠤ ᠳᠡᠮᠵᠢᠬᠦ ᠪᠣᠯᠪᠠᠤ᠃ ᠪᠢᠳᠡ ᠭᠠᠷ ᠬᠤᠯᠪᠣᠯᠴᠠᠨ ᠠᠮᠤᠷ ᠲᠦᠪᠰᠢᠨ᠂ ᠪᠠᠶᠠᠷ ᠪᠠᠶᠠᠰᠬᠤᠯᠠᠩ ᠲᠠᠢ᠂ ᠥᠯᠵᠡᠢ ᠪᠡᠯᠭᠡ ᠲᠠᠢ ᠴᠠᠭᠠᠨ ᠰᠠᠷ᠎ᠠ ᠶᠢᠨ ᠠᠷᠪᠠᠨ ᠲᠠᠪᠤᠨ ᠢᠶᠠᠨ ᠬᠠᠮᠳᠤᠪᠠᠷ ᠥᠩᠭᠡᠷᠡᠭᠦᠯᠦᠶ᠎ᠡ︕ ᠡᠭᠦᠨ᠎ᠡ ᠣᠨᠴᠠᠭᠠᠶᠢᠯᠠᠨ ᠵᠠᠷᠯᠠᠪᠠ                 ᠹᠧᠩᠵᠧᠨ ᠬᠤᠲᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ                                     2025 ᠣᠨ ᠤ 2 ᠰᠠᠷ᠎ᠠ ᠶᠢᠨ 10 ᠤ ᠡᠳᠦᠷ        ᠤᠷᠴᠢᠭᠤᠯᠤᠭᠴᠢ᠄ ᠬᠠᠨ ᠰᠢᠶᠤᠤ ᠿᠦᠩ        ᠬᠢᠨᠠᠭᠴᠢ᠄ ᠼᠦᠢ ᠶᠢᠩ
 
ᠢᠷᠡᠯᠲᠡ᠄ ᠠᠮᠢᠵᠢᠷᠠᠯ ᠪᠢᠯᠬᠠᠭᠰᠠᠨ ᠹᠧᠩᠵᠧᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000072号-3