ᠶᠠᠭᠠᠷᠠᠯᠲᠠᠢ ᠪᠣᠯᠪᠠᠰᠤᠷᠠᠵᠤ ᠳᠠᠭᠤᠯᠠᠨ ᠪᠥᠵᠢᠭᠯᠡᠵᠦ ᠴᠠᠭᠠᠨ ᠰᠠᠷ᠎ᠠ ᠶᠢᠨ ᠠᠷᠪᠠᠨ ᠲᠠᠪᠤᠨ ᠢᠶᠠᠨ ᠤᠬᠳᠤᠨ᠎ᠠ
ᠨᠡᠶᠢᠲᠡᠯᠡᠭᠰᠡᠨ ᠴᠠᠭ᠄
2025/2/11
  ᠣᠶᠢᠷ᠎ᠠ ᠳᠤ᠂ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ᠂ ᠤᠯᠠᠭᠠᠨᠮᠥ᠋ᠴᠢᠷ ᠵᠡᠷᠭᠡ ᠨᠢᠭᠡᠴᠡ ᠶᠢᠨ ᠵᠣᠬᠢᠶᠠᠨ ᠪᠠᠶᠢᠭᠤᠯᠤᠭᠰᠠᠨ ᠶᠠᠩᠭᠠᠷ ᠪᠦᠵᠢᠭ ᠤᠨ ᠤᠷᠠᠨ ᠰᠠᠶᠢᠬᠠᠨ ᠤ ᠲᠣᠭᠯᠠᠯᠲᠠ ᠶᠢᠨ ᠠᠩᠭᠢ ᠶᠢᠨ ᠬᠢᠨ ᠶᠠᠭ ᠶᠠᠭᠠᠷᠠᠯᠲᠠᠢ ᠪᠣᠯᠪᠠᠰᠤᠷᠠᠵᠤ᠂ ᠴᠠᠭᠠᠨ ᠰᠠᠷ᠎ᠠ ᠶᠢᠨ ᠠᠷᠪᠠᠨ ᠲᠠᠪᠤᠨ ᠢ ᠤᠭᠳᠤᠨ᠎ᠠ᠃
   ᠪᠤᠯᠪᠠᠰᠤᠷᠠᠭᠤᠯᠤᠯ ᠤᠨ ᠲᠤᠬᠠᠢ ᠶᠢᠨ ᠲᠠᠯᠠᠪᠠᠢ ᠳᠤ᠂ ᠲᠣᠭᠯᠠᠯᠲᠠ ᠳᠤ ᠣᠷᠣᠯᠴᠠᠭᠰᠠᠨ ᠭᠡᠰᠢᠭᠦᠳ ᠪᠠᠶᠠᠷ ᠬᠦᠷ ᠲᠠᠢ ᠬᠡᠩᠭᠡᠷᠭᠡ ᠶᠢᠨ ᠲᠠᠭᠤᠨ ᠢ ᠲᠠᠭᠠᠵᠦ᠂ ᠨᠠᠮᠤᠭᠤᠬᠠᠨ ᠬᠠᠷᠠᠶᠢᠵᠤ᠂ ᠢᠷᠠᠭᠤ ᠰᠠᠶᠢᠬᠠᠨ ᠡᠷᠭᠢᠯᠳᠦᠵᠦ᠂ ᠭᠠᠷ ᠲᠠᠬᠢ ᠥᠩᠭᠡᠲᠦ ᠲᠣᠷᠭ᠎ᠠ ᠪᠠᠨ ᠳᠡᠭᠡᠭᠰᠢ ᠳᠣᠷᠣᠭᠰᠢ ᠬᠦᠳᠡᠯᠭᠡᠵᠦ᠂ ᠤᠯᠠᠨ ᠢᠶᠠᠷ ᠢᠶᠠᠨ ᠣᠷᠭᠢᠯᠤᠮ᠎ᠠ ᠬᠠᠯᠠᠭᠤᠨ ᠰᠡᠳᠬᠢᠯᠭᠡ ᠪᠠ ᠴᠤᠭ ᠵᠢᠪᠬᠤᠭ᠎ᠠ ᠪᠠᠷ ᠪᠢᠯᠬᠠᠵᠤ᠂ ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠪᠣᠯᠪᠠᠰᠤᠷᠠᠵᠤ ᠪᠠᠶᠢᠯ᠎ᠠ᠃ ᠭᠡᠰᠢᠭᠦᠳ ᠴᠠᠭᠠᠨ ᠰᠠᠷ᠎ᠠ ᠶᠢᠨ ᠠᠷᠪᠠᠨ ᠲᠠᠪᠤᠨ ᠤ ᠪᠠᠶᠠᠷ ᠤᠨ ᠠᠵᠢᠯᠯᠠᠭ᠎ᠠ ᠳᠤ ᠬᠠᠮᠤᠭ ᠤᠨ ᠰᠠᠶᠢᠨ ᠤᠶᠤᠨ ᠰᠠᠨᠠᠭᠠᠨ ᠤ ᠳᠦᠷᠰᠦ ᠪᠠᠶᠢᠳᠠᠯ ᠢᠶᠠᠷ ᠹᠧᠩᠵᠧᠨ ᠤ ᠠᠷᠠᠳ ᠲᠦᠮᠡᠨ ᠤ ᠴᠤᠭ ᠪᠠᠳᠠᠷᠠᠩᠭᠤᠢ ᠥᠭᠡᠳᠡᠯᠡᠨ ᠲᠠᠪᠰᠢᠬᠤ ᠤᠶᠤᠨ ᠰᠠᠨᠠᠭᠠᠨ ᠤ ᠳᠦᠷᠰᠦ ᠪᠠᠶᠢᠳᠠᠯ ᠢ ᠢᠯᠡᠷᠡᠭᠦᠯᠬᠦ ᠪᠠᠷ ᠪᠡᠯᠡᠳᠬᠡᠵᠦ ᠪᠠᠶᠢᠨ᠎ᠠ᠃
   ᠴᠠᠭᠠᠨ ᠰᠠᠷ᠎ᠠ ᠶᠢᠨ ᠠᠷᠪᠠᠨ ᠲᠠᠪᠤᠨ ᠤ ᠥᠯᠵᠡᠶᠢᠲᠦ ᠡᠳᠦᠷ ᠲᠤ᠂ ᠡᠨᠡᠬᠦ ᠠᠮᠢᠵᠢᠷᠠᠯ ᠤᠨ ᠬᠦᠴᠦᠨ ᠢᠶᠠᠷ ᠪᠢᠯᠬᠠᠭᠰᠠᠨ ᠶᠠᠩᠭᠠᠷ ᠪᠥᠵᠢᠭ ᠤᠨ ᠵᠢᠭᠰᠠᠭᠠᠯ ᠨᠢ ᠬᠤᠲᠠ ᠶᠢᠨ ᠲᠥᠪ ᠤᠨ ᠭᠤᠣᠯ ᠵᠡᠭᠡᠯᠢ ᠭᠤᠳᠤᠮᠵᠢ ᠵᠢᠴᠢ ᠠᠭᠤᠳᠠᠮ ᠲᠠᠯᠠᠪᠠᠶ ᠳᠤ ᠭᠤᠶᠢᠳᠠ ᠰᠠᠶᠢᠬᠠᠨ ᠲᠣᠭᠯᠠᠯᠲᠠ ᠭᠠᠷᠭᠠᠵᠤ᠂ ᠥᠷᠭᠡᠨ ᠣᠯᠠᠨ ᠬᠤᠲᠠ ᠶᠢᠨ ᠠᠷᠠᠳ ᠲᠤ ᠦᠵᠡᠵᠦ ᠰᠣᠨᠣᠰᠬᠤ ᠰᠣᠶᠣᠯ ᠤᠨ ᠦᠪᠡᠳᠡᠭᠰᠢ ᠨᠠᠶᠢᠷ ᠢ ᠡᠷᠭᠦᠨ᠂ ᠪᠠᠶᠠᠷ ᠪᠠᠶᠠᠰᠤᠯ ᠤᠨ ᠳᠤᠮᠳᠠ ᠴᠠᠭᠠᠨ ᠰᠠᠷ᠎ᠠ ᠶᠢᠨ ᠠᠭᠤᠷ ᠠᠮᠢᠰᠬᠤᠯ ᠪᠠ ᠤᠯᠠᠮᠵᠢᠯᠠᠯᠲᠤ ᠠᠷᠠᠳ ᠤᠨ ᠰᠣᠶᠣᠯ ᠤᠨ ᠥᠪᠡᠷᠮᠢᠴᠡ ᠷᠢᠳᠢ ᠰᠢᠳᠢ ᠶᠢ ᠬᠥᠮᠥᠰ ᠲᠤ ᠮᠡᠳᠡᠷᠡᠭᠦᠯᠬᠦ ᠪᠣᠯᠣᠨ᠎ᠠ᠃       ᠵᠣᠬᠢᠶᠠᠭᠴᠢ᠄ ᠬᠤᠤ ᠴᠧᠨ ᠹᠧᠩ       ᠨᠠᠶᠢᠷᠠᠭᠤᠯᠤᠭᠴᠢ᠄ ᠯᠢ ᠰᠧ ᠬᠤᠢ       ᠬᠢᠨᠠᠨ ᠬᠠᠷᠭᠤᠭᠤᠯᠤᠭᠴᠢ᠄ ᠶᠠᠨ ᠬᠤᠸᠠᠢ ᡁᠢ       ᠤᠷᠴᠢᠭᠤᠯᠤᠭᠴᠢ᠄ ᠬᠠᠨ ᠰᠢᠶᠤᠤ ᠿᠦᠩ       ᠬᠢᠨᠠᠭᠴᠢ᠄ ᠼᠦᠢ ᠶᠢᠩ
 
ᠢᠷᠡᠯᠲᠡ᠄ ᠠᠮᠢᠵᠢᠷᠠᠯ ᠪᠢᠯᠬᠠᠭᠰᠠᠨ ᠹᠧᠩᠵᠧᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000072号-3