| —— ᠴᠠᠭᠠᠨ ᠰᠠᠷ᠎ᠠ ᠶᠢᠨ ᠤᠯᠠᠮᠵᠢᠯᠠᠯᠲᠤ ᠰᠣᠶᠣᠯ ᠤᠨ ᠠᠵᠢᠯᠯᠠᠭ᠎ᠠ ᠮᠠᠨ ᠤ ᠬᠤᠲᠠ ᠶᠢᠨ ᠵᠡᠭᠡᠯᠢ | ᠭᠤᠳᠤᠮᠵᠢ ᠳᠤ ᠵᠠᠯᠭᠠᠭ᠎ᠠ ᠪᠠᠷ ᠶᠠᠪᠤᠭᠳᠠᠪᠠ | | ᠰᠢ ᠶᠢᠨ ᠫᠢᠩ ᠤᠨ ᠰᠣᠶᠣᠯ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠪᠠᠶᠠᠷ ᠤᠨ | ᠡᠳᠦᠷ ᠤᠨ ᠬᠤᠭᠤᠴᠠᠭᠠᠨ ᠤ ᠤᠯᠠᠨ ᠲᠦᠮᠡᠨ ᠤ ᠤᠶᠤᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠤᠨ᠂ ᠪᠠᠶᠠᠷ | ᠬᠥᠷ ᠲᠠᠢ᠂ ᠪᠣᠯᠪᠠᠰᠤᠨ᠂ ᠥᠯᠵᠡᠢ ᠪᠡᠯᠭᠡ ᠲᠠᠢ ᠪᠠᠶᠠᠷ ᠤᠨ ᠡᠳᠦᠷ ᠤᠨ ᠠᠭᠤᠷ ᠠᠮᠢᠰᠬᠤᠯ ᠢ ᠪᠤᠢ ᠪᠤᠯᠭᠠᠬᠤ ᠶᠢᠨ ᠲᠦᠯᠦᠭᠡ᠂ | ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠠᠴᠠ ᠰᠠᠭᠠᠭᠳᠠᠭᠰᠠᠨ ᠤᠳᠬ᠎ᠠ ᠤᠷᠠᠯᠢᠭ ᠤᠨ ᠬᠤᠯᠪᠣᠭᠠᠲᠤ | ᠠᠩᠭᠢ ᠶᠢᠨ ᠬᠢᠨ 2 ᠰᠠᠷ᠎ᠠ ᠶᠢᠨ 3 ᠤ ᠡᠳᠦᠷ ︵ᠴᠠᠭᠠᠨ ᠰᠠᠷ᠎ᠠ ᠶᠢᠨ ᠰᠢᠨ᠎ᠡ ᠶᠢᠨ ᠵᠢᠷᠭᠤᠭᠠᠨ︶ ᠠᠴᠠ ᠡᠬᠢᠯᠡᠨ ᠡᠯ᠎ᠡ | ᠲᠣᠮᠣ ᠴᠡᠴᠡᠷᠯᠢᠭ᠂ ᠠᠭᠤᠳᠠᠮ ᠲᠠᠯᠠᠪᠠᠶ ᠳᠤ ᠲᠣᠭᠤᠷᠢᠨ ᠲᠣᠭᠯᠠᠯᠲᠠ ᠭᠠᠷᠭᠠᠪᠠ᠃ | | 2 ᠰᠠᠷ᠎ᠠ ᠶᠢᠨ 7 ᠤ ᠡᠳᠦᠷ᠂ ᠬᠤᠲᠠ ᠶᠢᠨ ᠬᠤᠶᠢᠲᠤ ᠲᠣᠭᠤᠷᠢᠭ ᠤᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ | ᠭᠠᠵᠠᠷ ᠤᠨ ᠤᠳᠬ᠎ᠠ ᠤᠷᠠᠯᠢᠭ ᠤᠨ ᠬᠤᠯᠪᠣᠭᠠᠲᠤ ᠠᠩᠭᠢ ᠶᠢᠨ ᠬᠢᠨ ᠲᠢᠶᠧ ᠵᠥᠩ ᠲᠠᠯᠠᠪᠠᠶ ᠳᠤ ᠴᠠᠭᠠᠨ ᠰᠠᠷ᠎ᠠ ᠶᠢᠨ | ᠤᠯᠠᠮᠵᠢᠯᠠᠯᠲᠤ ᠤᠳᠬ᠎ᠠ ᠤᠷᠠᠯᠢᠭ ᠤᠨ ᠲᠣᠭᠤᠷᠢᠨ ᠲᠣᠭᠯᠠᠯᠲᠠ ᠦᠷᠨᠢᠭᠦᠯᠪᠡ᠃ ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ | ᠬᠠᠷᠠᠩᠭ᠎ᠠ ᠬᠡᠩᠭᠡᠷᠭᠡ ᠨᠢᠵᠢᠭᠢᠨᠡᠵᠦ᠂ ᠬᠦᠷ ᠬᠥᠭᠵᠢᠶᠡᠨ ᠢᠶᠠᠷ ᠪᠢᠯᠬᠠᠵᠤ᠂ ᠥᠩᠭᠡᠲᠦ ᠬᠤᠪᠴᠠᠰᠤ ᠡᠮᠦᠰᠦᠭᠰᠡᠨ ᠶᠠᠩᠭᠠᠷ | ᠪᠥᠵᠢᠭ ᠤᠨ ᠠᠩᠭᠢ ᠶᠢᠨ ᠬᠢᠨ ᠪᠠᠶᠠᠷ ᠬᠦᠷ ᠲᠠᠢ ᠬᠡᠩᠭᠡᠷᠭᠡ ᠶᠢᠨ ᠲᠠᠭᠤᠨ ᠢ ᠲᠠᠭᠠᠨ ᠳᠡᠪᠬᠡᠷᠦᠨ ᠪᠥᠵᠢᠭᠯᠡᠵᠦ᠂ ᠭᠠᠵᠠᠷ | ᠪᠣᠯᠭᠠᠨ ᠳᠤ ᠴᠠᠭᠠᠨ ᠰᠠᠷ᠎ᠠ ᠶᠢᠨ ᠠᠭᠤᠷ ᠠᠮᠢᠰᠬᠤᠯ ᠢᠶᠠᠷ ᠪᠢᠯᠬᠠᠨ᠎ᠠ᠃ ᠭᠤᠴᠣ ᠰᠠᠶᠢᠬᠠᠨ ᠴᠢᠮᠡᠭᠯᠡᠭᠰᠡᠨ ᠡᠯᠵᠢᠭᠡᠨ ᠲᠡᠷᠭᠡ᠂ | ᠬᠥᠭᠡᠷᠦᠬᠦᠨ ᠴᠤᠪᠤᠭᠠᠯᠢᠭ ᠲᠣᠮᠣ ᠲᠣᠯᠣᠭᠠᠶᠢᠲᠤ ᠬᠡᠦᠬᠡᠳ᠂ ᠠᠮᠢᠳᠤ ᠳᠦᠷᠰᠦᠯᠢᠭ ᠨᠠᠢᠮᠠᠨ ᠠᠷᠰᠢ ᠳᠠᠯᠠᠢ ᠭᠡᠲᠦᠯᠬᠦ ᠵᠡᠷᠭᠡ | ᠤᠯᠠᠮᠵᠢᠯᠠᠯᠲᠤ ᠵᠠᠩ ᠥᠢᠯᠨ ᠶᠢᠨ ᠡᠯᠧᠮᠧᠨ᠋ᠲ ᠤᠳ ᠲᠠᠯᠠᠪᠠᠢ ᠪᠠᠷ ᠰᠦᠯᠵᠢᠯᠳᠦᠵᠦ᠂ ᠤᠯᠠᠮᠵᠢᠯᠠᠯᠲᠤ ᠵᠠᠩ ᠥᠢᠯᠨ ᠶᠢᠨ | ᠰᠣᠶᠣᠯ ᠢ ᠠᠮᠢᠳᠤᠯᠢᠭ ᠢᠶᠠᠷ ᠢᠯᠡᠷᠡᠭᠦᠯᠪᠡ᠃ ᠲᠤᠰ ᠠᠵᠢᠯᠯᠠᠭ᠎ᠠ ᠨᠢ ᠤᠯᠠᠨ ᠳᠤ ᠤᠯᠠᠮᠵᠢᠯᠠᠯᠲᠤ ᠵᠠᠩ ᠦᠢᠯᠡ ᠶᠢᠨ | ᠥᠪᠡᠷᠮᠢᠴᠡ ᠷᠢᠳᠢ ᠰᠢᠳᠢ ᠶᠢ ᠣᠶᠢᠯᠠᠭᠠᠭᠤᠯᠤᠭᠰᠠᠨ ᠢᠶᠠᠷ ᠪᠠᠷᠠᠬᠤ ᠦᠭᠡᠢ᠂ ᠨᠡᠩ ᠴᠤ ᠪᠠᠶᠠᠷ ᠤᠨ ᠡᠳᠦᠷ ᠤᠨ ᠰᠣᠶᠣᠯ ᠤᠨ | ᠠᠮᠢᠳᠤᠷᠠᠯ ᠢ ᠪᠠᠶᠠᠯᠢᠭᠵᠢᠭᠤᠯᠵᠤ᠂ ᠪᠠᠶᠠᠷ ᠪᠠᠶᠠᠰᠬᠤᠯᠠᠩ ᠲᠠᠢ ᠥᠯᠵᠡᠢ ᠪᠡᠯᠭᠡ ᠲᠠᠢ ᠴᠠᠭᠠᠨ ᠰᠠᠷ᠎ᠠ ᠶᠢᠨ ᠠᠭᠤᠷ ᠠᠮᠢᠰᠬᠤᠯ ᠢ | ᠪᠤᠢ ᠪᠤᠯᠭᠠᠪᠠ᠃ | | | | | | 2 ᠰᠠᠷ᠎ᠠ ᠶᠢᠨ 8 ᠤ ᠡᠳᠦᠷ᠂ ᠬᠤᠲᠠ ᠶᠢᠨ ᠡᠮᠦᠨ᠎ᠡ ᠲᠣᠭᠤᠷᠢᠭ᠂ ᠬᠠᠭᠤᠴᠢᠨ ᠬᠤᠲᠠ ᠲᠣᠭᠤᠷᠢᠭ ᠤᠨ ᠵᠡᠭᠡᠯᠢ | ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠤᠳᠬ᠎ᠠ ᠤᠷᠠᠯᠢᠭ ᠤᠨ ᠬᠤᠯᠪᠣᠭᠠᠲᠤ ᠠᠩᠭᠢ ᠶᠢᠨ ᠬᠢᠨ ᠲᠣᠰ ᠲᠣᠰ | ᠥᠷᠲᠡᠭᠡᠨ ᠤ ᠡᠮᠦᠨᠡᠬᠢ ᠠᠭᠤᠳᠠᠮ ᠲᠠᠯᠠᠪᠠᠶ᠂ ᠠᠷᠠᠳ ᠤᠨ ᠴᠡᠴᠡᠷᠯᠢᠭ ᠲᠤ ᠣᠯᠠᠨ ᠲᠦᠮᠡᠨᠴᠢ ᠴᠢᠨᠠᠷᠲᠠᠢ ᠤᠳᠬ᠎ᠠ | ᠤᠷᠠᠯᠢᠭ ᠤᠨ ᠠᠵᠢᠯᠯᠠᠭ᠎ᠠ ᠥᠷᠨᠢᠭᠦᠯᠵᠦ᠂ ᠣᠯᠠᠨ ᠲᠦᠮᠡᠨ ᠳᠤ ᠴᠠᠭᠠᠨ ᠰᠠᠷ᠎ᠠ ᠶᠢᠨ ᠰᠣᠶᠣᠯ ᠤᠨ ᠵᠦᠩᠨᠡᠯ ᠳᠡᠪᠰᠢᠭᠦᠯᠪᠡ᠃ | | ᠡᠨᠡᠬᠦ ᠠᠵᠢᠯᠯᠠᠭ᠎ᠠ ᠨᠢ ᠬᠠᠷᠠᠩᠭ᠎ᠠ ᠬᠡᠩᠭᠡᠷᠭᠡ ᠶᠢᠨ ᠳᠠᠭᠤᠨ ᠳᠤᠮᠳᠠ ᠬᠥᠰᠢᠭᠡ ᠪᠠᠨ ᠰᠡᠬᠦᠪᠡ᠃ ᠶᠠᠩᠭᠠᠷ ᠪᠥᠵᠢᠭ ᠤᠨ | ᠠᠩᠭᠢ ᠶᠢᠨ ᠬᠢᠨ ᠥᠩᠭᠡ ᠢᠯᠭᠠᠷᠠᠭᠰᠠᠨ ᠬᠤᠪᠴᠠᠰᠤ ᠡᠮᠦᠰᠦᠨ᠂ ᠥᠩᠭᠡᠲᠦ ᠳᠡᠪᠢᠭᠦᠷ ᠪᠠ ᠲᠣᠷᠭᠠᠨ ᠪᠦᠴᠡ ᠪᠠᠷᠢᠵᠤ᠂ | ᠪᠠᠶᠠᠷ ᠬᠥᠷ ᠲᠠᠢ ᠠᠶᠢᠵᠠᠮ ᠴᠣᠬᠢᠯᠭ᠎ᠠ ᠶᠢ ᠳᠠᠭᠠᠵᠤ᠂ ᠪᠠᠶᠠᠷ ᠬᠥᠷ ᠲᠠᠢ ᠠᠯᠬᠤᠭ᠎ᠠ ᠪᠠᠷ ᠤᠯᠠᠮᠵᠢᠯᠠᠯᠲᠤ ᠶᠠᠩᠭᠠᠷ ᠪᠥᠵᠢᠭ ᠤᠨ | ᠥᠪᠡᠷᠮᠢᠴᠡ ᠷᠢᠳᠢ ᠰᠢᠳᠢ ᠶᠢ ᠲᠡᠭᠦᠯᠳᠡᠷ ᠰᠠᠶᠢᠬᠠᠨ ᠳᠡᠯᠭᠡᠨ ᠦᠵᠡᠭᠦᠯᠪᠡ᠃ ᠶᠠᠩᠭᠠᠷ ᠪᠥᠵᠢᠭ ᠤᠨ ᠠᠩᠭᠢ ᠶᠢᠨ ᠬᠢᠨ | ᠥᠩᠭᠡ ᠢᠯᠭᠠᠷᠠᠮ᠎ᠠ ᠬᠤᠪᠴᠠᠰᠤ ᠡᠮᠦᠰᠦᠨ᠂ ᠭᠠᠷ ᠲᠠᠭᠠᠨ ᠥᠩᠭᠡᠲᠦ ᠳᠡᠪᠢᠭᠦᠷ ᠪᠠ ᠲᠣᠷᠭᠠᠨ ᠪᠦᠴᠡ ᠪᠠᠷᠢᠵᠤ᠂ ᠪᠠᠶᠠᠷ | ᠬᠥᠷ ᠲᠠᠢ ᠠᠶᠢᠵᠠᠮ ᠴᠣᠬᠢᠯᠭ᠎ᠠ ᠶᠢ ᠳᠠᠭᠠᠵᠤ᠂ ᠤᠯᠠᠮᠵᠢᠯᠠᠯᠲᠤ ᠶᠠᠩᠭᠠᠷ ᠪᠥᠵᠢᠭ ᠤᠨ ᠥᠪᠡᠷᠮᠢᠴᠡ ᠷᠢᠳᠢ ᠰᠢᠳᠢ ᠶᠢ | ᠲᠡᠭᠦᠯᠳᠡᠷ ᠰᠠᠶᠢᠬᠠᠨ ᠳᠡᠯᠭᠡᠨ ᠦᠵᠡᠭᠦᠯᠵᠦ ᠪᠠᠶᠢᠯ᠎ᠠ᠃ ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠠᠭᠰᠢᠷᠠᠭ᠎ᠠ | ᠨᠠᠰᠤᠲᠠᠳ ᠪᠠᠶᠢᠬᠤ ᠪᠥᠭᠡᠳ ᠴᠤᠭ ᠪᠠᠳᠠᠷᠠᠩᠭᠤᠢ ᠵᠠᠯᠠᠭᠤᠴᠤᠳ ᠴᠦ ᠪᠠᠶᠢᠵᠤ᠂ ᠲᠡᠳᠡ ᠬᠠᠯᠠᠭᠤᠨ ᠰᠡᠳᠬᠢᠯᠭᠡ ᠪᠠ | ᠪᠢᠯᠬᠠᠮ᠎ᠠ ᠲᠣᠭᠯᠠᠯᠲᠠ ᠪᠠᠷ ᠢᠶᠠᠨ ᠰᠠᠶᠢᠨ ᠰᠠᠶᠢᠬᠠᠨ ᠠᠮᠢᠳᠤᠷᠠᠯ ᠤᠨ ᠲᠤᠬᠠᠢ ᠬᠠᠶᠢᠷ᠎ᠠ ᠰᠡᠳᠬᠢᠯᠭᠡ ᠪᠠᠨ ᠢᠯᠡᠳᠬᠡᠵᠦ | ᠪᠠᠶᠢᠬᠤ ᠪᠠᠷ ᠪᠠᠷᠠᠬᠤ ᠦᠭᠡᠢ᠂ ᠨᠡᠩ ᠴᠤ ᠤᠯᠠᠮᠵᠢᠯᠠᠯᠲᠤ ᠰᠣᠶᠣᠯ ᠤᠨ ᠲᠤᠬᠠᠢ ᠭᠦᠨ ᠵᠤᠵᠠᠭᠠᠨ ᠬᠠᠶᠢᠷ᠎ᠠ ᠰᠡᠳᠬᠢᠯᠭᠡ ᠪᠠᠨ | ᠤᠯᠠᠮᠵᠢᠯᠠᠨ ᠪᠠᠳᠠᠷᠠᠭᠤᠯᠤᠨ᠎ᠠ᠃ | | | | ᠵᠣᠬᠢᠶᠠᠭᠴᠢ᠄ ᠵᠠᠩ ᠿᠢ ᠵᠢᠤᠸᠠᠨ ᠸᠠᠩ ᠯᠧ ᠸᠠᠩ ᠨᠢᠩ ᠪᠦᠸᠧ ᠵᠢᠶᠠ ᠯᠢ | ᠨᠠᠶᠢᠷᠠᠭᠤᠯᠤᠭᠴᠢ᠄ ᠯᠢ ᠰᠧ ᠬᠤᠢ | ᠬᠢᠨᠠᠨ ᠬᠠᠷᠭᠤᠭᠤᠯᠤᠭᠴᠢ᠄ ᠶᠠᠨ ᠬᠤᠸᠠᠢ ᡁᠢ | ᠤᠷᠴᠢᠭᠤᠯᠤᠭᠴᠢ᠄ ᠬᠠᠨ ᠰᠢᠶᠤᠤ ᠿᠦᠩ | ᠬᠢᠨᠠᠭᠴᠢ᠄ ᠼᠦᠢ ᠶᠢᠩ | |