ᠮᠠᠨ ᠤ ᠬᠤᠲᠠ ᠶᠢᠨ ᠬᠢᠨ ︽ᠲᠠᠩᠰᠤᠭ ᠰᠠᠶᠢᠬᠠᠨ ᠠᠮᠠᠷᠠᠯᠲᠠ ᠶᠢᠨ ᠡᠳᠦᠷ ᠤᠨ ᠪᠠᠶᠠᠷ ᠬᠥᠷ ᠲᠠᠢ ᠦᠰᠦᠨ ᠪᠤᠶᠢᠵᠢᠯᠲᠠ︾ ᠭᠡᠬᠦ ᠴᠠᠭᠠᠨ ᠰᠠᠷ᠎ᠠ ᠶᠢᠨ ᠪᠠᠶᠠᠷ ᠢ ᠪᠡᠯᠭᠡᠯᠡᠬᠦ ᠰᠢᠷᠢᠰ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2025/2/11
   ᠰᠢ ᠶᠢᠨ ᠫᠢᠩ ᠶᠡᠷᠦᠩᠬᠡᠢ ᠱᠦᠵᠢ ᠶᠢᠨ ᠨᠠᠰᠤᠨ ᠳᠤ ᠥᠯᠥ ᠭᠦᠷᠦᠭᠰᠡᠳ ᠤᠨ ᠦᠵᠡᠯ ᠰᠠᠨᠠᠭ᠎ᠠ ᠶᠣᠰᠣ ᠮᠣᠷᠠᠯ ᠤᠨ ᠪᠠᠶᠢᠭᠤᠯᠤᠯᠲᠠ ᠶᠢᠨ ᠲᠤᠬᠠᠢ ᠴᠢᠬᠤᠯᠠ ᠥᠭᠦᠯᠡᠯᠲᠡ ᠶᠢᠨ ᠵᠣᠷᠢᠭ ᠰᠠᠨᠠᠭ᠎ᠠ ᠶᠢ ᠭᠦᠨᠵᠡᠭᠡᠢ   ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠥᠷᠭᠡᠨ ᠣᠯᠠᠨ ᠨᠠᠰᠤᠨ ᠳᠤ ᠥᠯᠥ ᠭᠦᠷᠦᠭᠰᠡᠳ ᠲᠤ ᠡᠪᠦᠯ ᠤᠨ ᠠᠮᠠᠷᠠᠯᠲᠠ ᠶᠢᠨ ᠬᠤᠭᠤᠴᠠᠭᠠᠨ ᠳᠤ ᠭᠦᠨ ᠵᠤᠵᠠᠭᠠᠨ ᠴᠠᠭᠠᠨ ᠰᠠᠷ᠎ᠠ ᠶᠢᠨ ᠠᠭᠤᠷ ᠠᠮᠢᠰᠬᠤᠯ ᠢ ᠲᠥᠷᠥᠭᠳᠡᠭᠦᠯᠬᠦ ᠶᠢᠨ ᠲᠥᠯᠥᠭᠡ᠂ 2 ᠰᠠᠷ᠎ᠠ ᠶᠢᠨ 10 ᠤ ᠡᠳᠦᠷ᠂ ᠮᠠᠨ ᠤ ᠬᠤᠲᠠ ᠶᠢᠨ ᠬᠢᠨ ︽ᠲᠠᠩᠰᠤᠭ ᠰᠠᠶᠢᠬᠠᠨ ᠠᠮᠠᠷᠠᠯᠲᠠ ᠶᠢᠨ ᠡᠳᠦᠷ ᠤᠨ ᠪᠠᠶᠠᠷ ᠬᠥᠷ ᠲᠠᠢ ᠦᠰᠦᠨ ᠪᠤᠶᠢᠵᠢᠯᠲᠠ︾ ᠭᠡᠬᠦ ᠴᠠᠭᠠᠨ ᠰᠠᠷ᠎ᠠ ᠶᠢ ᠪᠡᠯᠭᠡᠯᠡᠬᠦ ᠰᠢᠷᠢᠰ ᠠᠵᠢᠯᠯᠠᠭ᠎ᠠ ᠥᠷᠨᠢᠭᠦᠯᠵᠦ᠂ ᠰᠢᠷᠢᠰ ᠠᠵᠢᠯᠯᠠᠭ᠎ᠠ ᠶᠢ ᠬᠤᠲᠠ ᠶᠢᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠥᠪ᠂ ᠬᠤᠲᠠ ᠶᠢᠨ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ ᠠᠴᠠ ᠭᠤᠣᠯᠯᠠᠨ ᠡᠷᠭᠢᠯᠡᠵᠦ᠂ ᠬᠤᠲᠠ ᠶᠢᠨ ᠪᠣᠯᠪᠠᠰᠤᠨ ᠤ ᠪᠠᠶᠢᠭᠤᠯᠤᠯᠲᠠ ᠶᠢᠨ ᠠᠯᠪᠠᠨ ᠭᠡᠷ᠂ ᠬᠤᠲᠠ ᠶᠢᠨ ᠰᠢᠨ᠎ᠡ ᠴᠠᠭ ᠦᠶ᠎ᠡ ᠶᠢᠨ ᠪᠣᠯᠪᠠᠰᠤᠨ ᠦᠢᠯᠡᠳᠦᠯᠭᠡ ᠶᠢᠨ ᠦᠢᠯᠡᠴᠢᠯᠡᠭᠡᠨ ᠤ ᠲᠥᠪ ᠠᠴᠠ ᠳᠠᠭᠠᠭᠠᠴᠢᠯᠠᠨ ᠡᠷᠭᠢᠯᠡᠪᠡ᠃
   ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠮᠠᠨ ᠤ ᠬᠤᠳᠠ ᠶᠢᠨ ᠰᠢᠨ᠎ᠡ ᠴᠠᠭ ᠦᠶ᠎ᠡ ᠶᠢᠨ ᠰᠠᠶᠢᠨ ᠪᠠᠭᠠᠴᠤᠳ ᠪᠦᠬᠦ ᠤᠯᠤᠰ ᠤᠨ ᠰᠢᠨ᠎ᠡ ᠴᠠᠭ ᠦᠶ᠎ᠡ ᠶᠢᠨ ᠰᠠᠶᠢᠨ ᠪᠠᠭᠠᠴᠤᠳ ᠤᠨ ᠲᠡᠷᠢᠭᠦᠨ ᠤ ᠦᠢᠯᠡ ᠠᠵᠢᠯᠯᠠᠭ᠎ᠠ ᠶᠢ ᠬᠠᠮᠳᠤᠪᠠᠷ ᠰᠤᠷᠤᠯᠴᠠᠭᠰᠠᠨ ᠪᠥᠭᠡᠳ ᠲᠤᠬᠠᠢ ᠶᠢᠨ ᠲᠠᠯᠠᠪᠠᠢ ᠳᠤ ᠥᠪᠡᠷ ᠤᠨ ︽ᠰᠢᠨ᠎ᠡ ᠵᠢᠯ ᠤᠨ ᠪᠠᠶᠠᠷ ᠬᠦᠷ ᠲᠠᠢ ᠶᠠᠪᠤᠳᠠᠯ︾ ᠢᠶᠠᠨ ᠬᠤᠪᠢᠶᠠᠯᠴᠠᠪᠠ᠃ ᠠᠵᠢᠯᠯᠠᠭ᠎ᠠ ᠶᠢᠨ ᠲᠤᠬᠠᠢ ᠶᠢᠨ ᠲᠠᠯᠠᠪᠤᠷ ᠲᠤ ᠪᠠᠰᠠ ᠰᠤᠷᠭᠠᠭᠤᠯᠢ ᠶᠢᠨ ᠬᠦᠷᠢᠶᠡᠨ ᠤ ᠳᠣᠷᠣᠮᠵᠢᠯᠠᠯ ᠤᠨ ᠰᠡᠳᠬᠢᠴᠡ ᠶᠢᠨ ᠯᠠᠪᠯᠠᠯᠲᠠ ᠶᠢᠨ ᠬᠢᠴᠢᠶᠡᠯ ᠤᠷᠤᠪᠠ᠃
   ᠲᠤᠬᠠᠢ ᠶᠢᠨ ᠲᠠᠯᠠᠪᠠᠶ ᠳᠤ ᠣᠨᠢᠰᠤᠭ᠎ᠠ ᠳᠠᠭᠠᠬᠤ ᠪᠠ ᠴᠠᠭᠠᠨ ᠰᠠᠷ᠎ᠠ ᠶᠢᠨ ᠵᠢᠷᠤᠭ ᠰᠣᠨᠢᠷᠬᠠᠬᠤ ᠠᠵᠢᠯᠯᠠᠭ᠎ᠠ ᠥᠷᠨᠢᠭᠦᠯᠵᠦ᠂ ᠥᠩᠭᠡᠲᠦ ᠪᠦᠴᠡᠨ ᠳᠤ ᠣᠨᠢᠰᠤᠭ᠎ᠠ ᠶᠢ ᠳᠦᠭᠦᠷᠲᠡᠯ᠎ᠡ ᠡᠯᠭᠦᠵᠦ᠂ ᠪᠠᠶᠠᠷ ᠤᠨ ᠡᠳᠦᠷ ᠤᠨ ᠪᠠᠶᠠᠷ ᠢᠶᠠᠷ ᠳᠦᠭᠦᠷᠡᠩ ᠪᠠᠶᠢᠯ᠎ᠠ᠃ ᠮᠠᠰᠢ ᠤᠯᠠᠨ ᠬᠤᠳᠠ ᠶᠢᠨ ᠠᠷᠠᠳ ᠨᠠᠶᠢᠵᠠ ᠨᠠᠷ ᠤᠨ ᠠᠩᠬᠠᠷᠤᠯ ᠢ ᠲᠠᠲᠠᠵᠤ᠂ ᠲᠡᠳᠡᠨ ᠤ ᠵᠠᠷᠢᠮ ᠨᠢ ᠣᠨᠢᠰᠤᠭ᠎ᠠ ᠶᠢ ᠰᠢᠷᠲᠡᠨ ᠰᠡᠳᠬᠢᠯ ᠲᠠᠯᠪᠢᠨ ᠪᠣᠳᠣᠯᠬᠢᠯᠠᠵᠤ᠂ ᠵᠠᠷᠢᠮ ᠨᠢ ᠣᠨᠢᠰᠤᠭ᠎ᠠ ᠶᠢ ᠲᠠᠭᠠᠵᠦ ᠣᠯᠣᠭᠰᠠᠨ ᠳᠠᠭᠠᠨ ᠪᠠᠶᠠᠷ ᠪᠠᠭ᠋ᠠᠳᠤᠯ ᠲᠠᠢ ᠢᠨᠢᠶᠡᠮᠰᠦᠭᠯᠡᠵᠦ᠂ ᠪᠠᠶᠠᠷᠲᠠᠢ ᠪᠠᠷ ᠱᠠᠩᠨᠠᠯ ᠣᠯᠭᠤᠬᠤ ᠭᠠᠵᠠᠷ ᠲᠤ ᠬᠦᠷᠴᠦ ᠱᠠᠩᠨᠠᠯ ᠤᠨ ᠪᠣᠳᠠᠰ ᠢᠶᠠᠨ ᠬᠦᠷᠳᠡᠨ᠎ᠡ᠃           ᠵᠣᠬᠢᠶᠠᠭᠴᠢ᠄ ᠵᠠᠩ ᠿᠢ ᠵᠢᠤᠸᠠᠨ           ᠨᠠᠶᠢᠷᠠᠭᠤᠯᠤᠭᠴᠢ᠄ ᠯᠢ ᠰᠧ ᠬᠤᠢ           ᠬᠢᠨᠠᠨ ᠬᠠᠷᠭᠤᠭᠤᠯᠤᠭᠴᠢ᠄ ᠶᠠᠨ ᠬᠤᠸᠠᠢ ᡁᠢ           ᠤᠷᠴᠢᠭᠤᠯᠤᠭᠴᠢ᠄ ᠬᠠᠨ ᠰᠢᠶᠤᠤ ᠿᠦᠩ           ᠬᠢᠨᠠᠭᠴᠢ᠄ ᠼᠦᠢ ᠶᠢᠩ
 
ᠢᠷᠡᠯᠲᠡ᠄ ᠠᠮᠢᠵᠢᠷᠠᠯ ᠪᠢᠯᠬᠠᠭᠰᠠᠨ ᠹᠧᠩᠵᠧᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000072号-3