ᠤᠮᠠᠷᠠᠲᠤ ᠬᠢᠯᠢ ᠶᠢᠨ ᠤᠩᠰᠢᠯᠭ᠎ᠠ
ᠨᠡᠶᠢᠲᠡᠯᠡᠭᠰᠡᠨ ᠴᠠᠭ᠄
2025/2/18
             —— ᠨᠣᠮ ᠰᠤᠳᠤᠷ ᠢᠶᠠᠷ ᠬᠠᠨᠢᠯᠠᠭᠤᠯᠤᠨ ᠴᠠᠭᠠᠨ ᠰᠠᠷ᠎ᠠ ᠶᠢᠨ ᠠᠷᠪᠠᠨ ᠲᠠᠪᠤᠨ ᠢᠶᠠᠨ ᠪᠡᠯᠭᠡᠯᠡᠬᠦ ᠳ᠋ᠧᠩᠯᠦ ᠬᠢᠬᠦ ᠠᠵᠢᠯᠯᠠᠭ᠎ᠠ    2 ᠰᠠᠷ᠎ᠠ ᠶᠢᠨ 12 ᠤᠨ ᠦᠳᠡ ᠶᠢᠨ ᠬᠤᠶᠢᠨ᠎ᠠ᠂ ᠹᠧᠩᠵᠧᠨ ᠬᠤᠳᠠ ᠶᠢᠨ ᠰᠢᠨᠬᠤᠸᠠ ᠨᠣᠮ ᠤᠨ ᠳᠡᠯᠭᠡᠭᠦᠷ ᠤᠨ ᠬᠢᠨ ︽ᠤᠮᠠᠷᠠᠲᠤ ᠬᠢᠯᠢ ᠶᠢᠨ ᠤᠩᠰᠢᠯᠭ᠎ᠠ︱ ᠨᠣᠮ ᠰᠤᠳᠤᠷ ᠢᠶᠠᠷ ᠬᠠᠨᠢᠯᠠᠭᠤᠯᠤᠨ ᠴᠠᠭᠠᠨ ᠰᠠᠷ᠎ᠠ ᠶᠢᠨ ᠠᠷᠪᠠᠨ ᠲᠠᠪᠤᠨ ᠢᠶᠠᠨ ᠪᠡᠯᠭᠡᠯᠡᠬᠦ ᠳ᠋ᠧᠩᠯᠦ ᠬᠢᠬᠦ ᠠᠵᠢᠯᠯᠠᠭ᠎ᠠ ᠶᠢ ᠦᠷᠨᠢᠭᠦᠯᠪᠡ᠃ ᠳ᠋ᠧᠩᠯᠦ ᠦᠢᠯᠡᠳᠬᠦ ᠪᠠ ᠣᠨᠢᠰᠤᠭ᠎ᠠ ᠳᠠᠭᠠᠬᠤ ᠤᠯᠠᠮᠵᠢᠯᠠᠯᠲᠤ ᠵᠠᠩ ᠳᠠᠳᠬᠠᠯ ᠢᠶᠠᠷ ᠳᠠᠮᠵᠢᠭᠤᠯᠤᠨ᠂ ᠳᠤᠮᠳᠠᠳᠤ ᠶᠢᠨ ᠦᠨᠳᠦᠰᠦᠲᠡᠨ ᠤ ᠤᠯᠠᠮᠵᠢᠯᠠᠯᠲᠤ ᠰᠣᠶᠣᠯ ᠢ ᠪᠠᠳᠠᠷᠠᠭᠤᠯᠤᠨ ᠳᠡᠯᠭᠡᠷᠡᠭᠦᠯᠵᠦ᠂ ᠭᠡᠷ ᠪᠦᠯᠢ ᠪᠣᠯᠣᠨ ᠦᠷ᠎ᠡ ᠬᠡᠦᠬᠡᠳ ᠤᠨ ᠬᠤᠭᠤᠷᠣᠨᠳᠣᠬᠢ ᠬᠠᠷᠢᠯᠴᠠᠭ᠎ᠠ ᠶᠢ ᠴᠢᠩᠭᠠᠳᠬᠠᠨ᠂ ᠬᠡᠦᠬᠡᠳ ᠤᠳ ᠤᠨ ᠨᠣᠮ ᠤᠩᠰᠢᠬᠤ ᠤᠷᠮ᠎ᠠ ᠪᠠᠬ᠎ᠠ ᠶᠢ ᠬᠥᠭᠵᠢᠭᠡᠵᠦ᠂ ᠨᠣᠮ ᠤᠩᠰᠢᠬᠤ ᠠᠭᠤᠷ ᠠᠮᠢᠰᠬᠤᠯ ᠢ ᠪᠤᠶ ᠪᠣᠯᠭᠠᠵᠤ᠂ ᠴᠠᠭᠠᠨ ᠰᠠᠷ᠎ᠠ ᠶᠢᠨ ᠠᠷᠪᠠᠨ ᠲᠠᠪᠤᠨ ᠢ ᠬᠠᠮᠳᠤᠪᠠᠷ ᠪᠡᠯᠭᠡᠯᠡᠪᠡ᠃

 ᠠᠵᠢᠯᠯᠠᠭ᠎ᠠ ᠡᠬᠢᠯᠡᠬᠦ ᠳᠤ᠂ ᠴᠠᠭᠠᠨ ᠰᠠᠷ᠎ᠠ ᠶᠢᠨ ᠠᠷᠪᠠᠨ ᠲᠠᠪᠤᠨ ᠤ ᠡᠳᠦᠷ ᠤᠨ ᠲᠤᠬᠠᠢ ᠠᠷᠠᠳ ᠤᠨ ᠵᠠᠩ

ᠦᠢᠯᠡ ᠶᠢᠨ ᠦᠯᠢᠭᠡᠷ ᠢ ᠲᠠᠶᠢᠯᠪᠤᠷᠢᠯᠠᠬᠤ ᠪᠠᠷ ᠳᠠᠮᠵᠢᠭᠤᠯᠤᠨ᠂ ᠬᠡᠦᠬᠡᠳ ᠤᠳ ᠲᠤ ᠤᠯᠠᠮᠵᠢᠯᠠᠯᠲᠤ ᠰᠣᠶᠣᠯ ᠤᠨ

ᠲᠠᠯ᠎ᠠ ᠪᠠᠷ ᠨᠡᠩ ᠭᠦᠨᠵᠡᠭᠡᠢ ᠣᠶᠢᠯᠠᠭᠠᠯᠲᠠ ᠪᠠ ᠲᠠᠨᠢᠯᠲᠠ ᠲᠠᠢ ᠪᠤᠯᠭᠠᠪᠠ᠃ ᠵᠠᠯᠭᠠᠭᠠᠳ ᠰᠢᠨᠬᠤᠸᠠ ᠨᠣᠮ ᠤᠨ

ᠳᠡᠯᠭᠡᠭᠦᠷ ᠤᠨ ᠠᠵᠢᠯᠲᠠᠳ ᠡᠯᠪᠡᠭ ᠪᠠᠶᠠᠯᠢᠭ ᠮᠠᠲ᠋ᠧᠷᠢᠶᠠᠯ ᠪᠣᠯᠣᠨ ᠨᠠᠷᠢᠨ ᠨᠢᠭᠲᠠ ᠦᠢᠯᠡᠳᠬᠦ ᠠᠯᠬᠤᠮ ᠳᠠᠷᠠᠭ᠎ᠠ ᠶᠢ

ᠬᠠᠩᠭᠠᠵᠤ᠂ ᠬᠡᠦᠬᠡᠳ ᠤᠳ ᠳᠦᠷᠰᠦᠯᠡᠨ ᠪᠤᠳᠤᠬᠤ ᠴᠢᠳᠠᠪᠤᠷᠢ ᠪᠠᠨ ᠪᠠᠳᠠᠷᠠᠭᠤᠯᠵᠤ᠂ ᠥᠪᠡᠷ ᠤᠨ ᠳ᠋ᠧᠩᠯᠦ ᠪᠠᠨ

ᠦᠢᠯᠡᠳᠴᠦ᠂ ᠭᠠᠷ ᠬᠥᠳᠡᠯᠬᠦ ᠴᠢᠳᠠᠪᠤᠷᠢ ᠪᠠᠨ ᠳᠠᠪᠲᠠᠨ ᠪᠣᠯᠪᠠᠰᠤᠷᠠᠭᠤᠯᠤᠭᠰᠠᠨ ᠢᠶᠠᠷ ᠪᠠᠷᠠᠬᠤ ᠦᠭᠡᠢ ᠪᠠᠰᠠ

ᠰᠢᠨ᠎ᠡ ᠶᠢ ᠡᠭᠦᠳᠬᠦ ᠰᠡᠳᠬᠢᠬᠦᠢ ᠲᠠᠢ ᠪᠣᠯᠤᠭᠰᠠᠨ ᠢ ᠲᠣᠳᠣᠷᠬᠠᠶᠢᠯᠠᠪᠠ᠃

   ᠭᠡᠷ ᠤᠨ ᠠᠬᠠᠮᠠᠳ ᠳ᠋ᠧᠩ ᠤᠨ ᠣᠨᠢᠰᠤᠭ᠎ᠠ ᠲᠠᠭᠠᠬᠤ ᠳᠤ ᠤᠷᠤᠯᠴᠠᠵᠤ᠂ ᠣᠨᠢᠰᠤᠭ᠎ᠠ ᠶᠢᠨ ᠠᠭᠤᠯᠭ᠎ᠠ ᠨᠢ

ᠤᠯᠠᠮᠵᠢᠯᠠᠯᠲᠤ ᠰᠣᠶᠣᠯ᠂ ᠤᠳᠬ᠎ᠠ ᠵᠣᠬᠢᠶᠠᠯ ᠤᠨ ᠮᠡᠳᠡᠯᠭᠡ᠂ ᠠᠮᠢᠳᠤᠷᠠᠯ ᠤᠨ ᠶᠡᠷᠦ ᠶᠢᠨ ᠮᠡᠳᠡᠯᠭᠡ ᠵᠡᠷᠭᠡ ᠣᠯᠠᠨ

ᠲᠠᠯ᠎ᠠ ᠶᠢ ᠬᠠᠮᠤᠷᠴᠤ᠂ ᠠᠵᠢᠯᠯᠠᠭᠠᠨ ᠤ ᠰᠣᠨᠢᠷᠬᠠᠯ ᠢ ᠨᠡᠮᠡᠭᠳᠡᠭᠦᠯᠦᠭᠰᠡᠨ ᠢᠶᠠᠷ ᠪᠠᠷᠠᠬᠤ ᠦᠭᠡᠢ ᠪᠠᠰᠠ ᠭᠡᠷ ᠤᠨ

ᠠᠬᠠᠮᠠᠳ ᠤᠨ ᠤᠯᠠᠮᠵᠢᠯᠠᠯᠲᠤ ᠰᠣᠶᠣᠯ ᠢ ᠣᠶᠢᠯᠠᠭᠠᠬᠤ ᠪᠠ ᠰᠤᠷᠤᠯᠴᠠᠬᠤ ᠶᠢ ᠠᠬᠢᠭᠤᠯᠪᠠ᠃

   ᠡᠨᠡᠬᠦ ᠠᠵᠢᠯᠯᠠᠭ᠎ᠠ ᠶᠢᠨ ᠡᠴᠦᠰ ᠲᠤ ᠨᠣᠮ ᠤᠨ ᠳᠡᠯᠭᠡᠭᠦᠷ ᠠᠴᠠ ᠪᠥᠬᠦ ᠣᠷᠣᠯᠴᠠᠭᠰᠠᠨ ᠭᠡᠷ ᠪᠦᠯᠢ ᠳᠤ ᠭᠤᠶᠢᠳᠠ

ᠰᠠᠶᠢᠬᠠᠨ ᠱᠠᠩᠨᠠᠯ ᠤᠯᠭᠤᠪᠠ᠃ ᠭᠡᠷ ᠤᠨ ᠠᠬᠠᠮᠠᠳ ᠨᠠᠷ ᠡᠨᠡᠬᠦ ᠠᠵᠢᠯᠯᠠᠭ᠎ᠠ ᠨᠢ ᠮᠠᠰᠢ ᠤᠳᠬ᠎ᠠ ᠠᠭᠤᠯᠭ᠎ᠠ ᠲᠠᠢ᠂

ᠨᠣᠮ ᠤᠨ ᠳᠡᠯᠭᠡᠭᠦᠷ ᠠᠴᠠ ᠡᠶᠢᠮᠦᠷᠬᠦ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠬᠡᠦᠬᠡᠳ ᠤᠳ ᠲᠤ ᠨᠠᠩ

ᠣᠯᠠᠨ ᠰᠤᠷᠤᠯᠴᠠᠬᠤ ᠪᠠ ᠵᠤᠭ᠎ᠠ ᠴᠡᠩᠭᠡᠯ ᠤᠨ ᠵᠠᠪᠰᠢᠶᠠᠨ ᠣᠯᠭᠤᠬᠤ ᠶᠢ ᠬᠦᠰᠡᠵᠦ ᠪᠠᠶᠢᠨ᠎ᠠ ᠭᠡᠵᠦ ᠢᠯᠡᠷᠬᠡᠶᠢᠯᠡᠵᠦ

ᠪᠠᠶᠢᠯ᠎ᠠ᠃

   ᠲᠣᠰ ᠤᠳᠠᠭᠠᠨ ᠤ ︽ᠨᠣᠮ ᠤᠨ ᠦᠨᠦᠷ ᠬᠠᠩᠬᠤᠯᠠᠵᠤ ᠴᠠᠭᠠᠨ ᠰᠠᠷ᠎ᠠ ᠶᠢᠨ ᠠᠷᠪᠠᠨ ᠲᠠᠪᠤᠨ ᠢ  ᠪᠡᠯᠭᠡᠯᠡᠨ

ᠳ᠋ᠧᠩᠯᠦ ᠬᠢᠬᠦ ᠠᠵᠢᠯᠯᠠᠭ᠎ᠠ︾ ᠲᠡᠭᠦᠰ ᠠᠮᠵᠢᠯᠲᠠ ᠣᠯᠪᠠ᠃ ᠡᠨᠡᠬᠦ ᠠᠵᠢᠯᠯᠠᠭ᠎ᠠ ᠪᠠᠷ ᠳᠠᠮᠵᠢᠭᠤᠯᠤᠨ ᠬᠡᠦᠬᠡᠳ ᠤᠨ

ᠬᠢᠴᠢᠶᠡᠯ ᠤᠨ ᠭᠠᠳᠠᠨᠠᠬᠢ ᠠᠮᠢᠳᠤᠷᠠᠯ ᠢ ᠪᠠᠶᠠᠯᠢᠭᠵᠢᠭᠤᠯᠤᠭᠰᠠᠨ ᠢᠶᠠᠷ ᠪᠠᠷᠠᠬᠤ ᠦᠭᠡᠢ ᠤᠯᠠᠮᠵᠢᠯᠠᠯᠲᠤ ᠰᠣᠶᠣᠯ ᠤᠨ

ᠤᠯᠠᠮᠵᠢᠯᠠᠯ ᠪᠠ ᠬᠥᠭᠵᠢᠯᠲᠡ ᠶᠢ ᠴᠦ ᠠᠬᠢᠭᠤᠯᠪᠠ᠃ ᠹᠧᠩᠵᠧᠨ ᠬᠤᠲᠠ ᠶᠢᠨ ᠰᠢᠨᠬᠤᠸᠠ ᠨᠣᠮ ᠤᠨ ᠳᠡᠯᠭᠡᠭᠦᠷ ᠤᠨ

 ᠬᠢᠨ ᠭᠡᠷ ᠤᠨ ᠠᠬᠠᠮᠠᠳ ᠪᠣᠯᠣᠨ ᠬᠡᠦᠬᠡᠳ ᠤᠨ ᠬᠡᠷᠡᠭᠴᠡᠭᠡ ᠶᠢ ᠦᠷᠭᠦᠯᠵᠢᠯᠡᠨ ᠠᠩᠬᠠᠷᠴᠤ᠂ ᠨᠠᠩ ᠣᠯᠠᠨ ᠤᠳᠬ᠎ᠠ

ᠠᠭᠤᠯᠭ᠎ᠠ ᠲᠠᠢ ᠠᠵᠢᠯᠯᠠᠭ᠎ᠠ ᠥᠷᠨᠢᠭᠦᠯᠵᠦ᠂ ᠣᠯᠠᠨ ᠳᠤ ᠨᠠᠩ ᠰᠠᠶᠢᠨ ᠤᠩᠰᠢᠯᠭ᠎ᠠ ᠶᠢᠨ ᠣᠶᠢᠯᠠᠭᠠᠯᠲᠠ ᠪᠠ

ᠦᠢᠯᠡᠴᠢᠯᠡᠭᠡ ᠬᠠᠩᠭᠠᠬᠤ ᠪᠣᠯᠣᠨ᠎ᠠ᠃

       ᠵᠣᠬᠢᠶᠠᠭᠴᠢ᠄ ᠸᠠᠩ ᠰᠢᠶᠣᠣ ᠹᠧᠢ  

       ᠨᠠᠶᠢᠷᠠᠭᠤᠯᠤᠭᠴᠢ᠄ ᠯᠢ ᠰᠧ ᠬᠤᠢ

       ᠬᠢᠨᠠᠨ ᠬᠠᠷᠭᠤᠭᠤᠯᠤᠭᠴᠢ᠄ ᠶᠠᠨ ᠬᠤᠸᠠᠢ ᡁᠢ

       ᠤᠷᠴᠢᠭᠤᠯᠤᠭᠴᠢ᠄ ᠬᠠᠨ ᠰᠢᠶᠤᠤ ᠿᠦᠩ

       ᠬᠢᠨᠠᠭᠴᠢ᠄ ᠼᠦᠢ ᠶᠢᠩ

 
ᠢᠷᠡᠯᠲᠡ᠄ ᠠᠮᠢᠵᠢᠷᠠᠯ ᠪᠢᠯᠬᠠᠭᠰᠠᠨ ᠹᠧᠩᠵᠧᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000072号-3