ᠹᠧᠩᠵᠧᠨ ᠬᠤᠲᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ᠄ ᠴᠠᠭᠠᠨ ᠰᠠᠷ᠎ᠠ ᠶᠢᠨ ᠳᠠᠷᠠᠭ᠎ᠠ ᠦᠳᠲᠡᠷ ᠲᠦᠷᠭᠡᠨ ᠠᠵᠢᠯ ᠤᠨ ᠪᠠᠶᠢᠷᠢ ᠪᠠᠨ ᠰᠡᠷᠭᠦᠭᠡᠨ ᠰᠠᠶᠢᠨ ᠤᠪᠤᠷ ᠢᠶᠠᠷ ᠦᠢᠯᠡᠴᠢᠯᠡᠨ᠎ᠡ
ᠨᠡᠶᠢᠲᠡᠯᠡᠭᠰᠡᠨ ᠴᠠᠭ᠄
2025/2/18
   ᠴᠠᠭᠠᠨ ᠰᠠᠷ᠎ᠠ ᠶᠢᠨ ᠠᠮᠠᠷᠠᠯᠲᠠ ᠶᠢᠨ ᠬᠤᠭᠤᠴᠠᠭ᠎ᠠ ᠳᠠᠭᠤᠰᠤᠭᠰᠠᠨ ᠤ ᠳᠠᠷᠠᠭ᠎ᠠ᠂ ᠹᠧᠩᠵᠧᠨ ᠬᠤᠲᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠲᠤ᠂ ᠶᠡᠭᠡ ᠲᠢᠩᠬᠢᠮ ᠳᠤ ᠰᠠᠭᠤᠭ᠎ᠠ ᠡᠯ᠎ᠡ ᠴᠣᠩᠬᠤᠪᠴᠢ ᠶᠢᠨ ᠨᠢᠭᠡᠴᠡ ᠶᠢᠨ ᠬᠢᠨ ︽ᠠᠵᠢᠯ ᠤᠨ ᠵᠠᠭᠪᠤᠷ︾ ᠢᠶᠠᠨ ᠦᠳᠲᠡᠷ ᠲᠦᠷᠭᠡᠨ ᠰᠣᠯᠢᠵᠤ᠂ ᠠᠵᠢᠯ ᠶᠠᠪᠤᠳᠠᠯ ᠭᠦᠢᠴᠡᠳᠬᠡᠬᠦ ᠦᠢᠯᠡᠴᠢᠯᠡᠭᠡᠨ ᠤ ᠠᠵᠢᠯ ᠡᠮᠬᠢ ᠳᠢᠭᠯᠢᠮ ᠲᠠᠢ ᠪᠣᠯᠪᠠ᠃
  ᠰᠤᠷᠪᠤᠯᠵᠢᠯᠠᠭᠴᠢ ᠲᠢᠩᠬᠢᠮ ᠳᠤ ᠡᠯ᠎ᠡ ᠴᠣᠩᠬᠤᠨ ᠤ ᠠᠵᠢᠯ ᠤᠨ ᠪᠠᠶᠢᠷᠢ ᠶᠢᠨ ᠠᠵᠢᠯᠲᠠᠳ ᠴᠠᠭ ᠲᠠᠭᠠᠨ ᠠᠵᠢᠯ ᠤᠨ ᠪᠠᠶᠢᠷᠢ ᠳᠠᠭᠠᠨ ᠭᠠᠷᠴᠤ᠂ ᠤᠴᠢᠷ ᠶᠠᠪᠤᠳᠠᠯ ᠰᠢᠢᠳᠪᠦᠷᠢᠯᠡᠬᠦ ᠪᠠᠷ ᠢᠷᠡᠭᠰᠡᠨ ᠤᠯᠠᠨ ᠲᠦᠮᠡᠨ ᠢ  ᠬᠠᠯᠠᠭᠤᠮᠰᠤᠭ ᠤᠭᠲᠤᠵᠤ ᠪᠠᠶᠢᠬᠤ ᠶᠢ ᠣᠯᠵᠤ ᠬᠠᠷᠠᠪᠠ᠃ ᠭᠠᠶᠢᠯᠢ ᠶᠢᠨ ᠶᠠᠪᠤᠳᠠᠯ᠂ ᠨᠡᠶᠢᠭᠡᠮ ᠤᠨ ᠪᠠᠲᠤᠯᠠᠭ᠎ᠠ ᠵᠡᠷᠭᠡ ᠡᠯ᠎ᠡ ᠦᠢᠯᠡᠴᠢᠯᠡᠭᠡᠨ ᠤ ᠴᠣᠩᠬᠤᠨ ᠤ ᠡᠮᠦᠨ᠎ᠡ᠂ ᠠᠵᠢᠯᠲᠠᠳ ᠣᠯᠠᠨ ᠲᠦᠮᠡᠨ ᠨᠢᠭᠡᠪᠦᠷᠢ ᠶᠢᠨ ᠠᠰᠠᠭᠤᠯᠲᠠ ᠶᠢ ᠬᠦᠯᠢᠴᠡᠩᠭᠦᠢ ᠪᠠᠷ ᠨᠠᠷᠢᠨ ᠨᠢᠮᠪᠠᠢ ᠬᠠᠷᠢᠭᠤᠯᠵᠤ᠂ ᠲᠤᠬᠠᠶᠢᠯᠠᠭᠰᠠᠨ ᠠᠵᠢᠯ ᠢᠶᠠᠨ ᠭᠦᠢᠴᠡᠳᠬᠡᠨ ᠥᠭᠴᠦ᠂ ᠪᠦᠬᠦ᠋ᠢᠯᠡ ᠲᠢᠩᠬᠢᠮ ᠡᠮᠬᠢ ᠳᠢᠭᠯᠢᠮ ᠲᠠᠢ ᠪᠠᠶᠢᠪᠠ᠃
   ᠠᠵᠢᠯᠲᠠᠨ ᠤ ᠲᠠᠨᠢᠯᠴᠠᠭᠤᠯᠤᠭᠰᠠᠨ ᠢᠶᠠᠷ᠂ ᠴᠠᠭᠠᠨ ᠰᠠᠷ᠎ᠠ ᠶᠢᠨ ᠳᠠᠷᠠᠭᠠᠬᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠵᠢᠯ ᠤᠨ ᠤᠷᠤᠭᠰᠢᠲᠠᠢ ᠶᠠᠪᠤᠭᠳᠠᠬᠤ ᠶᠢ ᠪᠠᠲᠤᠯᠠᠬᠤ ᠶᠢᠨ ᠲᠥᠯᠥᠭᠡ᠂ ᠹᠧᠩᠵᠧᠨ ᠬᠤᠲᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠭᠦᠢᠴᠡᠳ ᠪᠡᠯᠡᠳᠬᠡᠯ ᠬᠢᠨ᠎ᠡ᠃ ᠨᠢᠭᠡ ᠲᠠᠯ᠎ᠠ ᠪᠠᠷ ᠵᠣᠬᠢᠶᠠᠨ ᠪᠠᠶᠢᠭᠤᠯᠵᠤ ᠬᠤᠷᠠᠯ ᠬᠤᠷᠠᠯᠳᠤᠭᠤᠯᠬᠤ ᠵᠡᠷᠭᠡ ᠬᠡᠯᠪᠡᠷᠢ ᠪᠠᠷ ᠳᠠᠮᠵᠢᠭᠤᠯᠤᠨ᠂ ᠠᠵᠢᠯ ᠤᠨ ᠰᠠᠬᠢᠯᠭ᠎ᠠ ᠪᠠᠲᠤ ᠶᠢ ᠴᠢᠬᠤᠯᠠᠴᠢᠯᠠᠵᠤ᠂ ᠲᠢᠩᠬᠢᠮ ᠳᠤ ᠰᠠᠭᠤᠭ᠎ᠠ ᠪᠥᠬᠦ ᠠᠵᠢᠯᠲᠠᠨ ᠢ ᠴᠠᠭ ᠲᠤᠬᠠᠢ ᠳᠤᠨᠢ ᠠᠵᠢᠯ ᠳᠤ ᠭᠠᠷᠬᠤ ᠪᠠ ᠠᠵᠢᠯ ᠠᠴᠠ ᠪᠠᠭᠤᠬᠤ ᠶᠢ ᠱᠠᠭᠠᠷᠳᠠᠵᠤ᠂ ᠴᠢᠯᠦᠭᠡ ᠭᠤᠶᠤᠬᠤ ᠪᠠ ᠴᠢᠯᠦᠭᠡ ᠲᠠᠶᠢᠯᠬᠤ ᠳᠦᠷᠢᠮ ᠢ ᠴᠢᠩᠭ᠎ᠠ ᠬᠡᠷᠡᠭᠵᠢᠭᠦᠯᠵᠦ᠂ ᠨᠥᠭᠦᠭᠡ ᠲᠠᠯ᠎ᠠ ᠪᠠᠷ ᠶᠡᠭᠡ ᠲᠢᠩᠬᠢᠮ ᠤᠨ ᠲᠣᠨᠤᠭ ᠲᠥᠬᠦᠭᠡᠷᠦᠮᠵᠢ ᠳᠤ ᠪᠥᠬᠦ ᠲᠠᠯ᠎ᠠ ᠶᠢᠨ ᠪᠠᠶᠢᠴᠠᠭᠠᠯᠲᠠ ᠪᠠ ᠬᠠᠮᠠᠭᠠᠯᠠᠯᠲᠠ ᠬᠢᠵᠦ᠂ ᠡᠯ᠎ᠡ ᠵᠦᠢᠯ ᠤᠨ ᠲᠤᠬᠠᠶᠢᠯᠠᠭᠰᠠᠨ ᠠᠵᠢᠯ ᠤᠨ ᠬᠡᠪ ᠤᠨ ᠶᠣᠰᠣᠭᠠᠷ ᠶᠠᠪᠤᠭᠳᠠᠬᠤ ᠶᠢ ᠦᠨᠡᠨᠬᠦ ᠪᠠᠲᠤᠯᠠᠪᠠ᠃        ᠵᠣᠬᠢᠶᠠᠭᠴᠢ᠄ ᠶᠠᠨ ᠰᠢᠶᠠ ᠹᠧᠢ        ᠨᠠᠶᠢᠷᠠᠭᠤᠯᠤᠭᠴᠢ᠄ ᠯᠢ ᠰᠧ ᠬᠤᠢ        ᠬᠢᠨᠠᠨ ᠬᠠᠷᠭᠤᠭᠤᠯᠤᠭᠴᠢ᠄ ᠶᠠᠨ ᠬᠤᠸᠠᠢ ᡁᠢ        ᠤᠷᠴᠢᠭᠤᠯᠤᠭᠴᠢ᠄ ᠬᠠᠨ ᠰᠢᠶᠤᠤ ᠿᠦᠩ        ᠬᠢᠨᠠᠭᠴᠢ᠄ ᠼᠦᠢ ᠶᠢᠩ
 
ᠢᠷᠡᠯᠲᠡ᠄ ᠠᠮᠢᠵᠢᠷᠠᠯ ᠪᠢᠯᠬᠠᠭᠰᠠᠨ ᠹᠧᠩᠵᠧᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000072号-3