| ᠹᠧᠩᠵᠧᠨ ᠬᠤᠲᠠ ᠶᠢᠨ ᠬᠢᠨ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ | ᠪᠠᠷᠢᠮᠲᠠᠯᠠᠨ᠂ ᠲᠦᠭᠡᠮᠡᠯ ᠬᠠᠷᠠᠭᠠᠯᠵᠠᠯ ᠤᠨ ᠴᠢᠨᠠᠷᠲᠠᠢ᠂ ᠰᠠᠭᠤᠷᠢ ᠴᠢᠨᠠᠷᠲᠠᠢ᠂ ᠦᠨᠳᠦᠰᠦᠨ ᠵᠦᠢᠯ ᠢ ᠪᠠᠲᠤᠯᠠᠬᠤ | ᠴᠢᠨᠠᠷᠲᠠᠢ ᠠᠷᠠᠳ ᠤᠨ ᠠᠮᠢᠳᠤᠷᠠᠯ ᠤᠨ ᠲᠥᠷᠥᠯ ᠵᠦᠢᠯ ᠢ ᠪᠥᠬᠦ ᠬᠦᠴᠦᠨ ᠢᠶᠠᠷ ᠢᠶᠠᠨ ᠰᠠᠶᠢᠲᠤᠷ | ᠨᠠᠶᠢᠳᠠᠪᠤᠷᠢᠵᠢᠭᠤᠯᠵᠤ᠂ ᠨᠠᠰᠤᠳᠠᠶᠢᠴᠤᠳ ᠲᠤ ᠲᠣᠬᠢᠷᠠᠬᠤ ᠥᠭᠡᠷᠡᠴᠢᠯᠡᠯᠲᠡ ᠶᠢᠨ ᠠᠵᠢᠯ ᠢ ᠢᠳᠡᠪᠬᠢᠲᠡᠢ ᠠᠬᠢᠭᠤᠯᠤᠨ | ᠨᠠᠰᠤᠵᠢᠯ ᠤᠨ ᠦᠢᠯᠡᠴᠢᠯᠡᠭᠡᠨ ᠤ ᠬᠢᠷᠢ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠨᠠᠰᠤᠲᠠᠶᠢᠴᠤᠳ ᠤᠨ | ᠭᠡᠷ ᠪᠦᠯᠢ ᠶᠢᠨ ᠠᠮᠢᠳᠤᠷᠠᠯ ᠢ ᠨᠠᠩ ᠠᠮᠤᠷ ᠲᠦᠪᠰᠢᠨ᠂ ᠳᠥᠭᠦᠮ ᠳᠥᠲᠡ᠂ ᠲᠠᠭᠠᠯᠠᠮᠵᠢᠲᠠᠢ ᠪᠣᠯᠭᠠᠬᠤ ᠪᠠᠷ | ᠴᠢᠷᠮᠠᠶᠢᠵᠤ ᠪᠠᠶᠢᠨ᠎ᠠ᠃ | | ᠨᠠᠰᠤᠳᠠᠶᠢᠴᠤᠳ ᠲᠤ ᠲᠣᠬᠢᠷᠠᠬᠤ ᠥᠭᠡᠷᠡᠴᠢᠯᠡᠯᠲᠡ ᠶᠢ ᠬᠡᠷᠡᠭᠵᠢᠭᠦᠯᠦᠭᠰᠡᠨ ᠠᠴᠠ ᠨᠠᠰᠢ᠂ ᠹᠧᠩᠵᠧᠨ | ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠬᠢᠨ ᠬᠤᠲᠠ ᠶᠢᠨ ᠨᠠᠮ ᠤᠨ ᠬᠤᠷᠢᠶ᠎ᠠ ᠪᠤᠯᠤᠨ ᠵᠠᠰᠠᠭ ᠤᠨ | ᠣᠷᠳᠣᠨ ᠤ ᠠᠵᠢᠯ ᠤᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠭᠦᠨᠵᠡᠭᠡᠢ ᠨᠠᠶᠢᠳᠠᠪᠤᠷᠢᠵᠢᠭᠤᠯᠵᠤ᠂ ᠥᠨᠳᠥᠷ | ᠨᠠᠰᠤᠲᠠᠢ᠂ ᠴᠢᠳᠠᠪᠤᠷᠢ ᠪᠠᠨ ᠠᠯᠳᠠᠭᠰᠠᠨ᠂ ᠵᠡᠮᠳᠡᠭ ᠨᠠᠰᠤᠲᠠᠨ᠂ ᠬᠤᠲᠠ ᠬᠥᠳᠡᠭᠡ ᠶᠢᠨ ᠠᠮᠢᠳᠤᠷᠠᠯ ᠤᠨ ᠨᠠᠭᠠᠲᠤ | ᠵᠠᠬ᠎ᠠ ᠶᠢᠨ ᠪᠠᠲᠤᠯᠠᠭ᠎ᠠ ᠶᠢᠨ ᠭᠡᠷ ᠪᠦᠯᠢ ᠵᠡᠷᠭᠡ ᠰᠠᠭᠤᠭᠠᠯᠢ ᠠᠷᠠᠳ ᠢᠶᠠᠷ ᠭᠤᠣᠯᠳᠠᠯᠭ᠎ᠠ ᠪᠣᠯᠭᠠᠨ᠂ ᠬᠥᠮᠥᠰ ᠢ | ᠵᠣᠬᠢᠶᠠᠨ ᠪᠠᠶᠢᠭᠤᠯᠤᠨ ᠡᠷᠦᠬᠡ ᠳᠤ ᠬᠦᠷᠴᠦ ᠰᠣᠷᠪᠤᠯᠵᠢᠯᠠᠭ᠎ᠠ ᠬᠢᠵᠦ᠂ ᠥᠷᠭᠡᠨ ᠢᠶᠠᠷ ᠰᠠᠨᠠᠯ ᠬᠤᠷᠢᠶᠠᠬᠤ ᠶᠢᠨ ᠬᠠᠮᠲᠤ | ᠨᠥᠬᠦᠴᠡᠯ ᠳᠤ ᠨᠡᠶᠢᠴᠡᠬᠦ ᠨᠠᠰᠤᠲᠠᠶᠢᠴᠤᠳ ᠢ ᠬᠠᠪᠰᠤᠷᠤᠨ ᠨᠠᠰᠤᠵᠢᠯᠲᠠ ᠳᠤ ᠲᠣᠬᠢᠷᠠᠬᠤ ᠥᠭᠡᠷᠡᠴᠢᠯᠡᠯᠲᠡ ᠶᠢᠨ | ᠭᠤᠶᠤᠴᠢᠯᠠᠯ ᠭᠠᠷᠭᠠᠵᠤ᠂ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢᠨ ᠱᠠᠭᠠᠷᠳᠠᠯᠭ᠎ᠠ ᠶᠣᠰᠣᠭᠠᠷ ᠲᠥᠷᠥᠯ ᠵᠦᠢᠯ ᠢ | ᠬᠡᠷᠡᠭᠵᠢᠭᠦᠯᠪᠡ᠃ ᠹᠧᠩᠵᠧᠨ ᠬᠤᠳᠠ ᠶᠢᠨ ᠬᠤᠩ ᠱᠠ ᠪᠠ ᠶᠢᠨ ᠬᠠᠷᠢᠯᠴᠠᠨ ᠬᠠᠪᠰᠤᠷᠤᠯᠴᠠᠬᠤ ᠵᠣᠯ ᠵᠢᠷᠭᠠᠯ ᠤᠨ | ᠬᠦᠷᠢᠶᠡᠯᠡᠩ ᠤᠨ ᠭᠧᠩ ᠨᠠᠰᠤᠲᠠᠨ ᠤ ᠭᠡᠷ ᠠᠴᠠ ᠨᠠᠰᠤᠳᠠᠶᠢᠴᠤᠳ ᠲᠤ ᠲᠤᠬᠢᠷᠠᠬᠤ ᠥᠭᠡᠷᠡᠴᠢᠯᠡᠯᠲᠡ ᠠᠴᠠ | ᠪᠣᠯᠤᠭᠰᠠᠨ ᠰᠢᠨ᠎ᠡ ᠬᠤᠪᠢᠷᠠᠯᠲᠠ ᠶᠢ ᠭᠦᠨᠵᠡᠭᠡᠢ ᠣᠶᠢᠯᠠᠭᠠᠪᠠ᠃ | | | | | | ᠥᠭᠡᠷᠡᠴᠢᠯᠡᠬᠦ ᠲᠥᠰᠥᠯ ᠢ ᠲᠣᠭᠲᠠᠭᠠᠬᠤ ᠲᠠᠯ᠎ᠠ ᠪᠠᠷ᠂ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠶᠢᠨ | ᠬᠢᠨ ︽ᠨᠢᠭᠡ ᠡᠷᠦᠬᠡ ᠳᠤ ᠨᠢᠭᠡ ᠪᠣᠳᠣᠯᠭ᠎ᠠ ᠬᠡᠷᠡᠭᠵᠢᠭᠦᠯᠬᠦ︾ ᠵᠠᠷᠴᠢᠮ ᠢ ᠪᠠᠷᠢᠮᠲᠠᠯᠠᠨ᠂ ᠨᠠᠰᠤᠲᠠᠶᠢᠴᠤᠳ ᠤᠨ | ᠣᠷᠣᠰᠢᠨ ᠰᠠᠭᠤᠬᠤ ᠣᠷᠴᠢᠨ ᠲᠣᠭᠤᠷᠢᠨ᠂ ᠪᠡᠶ᠎ᠡ ᠮᠠᠬᠠᠪᠤᠳ ᠤᠨ ᠪᠠᠶᠢᠳᠠᠯ᠂ ᠠᠮᠢᠳᠤᠷᠠᠯ ᠤᠨ ᠳᠠᠳᠬᠠᠯ ᠵᠡᠷᠭᠡ | ᠪᠠᠶᠢᠳᠠᠯ ᠤᠨ ᠲᠣᠭᠤᠷᠢᠨ ᠳᠤ᠂ ᠠᠶᠤᠯᠭᠦᠢ ᠴᠢᠨᠠᠷ᠂ ᠲᠥᠬᠦᠮ ᠴᠢᠨᠠᠷ᠂ ᠦᠷᠭᠦᠯᠵᠢᠯᠡᠬᠦ ᠴᠢᠨᠠᠷ ᠢᠶᠠᠷ ᠵᠣᠷᠢᠯᠭ᠎ᠠ | ᠪᠣᠯᠭᠠᠵᠤ᠂ ᠨᠠᠰᠤᠲᠠᠶᠢᠴᠤᠳ ᠤᠨ ᠪᠣᠳᠠᠲᠠᠢ ᠬᠡᠷᠡᠭᠴᠡᠭᠡ ᠱᠠᠭᠠᠷᠳᠠᠯᠭ᠎ᠠ ᠶᠢ ᠨᠠᠷᠢᠯᠢᠭ ᠤᠨᠤᠪᠴᠢᠳᠠᠢ ᠪᠠᠷ ᠵᠣᠯᠭᠠᠭᠤᠯᠵᠤ | ᠨᠠᠰᠤᠲᠠᠶᠢᠴᠤᠳ ᠲᠤ ᠰᠠᠭᠤᠬᠤ ᠲᠥᠬᠦᠮ ᠰᠠᠨᠳᠠᠯᠢ᠂ ᠤᠰᠤ ᠰᠦᠷᠴᠢᠬᠦ ᠵᠣᠷᠯᠣᠩ ᠤᠨ ᠰᠠᠭᠤᠯᠲᠠᠭᠤᠷ᠂ ᠲᠠᠭᠤᠨ | ᠡᠵᠡᠮᠰᠢᠯᠲᠦ ᠴᠠᠬᠢᠯᠭᠠᠨ ᠳ᠋ᠧᠩ᠂ ᠲᠦᠰᠢᠭᠦᠷ ᠵᠡᠷᠭᠡ ᠲᠤᠰᠠᠯᠠᠬᠤ ᠪᠠᠭᠠᠵᠢ ᠬᠡᠷᠡᠭᠰᠡᠯ ᠢ ᠰᠢᠨᠵᠢᠯᠡᠬᠦ ᠤᠬᠠᠭᠠᠨᠴᠢ ᠪᠥᠭᠡᠳ | ᠵᠦᠢ ᠵᠣᠬᠢᠰᠲᠠᠢ ᠪᠠᠷ ᠲᠣᠬᠢᠷᠠᠭᠤᠯᠪᠠ᠃ | | | | ᠵᠣᠬᠢᠶᠠᠭᠴᠢ᠄ ᠭᠦᠸᠧ ᠬᠤᠶ ᠮᠢᠨ | ᠨᠠᠶᠢᠷᠠᠭᠤᠯᠤᠭᠴᠢ᠄ ᠯᠢ ᠰᠧ ᠬᠤᠢ | ᠬᠢᠨᠠᠨ ᠬᠠᠷᠭᠤᠭᠤᠯᠤᠭᠴᠢ᠄ ᠶᠠᠨ ᠬᠤᠸᠠᠢ ᡁᠢ | ᠤᠷᠴᠢᠭᠤᠯᠤᠭᠴᠢ᠄ ᠬᠠᠨ ᠰᠢᠶᠤᠤ ᠿᠦᠩ | ᠬᠢᠨᠠᠭᠴᠢ᠄ ᠼᠦᠢ ᠶᠢᠩ | |