ᠮᠠᠨ ᠤ ᠬᠤᠲᠠ ᠶᠢᠨ ᠴᠠᠭᠠᠨ ᠰᠠᠷ᠎ᠠ ᠶᠢᠨ ᠤᠯᠠᠮᠵᠢᠯᠠᠯᠲᠤ ᠰᠣᠶᠣᠯ ᠤᠨ ᠠᠵᠢᠯᠯᠠᠭ᠎ᠠ ᠵᠠᠯᠭᠠᠭ᠎ᠠ ᠪᠠᠷ ᠡᠬᠢᠯᠡᠪᠡ
ᠨᠡᠶᠢᠲᠡᠯᠡᠭᠰᠡᠨ ᠴᠠᠭ᠄
2025/2/18
  ᠰᠢ ᠶᠢᠨ ᠫᠢᠩ ᠤᠨ ᠰᠣᠶᠣᠯ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠪᠠᠶᠠᠷ ᠤᠨ ᠡᠳᠦᠷ ᠤᠨ ᠬᠤᠭᠤᠴᠠᠭᠠᠨ ᠤ ᠤᠯᠠᠨ ᠲᠦᠮᠡᠨ ᠤ ᠤᠶᠤᠨ ᠤ ᠰᠣᠶᠣᠯ ᠤᠨ ᠠᠮᠢᠳᠤᠷᠠᠯ ᠢ  ᠪᠠᠶᠠᠯᠢᠭᠵᠢᠭᠤᠯᠤᠨ᠂ ᠪᠠᠶᠠᠷ ᠬᠥᠷ ᠲᠠᠢ᠂ ᠪᠣᠯᠪᠠᠰᠤᠨ᠂ ᠥᠯᠵᠡᠢ ᠪᠡᠯᠭᠡ ᠲᠠᠢ ᠪᠠᠶᠠᠷ ᠤᠨ ᠡᠳᠦᠷ ᠤᠨ ᠠᠭᠤᠷ ᠠᠮᠢᠰᠬᠤᠯ ᠢ ᠪᠤᠢ ᠪᠤᠯᠭᠠᠬᠤ ᠶᠢᠨ ᠲᠦᠯᠦᠭᠡ᠂ ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠤᠳᠬ᠎ᠠ ᠤᠷᠠᠯᠢᠭ ᠤᠨ ᠬᠤᠯᠪᠣᠭᠠᠲᠤ ᠠᠩᠭᠢ ᠶᠢᠨ ᠬᠢᠨ 2 ᠰᠠᠷ᠎ᠠ  ᠶᠢᠨ 3 ᠤ ᠡᠳᠦᠷ ︵ᠴᠠᠭᠠᠨ ᠰᠠᠷ᠎ᠠ ᠶᠢᠨ ᠰᠢᠨ᠎ᠡ ᠶᠢᠨ ᠵᠢᠷᠭᠤᠭᠠᠨ︶ ᠠᠴᠠ ᠡᠬᠢᠯᠡᠨ ᠡᠯ᠎ᠡ ᠶᠡᠭᠡ ᠴᠡᠴᠡᠷᠯᠢᠭ ᠤᠨ ᠠᠭᠤᠳᠠᠮ ᠲᠠᠯᠠᠪᠠᠶ ᠳᠤ ᠲᠥᠪᠯᠡᠷᠡᠭᠦᠯᠦᠨ ᠲᠣᠭᠤᠷᠢᠨ ᠲᠣᠭᠯᠠᠯᠲᠠ ᠭᠠᠷᠭᠠᠪᠠ᠃  
   2 ᠰᠠᠷ᠎ᠠ ᠶᠢᠨ 11 ᠤ ᠡᠳᠦᠷ᠂ ᠠᠵᠤ ᠦᠢᠯᠡᠳᠪᠦᠷᠢ ᠶᠢᠨ ᠲᠣᠭᠤᠷᠢᠭ ᠤᠨ ᠤᠳᠬ᠎ᠠ ᠤᠷᠠᠯᠢᠭ ᠤᠨ ᠬᠤᠯᠪᠣᠭᠠᠲᠤ ᠠᠩᠭᠢ᠂ ᠬᠠᠭᠤᠴᠢᠨ ᠬᠤᠲᠠ ᠲᠣᠭᠤᠷᠢᠭ ᠤᠨ ᠤᠳᠬ᠎ᠠ ᠤᠷᠠᠯᠢᠭ ᠤᠨ ᠬᠤᠯᠪᠣᠭᠠᠲᠤ ᠠᠩᠭᠢ᠂ ᠰᠢᠨ᠎ᠡ ᠬᠤᠲᠠ ᠲᠣᠭᠤᠷᠢᠭ ᠤᠨ ᠤᠳᠬ᠎ᠠ ᠤᠷᠠᠯᠢᠭ ᠤᠨ ᠬᠤᠯᠪᠣᠭᠠᠲᠤ ᠠᠩᠭᠢ᠂ ᠬᠤᠲᠠ ᠶᠢᠨ ᠬᠤᠶᠢᠲᠤ ᠲᠣᠭᠤᠷᠢᠭ ᠤᠨ ᠤᠳᠬ᠎ᠠ ᠤᠷᠠᠯᠢᠭ ᠤᠨ ᠬᠤᠯᠪᠣᠭᠠᠲᠤ ᠠᠩᠭᠢ ᠶᠢᠨ ᠬᠢᠨ ᠠᠷᠠᠳ ᠤᠨ ᠴᠡᠴᠡᠷᠯᠢᠭ᠂ ᠥᠷᠲᠡᠭᠡᠨ ᠤ ᠡᠮᠦᠨᠡᠬᠢ ᠲᠠᠯᠠᠪᠠᠶ᠂ ᠲᠢᠶᠧ ᠵᠥᠩ ᠲᠠᠯᠠᠪᠠᠶ᠂ ᠰᠢᠤᠸᠠᠢ ᠭᠠᠩ ᠱᠠᠨ ᠲᠠᠯᠠᠪᠠᠶ ᠳᠤ ᠴᠠᠭᠠᠨ ᠰᠠᠷ᠎ᠠ ᠶᠢᠨ ᠤᠯᠠᠮᠵᠢᠯᠠᠯᠲᠤ ᠵᠠᠩ ᠦᠶᠯᠡ ᠶᠢᠨ ᠤᠳᠬ᠎ᠠ ᠤᠷᠠᠯᠢᠭ ᠤᠨ ᠠᠵᠢᠯᠯᠠᠭ᠎ᠠ ᠦᠷᠨᠢᠭᠦᠯᠪᠡ᠃
   ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠬᠦᠷ ᠬᠥᠭᠵᠢᠶᠡᠨ ᠢᠶᠠᠷ ᠪᠢᠯᠬᠠᠵᠤ᠂ ᠬᠠᠷᠠᠩᠭ᠎ᠠ ᠬᠡᠩᠭᠡᠷᠭᠡ ᠨᠢᠵᠢᠭᠢᠨᠡᠵᠦ᠂ ᠴᠠᠭᠠᠨ ᠰᠠᠷ᠎ᠠ ᠶᠢᠨ ᠠᠶᠠᠰ ᠢ ᠬᠠᠩᠭᠢᠨᠠᠭᠤᠯᠪᠠ᠃ ᠶᠠᠩᠭᠠᠷ ᠪᠥᠵᠢᠭ ᠤᠨ ᠠᠩᠭᠢ ᠶᠢᠨ ᠬᠢᠨ ᠥᠩᠭᠡ ᠢᠯᠭᠠᠷᠠᠮ᠎ᠠ ᠬᠤᠪᠴᠠᠰᠤ ᠵᠠᠰᠠᠯ ᠢᠶᠠᠨ ᠡᠮᠦᠰᠴᠦ᠂ ᠤᠯᠠᠭᠠᠨ ᠨᠢ ᠭᠠᠯ ᠮᠡᠲᠦ᠂ ᠶᠠᠭᠠᠨ ᠨᠢ ᠲᠤᠶᠠᠭ᠎ᠠ ᠮᠡᠲᠦ᠂ ᠨᠣᠭᠤᠭᠠᠨ ᠨᠢ ᠨᠣᠮᠢᠨ ᠬᠠᠰ ᠮᠡᠲᠦ ᠬᠠᠷᠠᠩᠭ᠎ᠠ ᠬᠡᠩᠭᠡᠷᠭᠡ ᠶᠢᠨ ᠲᠠᠭᠤᠨ ᠤ ᠳᠤᠮᠳᠠ ᠳᠡᠪᠬᠡᠷᠦᠨ ᠪᠥᠵᠢᠭᠯᠡᠨ᠎ᠡ᠃ ᠲᠡᠳᠡᠨ ᠤ ᠬᠥᠳᠡᠯᠦᠯ ᠪᠠᠷᠢᠯ ᠨᠢ ᠬᠥᠩᠭᠡᠨ ᠱᠠᠯᠠᠮᠠᠭᠠᠢ᠂ ᠭᠠᠷ ᠲᠠᠬᠢ ᠥᠩᠭᠡᠲᠦ ᠳᠤᠷᠳᠤᠩ ᠨᠢ ᠳᠡᠭᠡᠭᠰᠢ ᠳᠣᠷᠣᠭᠰᠢ ᠤᠷᠪᠠᠵᠤ᠂ ᠪᠠᠶᠠᠷ ᠪᠠᠶᠠᠰᠬᠤᠯᠠᠩᠲᠤ ᠬᠡᠩᠭᠡᠷᠭᠡ ᠶᠢᠨ ᠳᠠᠭᠤᠨ ᠳᠤ ᠠᠮᠢᠳᠤᠷᠠᠯ ᠤᠨ ᠵᠣᠯ ᠵᠢᠷᠭᠠᠯ ᠪᠠ ᠵᠣᠯ ᠵᠢᠷᠭᠠᠯ ᠢ ᠣᠯᠵᠤ᠂ ᠬᠥᠳᠡᠯᠦᠯ ᠪᠠᠷᠢᠯ ᠨᠢᠭᠡᠪᠦᠷᠢ ᠳᠤᠨᠢ ᠰᠢᠨ᠎ᠡ ᠵᠢᠯ ᠤᠨ ᠰᠠᠶᠢᠨ ᠰᠠᠶᠢᠬᠠᠨ ᠢᠷᠦᠭᠡᠯ ᠵᠥᠩᠨᠡᠯ ᠢᠶᠠᠷ ᠪᠢᠯᠬᠠᠪᠠ᠃
   ᠭᠤᠶᠢᠳᠠ ᠰᠠᠶᠢᠬᠠᠨ ᠴᠢᠮᠡᠭᠯᠡᠭᠰᠡᠨ ᠡᠯᠵᠢᠭᠡᠨ ᠲᠡᠷᠭᠡ ᠠᠯᠭᠤᠷ ᠠᠭᠠᠵᠢᠮ ᠢᠶᠠᠷ ᠤᠷᠤᠭᠰᠢᠯᠠᠵᠤ᠂ ᠲᠡᠷᠭᠡ ᠴᠢᠷᠦᠭᠰᠡᠨ ︽ᠡᠯᠵᠢᠭᠡ︾ ᠨᠢ ᠬᠥᠭᠡᠷᠦᠬᠦᠨ ᠪᠠᠶᠢᠳᠠᠯ ᠲᠠᠢ᠂ ᠲᠣᠮᠣ ᠲᠣᠯᠣᠭᠠᠶᠢᠲᠤ ᠬᠡᠦᠬᠡᠳ ᠥᠰᠬᠡᠨ ᠳᠥᠰᠬᠡᠨ ᠲᠠᠢ ᠪᠠᠭ ᠵᠡᠭᠦᠵᠦ᠂ ᠴᠢᠷᠠᠢ ᠳᠤᠨᠢ ᠢᠨᠢᠶᠡᠮᠰᠦᠭᠯᠡᠯ ᠲᠣᠳᠣᠷᠠᠵᠤ᠂ ᠪᠠᠶᠠᠷ ᠪᠠᠶᠠᠰᠬᠤᠯᠠᠩ ᠲᠠᠢ ᠪᠠᠷ ᠠᠯᠬᠤᠯᠠᠨ᠂ ᠶᠠᠭ ᠯᠠ ᠨᠢᠯᠬᠠᠰᠠᠭ ᠵᠠᠩ ᠬᠢᠭᠡᠳ ᠪᠠᠶᠠᠷ ᠪᠠᠶᠠᠰᠤᠯ ᠢ ᠬᠥᠮᠥᠨ ᠪᠦᠬᠦᠨ ᠤ ᠬᠠᠵᠠᠭᠤ ᠳᠤ ᠠᠪᠴᠢᠷᠠᠭᠰᠠᠨ ᠮᠡᠲᠦ ᠪᠠᠶᠢᠵᠤ᠂ ᠠᠮᠢᠳᠤ ᠳᠦᠷᠰᠦᠯᠢᠭ ︽ᠪᠠᠷᠠᠭᠤᠨᠰᠢ ᠵᠣᠷᠴᠢᠭᠰᠠᠨ ᠲᠡᠮᠳᠡᠭᠯᠡᠯ︾ ᠤᠨ ᠬᠥᠮᠥᠰ ᠨᠡᠩ ᠴᠤ ᠲᠤᠮᠤᠭ ᠦᠯᠢᠭᠡᠷ ᠢ ᠪᠣᠳᠠᠲᠤ ᠠᠮᠢᠳᠤᠷᠠᠯ ᠳᠤ ᠨᠡᠭᠦᠯᠭᠡᠨ ᠠᠪᠴᠢᠷᠠᠵᠤ᠂ ᠬᠥᠮᠥᠰ ᠢ ᠬᠠᠴᠢᠨ ᠭᠠᠶᠢᠬᠠᠯᠲᠠᠢ ᠶᠢᠷᠲᠢᠨᠴᠦ ᠳᠤ ᠣᠷᠣᠭᠤᠯᠤᠭᠰᠠᠨ ᠮᠡᠲᠦ ᠪᠤᠯᠭᠠᠪᠠ᠃
   ᠯᠣᠣ ᠪᠠ ᠠᠷᠰᠯᠠᠨ ᠪᠥᠵᠢᠭ ᠤᠨ ᠡᠩᠨᠡᠭᠡ ᠶᠢᠨ ᠬᠢᠨ ᠲᠠᠶᠢᠰᠠᠨ ᠳᠤ ᠭᠠᠷᠤᠮᠠᠭᠴᠠ ᠠᠭᠤᠷ ᠠᠮᠢᠰᠬᠤᠯ ᠢ ᠤᠷᠬᠢᠯ ᠳᠤᠨᠢ ᠬᠦᠷᠭᠡᠪᠡ᠃ ᠪᠦᠬᠦ᠋ᠢᠯᠡ ᠠᠵᠢᠯᠯᠠᠭ᠎ᠠ ᠨᠢ ᠠᠷᠠᠳ ᠤᠨ ᠵᠠᠩ ᠦᠢᠯᠡ ᠶᠢᠨ ᠰᠣᠶᠣᠯ ᠤᠨ ᠥᠪᠡᠷᠮᠢᠴᠡ ᠷᠢᠳᠢ ᠰᠢᠳᠢ ᠶᠢ ᠣᠯᠠᠨ ᠳᠤ ᠮᠡᠳᠡᠷᠡᠭᠦᠯᠦᠭᠰᠡᠨ ᠢᠶᠠᠷ ᠪᠠᠷᠠᠬᠤ ᠦᠭᠡᠢ᠂ ᠨᠡᠩ ᠴᠤ ᠪᠠᠶᠠᠷ ᠳᠤᠷᠠᠰᠬᠠᠯ ᠤᠨ ᠡᠳᠦᠷ ᠲᠤ ᠭᠦᠨ ᠵᠤᠵᠠᠭᠠᠨ ᠰᠣᠶᠣᠯ ᠤᠨ ᠠᠭᠤᠷ ᠠᠮᠢᠰᠬᠤᠯ ᠢ ᠨᠡᠮᠡᠭᠳᠡᠭᠦᠯᠵᠦ᠂ ᠬᠥᠮᠥᠰ ᠤᠨ ᠣᠶᠤᠨ ᠰᠠᠨᠠᠭᠠᠨ ᠤ ᠠᠮᠢᠳᠤᠷᠠᠯ ᠢ ᠪᠠᠶᠠᠯᠢᠭᠵᠢᠭᠤᠯᠪᠠ᠃       ᠵᠣᠬᠢᠶᠠᠭᠴᠢ᠄ ᠵᠠᠩ ᠿᠢ ᠵᠢᠤᠸᠠᠨ  ᠭᠦᠸᠧ ᠾᠦᠢ ᠮᠢᠨ       ᠨᠠᠶᠢᠷᠠᠭᠤᠯᠤᠭᠴᠢ᠄ ᠯᠢ ᠰᠧ ᠬᠤᠢ       ᠬᠢᠨᠠᠨ ᠬᠠᠷᠭᠤᠭᠤᠯᠤᠭᠴᠢ᠄ ᠶᠠᠨ ᠬᠤᠸᠠᠢ ᡁᠢ       ᠤᠷᠴᠢᠭᠤᠯᠤᠭᠴᠢ᠄ ᠬᠠᠨ ᠰᠢᠶᠤᠤ ᠿᠦᠩ       ᠬᠢᠨᠠᠭᠴᠢ᠄ ᠼᠦᠢ ᠶᠢᠩ
 
ᠢᠷᠡᠯᠲᠡ᠄ ᠠᠮᠢᠵᠢᠷᠠᠯ ᠪᠢᠯᠬᠠᠭᠰᠠᠨ ᠹᠧᠩᠵᠧᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000072号-3