| —— ︽ᠬᠤᠸᠠᠷ ᠫᠤᠤᠵᠢᠩ ᠳᠡᠯᠭᠡᠷᠡᠭᠰᠡᠨ ᠭᠤᠶᠤᠬᠠᠨ ᠰᠦᠨᠢ ᠬᠦᠬᠡᠭᠴᠢᠨ ᠮᠣᠭᠠᠢ ᠵᠢᠯ ᠤᠨ | ᠦᠭᠡᠳᠡᠷᠬᠡᠭ ᠬᠠᠪᠤᠷ︾ ᠭᠡᠬᠦ ᠴᠠᠭᠠᠨ ᠰᠠᠷ᠎ᠠ ᠶᠢᠨ ᠠᠷᠪᠠᠨ ᠲᠠᠪᠤᠨ ᠤ ᠬᠤᠸᠠᠷ ᠫᠤᠤᠵᠢᠩ ᠤᠨ ᠦᠳᠡᠰᠢᠯᠡᠭᠡ ᠬᠥᠮᠥᠰ ᠤᠨ | ᠪᠠᠭ᠋ᠠᠷᠬᠠᠯ ᠢ ᠲᠠᠲᠠᠨ᠎ᠠ | | 2 ᠰᠠᠷ᠎ᠠ ᠶᠢᠨ 12 ᠤᠨ ᠣᠷᠣᠢ᠂ ᠹᠧᠩᠵᠧᠨ ᠬᠤᠳᠠ ᠶᠢᠨ ᠵᠠᠰᠠᠭ ᠤᠨ ᠣᠷᠳᠣᠨ ᠤ ᠡᠮᠦᠨᠡᠬᠢ ᠠᠭᠤᠳᠠᠮ ᠲᠠᠯᠠᠪᠠᠢ ᠳᠤ | ᠬᠠᠷᠠᠭ᠎ᠠ ᠪᠣᠯᠣᠨ ᠬᠠᠶᠢᠷ᠎ᠠ ᠰᠡᠳᠬᠢᠯᠭᠡ ᠶᠢᠨ ᠬᠤᠣᠰ ᠦᠪᠡᠳᠡᠭᠰᠢ ᠳᠠᠶᠢᠯᠠᠯᠭ᠎ᠠ ︱ ︽ᠬᠤᠸᠠᠷ ᠫᠤᠤᠵᠢᠩ ᠳᠡᠯᠭᠡᠷᠡᠭᠰᠡᠨ | ᠭᠤᠶᠤᠬᠠᠨ ᠰᠦᠨᠢ ᠬᠦᠬᠡᠭᠴᠢᠨ ᠮᠣᠭᠠᠢ ᠵᠢᠯ ᠤᠨ ᠦᠭᠡᠳᠡᠷᠬᠡᠭ ᠬᠠᠪᠤᠷ︾ ᠭᠡᠬᠦ ᠴᠠᠭᠠᠨ ᠰᠠᠷ᠎ᠠ ᠶᠢᠨ ᠠᠷᠪᠠᠨ ᠲᠠᠪᠤᠨ ᠤ | ᠬᠤᠸᠠᠷ ᠫᠤᠤᠵᠢᠩ ᠤᠨ ᠦᠳᠡᠰᠢᠯᠡᠭᠡ ᠬᠢᠵᠦ᠂ ᠠᠷᠠᠳ ᠤᠯᠠᠨ ᠳᠤ ᠮᠠᠷᠲᠠᠭᠳᠠᠰᠢ ᠦᠭᠡᠢ ᠪᠠᠶᠠᠷ ᠤᠨ ᠡᠳᠦᠷ ᠤᠨ | ᠲᠥᠷᠥᠭᠳᠡᠯ ᠢ ᠬᠦᠷᠳᠡᠭᠡᠪᠡ᠃ | | | | | | | ᠬᠤᠲᠠ ᠶᠢᠨ ᠨᠠᠮ ᠤᠨ ᠬᠤᠷᠢᠶᠠᠨ ᠤ ᠱᠦᠵᠢ ᠯᠢ ᠶᠢᠩ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ | ᠵᠠᠰᠠᠭ ᠤᠨ ᠣᠷᠳᠣᠨ ᠤ ᠬᠤᠲᠠ ᠶᠢᠨ ᠳᠠᠷᠤᠭ᠎ᠠ ᠯᠢ ᠱᠦ ᠸᠧᠢ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠵᠠᠩ ᠬᠤᠩ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ | ᠲᠡᠷᠢᠭᠦᠯᠡᠭᠴᠢ ᠵᠠᠩ ᠵᠢᠶᠦ᠋ᠨ ᠵᠡᠷᠭᠡ ᠬᠤᠲᠠ ᠶᠢᠨ ᠤᠳᠤᠷᠢᠳᠤᠯᠭ᠎ᠠ ᠨᠠᠷ ᠥᠷᠭᠡᠨ ᠣᠯᠠᠨ ᠺᠠᠳ᠋ᠷ ᠣᠯᠠᠨ ᠲᠦᠮᠡᠨ ᠲᠠᠢ | ᠬᠠᠮᠳᠤᠪᠠᠷ ᠡᠨᠡᠬᠦ ᠭᠤᠶᠢᠳᠠ ᠰᠠᠶᠢᠬᠠᠨ ᠦᠳᠡᠰᠢᠯᠡᠭᠡ ᠪᠣᠯᠣᠨ ᠬᠤᠸᠠᠷ ᠫᠤᠤᠵᠢᠩ ᠤᠨ ᠲᠣᠭᠯᠠᠯᠲᠠ ᠶᠢ ᠰᠣᠨᠢᠷᠬᠠᠵᠤ᠂ | ᠪᠠᠶᠠᠷ ᠤᠨ ᠡᠳᠦᠷ ᠤᠨ ᠠᠭᠤᠷ ᠠᠮᠢᠰᠬᠤᠯ ᠢ ᠬᠠᠮᠳᠤᠪᠠᠷ ᠪᠡᠯᠭᠡᠯᠡᠪᠡ᠃ | | | | | | | ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠯᠢ ᠶᠢᠩ᠂ ᠯᠢ ᠱᠦ ᠸᠧᠢ᠂ ᠵᠠᠩ ᠬᠤᠩ᠂ ᠵᠠᠩ ᠵᠢᠶᠦ᠋ᠨ ᠬᠠᠮᠲᠤᠪᠠᠷ | ᠬᠥᠭᠵᠢᠯ ᠴᠡᠴᠡᠭᠯᠡᠯ ᠪᠠ ᠬᠦᠰᠡᠯ ᠡᠷᠡᠮᠡᠯᠵᠡᠯ ᠢ ᠪᠡᠯᠭᠡᠳᠡᠭᠰᠡᠨ 2025 ᠣᠨ ᠤ ᠴᠠᠭᠠᠨ ᠰᠠᠷ᠎ᠠ ᠶᠢᠨ ᠠᠷᠪᠠᠨ ᠲᠠᠪᠤᠨ ᠤ | ᠪᠠᠶᠠᠷ ᠤᠨ ᠬᠥᠭᠵᠢᠶᠡᠨᠲᠦ ᠭᠠᠯ ᠢ ᠨᠣᠴᠣᠭᠠᠪᠠ᠃ ᠳᠦᠷᠡᠯᠵᠡᠭᠰᠡᠨ ᠭᠠᠯ ᠰᠥᠨᠢ ᠶᠢᠨ ᠣᠭᠲᠠᠷᠭᠤᠢ ᠶᠢ | ᠭᠡᠷᠡᠯᠲᠦᠭᠦᠯᠦᠭᠰᠡᠨ ᠢᠶᠠᠷ ᠪᠠᠷᠠᠬᠤ ᠦᠭᠡᠢ᠂ ᠪᠠᠰᠠ ᠹᠧᠩᠵᠧᠨ ᠬᠤᠲᠠ ᠶᠢᠨ ᠰᠢᠨ᠎ᠡ ᠨᠢᠭᠡᠨ ᠵᠢᠯ ᠳᠤ ᠠᠵᠤ ᠠᠬᠤᠢ ᠥᠷᠨᠢᠨ | ᠬᠥᠭᠵᠢᠵᠦ᠂ ᠠᠷᠠᠳ ᠤᠨ ᠠᠮᠢᠳᠤᠷᠠᠯ ᠨᠠᠩ ᠵᠣᠯ ᠵᠢᠷᠭᠠᠯ ᠲᠠᠢ ᠪᠣᠯᠵᠤ᠂ ᠡᠯ᠎ᠡ ᠵᠦᠢᠯ ᠤᠨ ᠠᠵᠢᠯ ᠦᠢᠯᠡᠰ ᠡᠳᠦᠷ ᠠᠴᠠ | ᠡᠳᠦᠷ ᠥᠭᠡᠳᠡᠯᠡᠨ ᠮᠠᠨᠳᠤᠵᠤ ᠪᠠᠶᠢᠬᠤ ᠶᠢ ᠪᠡᠯᠭᠡᠳᠡᠪᠡ᠃ ᠯᠢ ᠶᠢᠩ ᠨᠠᠷ ᠪᠠᠰᠠ ᠥᠷᠭᠡᠨ ᠤᠯᠠᠨ ᠠᠷᠠᠳ ᠲᠦᠮᠡᠨ ᠲᠠᠢ | ᠬᠠᠮᠲᠤ ᠥᠯᠵᠡᠶᠢᠲᠦ ᠪᠣᠭᠤᠷᠰᠤᠭ ᠢᠳᠡᠵᠦ᠂ ᠣᠨᠢᠰᠤᠭ᠎ᠠ ᠲᠠᠭᠠᠵᠦ᠂ ᠪᠠᠶᠠᠷ ᠤᠨ ᠡᠳᠦᠷ ᠤᠨ ᠠᠭᠤᠷ ᠠᠮᠢᠰᠬᠤᠯ ᠢ | ᠬᠠᠮᠲᠤᠪᠠᠷ ᠣᠶᠢᠯᠠᠭᠠᠪᠠ᠃ | | | | | | | ᠦᠳᠡᠰᠢᠯᠡᠭᠡ ᠳᠡᠭᠡᠷ᠎ᠡ᠂ ᠨᠠᠷᠢᠨ ᠨᠢᠮᠪᠠᠢ ᠨᠠᠶᠢᠷᠠᠭᠤᠯᠤᠭᠰᠠᠨ ᠳᠠᠭᠤᠤ᠂ ᠪᠥᠵᠢᠭ ᠵᠡᠷᠭᠡ ᠲᠣᠭᠯᠠᠯᠲᠠ ᠡᠭᠡᠯᠵᠢᠯᠡᠨ | ᠲᠤᠭᠯᠠᠭᠳᠠᠵᠤ᠂ ᠲᠣᠭᠯᠠᠭᠴᠢᠳ ᠢᠷᠠᠭᠤ ᠰᠠᠶᠢᠬᠠᠨ ᠳᠠᠭᠤᠤ ᠪᠠ ᠰᠡᠳᠬᠢᠯ ᠬᠥᠳᠡᠯᠭᠡᠮ᠎ᠡ ᠪᠥᠵᠢᠭ ᠤᠨ ᠳᠦᠷᠢ ᠪᠠᠷ ᠢᠶᠠᠨ | ᠲᠤᠬᠠᠢ ᠶᠢᠨ ᠲᠠᠯᠠᠪᠠᠢ ᠶᠢᠨ ᠦᠵᠡᠭᠴᠢᠳ ᠨᠢᠭᠡᠪᠦᠷᠢ ᠶᠢᠨ ᠤᠷᠮ᠎ᠠ ᠵᠣᠷᠢᠭ ᠢ ᠬᠥᠭᠵᠢᠭᠡᠪᠡ᠃ ᠭᠤᠶᠢᠳᠠ ᠰᠠᠶᠢᠬᠠᠨ | ᠲᠣᠭᠯᠠᠯᠲᠠ ᠨᠢ ᠨᠢᠵᠢᠭᠢᠨᠡᠲᠡᠯ᠎ᠡ ᠠᠯᠠᠭ᠎ᠠ ᠲᠡᠰᠢᠯᠲᠡ ᠶᠢᠨ ᠲᠠᠭᠤᠨ ᠪᠠ ᠤᠷᠠᠶᠢᠯᠠᠯ ᠤᠨ ᠲᠠᠭᠤᠨ ᠢ ᠣᠯᠵᠤ᠂ ᠵᠠᠰᠠᠭ ᠤᠨ | ᠣᠷᠳᠣᠨ ᠤ ᠡᠮᠦᠨᠡᠬᠢ ᠠᠭᠤᠳᠠᠮ ᠲᠠᠯᠠᠪᠠᠢ ᠳᠤ ᠪᠠᠶᠠᠷ ᠪᠠᠶᠠᠰᠬᠤᠯᠠᠩ ᠢᠶᠠᠷ ᠳᠦᠭᠦᠷᠪᠡ᠃ | | | | | | ᠳᠠᠷᠠᠭ᠎ᠠ ᠨᠢ᠂ ᠯᠢ ᠶᠢᠩ ᠬᠤᠸᠠᠷ ᠫᠤᠤᠵᠢᠩ ᠤᠨ ᠦᠵᠡᠭᠦᠯᠦᠯᠭᠡ ᠡᠬᠢᠯᠡᠭᠰᠡᠨ ᠢ ᠵᠠᠷᠯᠠᠵᠤ᠂ ᠦᠳᠡᠰᠢᠯᠡᠭᠡ ᠶᠢ ᠰᠢᠨ᠎ᠡ | ᠥᠷᠨᠢᠯᠲᠡ ᠳᠤ ᠬᠦᠷᠭᠡᠪᠡ᠃ ᠥᠩᠭᠡ ᠢᠯᠭᠠᠷᠠᠭᠰᠠᠨ ᠬᠤᠸᠠᠷ ᠫᠤᠤᠵᠢᠩ ᠣᠭᠲᠠᠷᠭᠤᠢ ᠳᠤ ᠳᠡᠭᠳᠡᠨ᠂ ᠦᠵᠡᠰᠬᠦᠯᠡᠩ | ᠰᠠᠶᠢᠬᠠᠨ ᠳᠡᠯᠭᠡᠷᠡᠵᠦ᠂ ᠡᠯ᠎ᠡ ᠵᠦᠢᠯ ᠤᠨ ᠥᠩᠭᠡ ᠪᠤᠳᠤᠭ ᠪᠠ ᠬᠡᠯᠪᠡᠷᠢ ᠳᠦᠷᠰᠦ ᠲᠠᠢ ᠬᠤᠸᠠᠷ ᠫᠤᠤᠵᠢᠩ ᠣᠭᠲᠠᠷᠭᠤᠢ ᠳᠤ | ᠰᠣᠯᠪᠢᠴᠠᠨ ᠭᠡᠷᠡᠯᠲᠦᠵᠦ᠂ ᠹᠧᠩᠵᠧᠨ ᠬᠤᠲᠠ ᠶᠢᠨ ᠥᠪᠡᠷᠮᠢᠴᠡ ᠰᠣᠶᠣᠯ ᠤᠨ ᠷᠢᠳᠢ ᠰᠢᠳᠢ ᠶᠢ ᠢᠯᠡᠷᠡᠭᠦᠯᠦᠭᠰᠡᠨ ᠢᠶᠠᠷ | ᠪᠠᠷᠠᠬᠤ ᠦᠭᠡᠢ᠂ ᠬᠤᠲᠠ ᠶᠢᠨ ᠨᠠᠮ ᠤᠨ ᠬᠤᠷᠢᠶ᠎ᠠ ᠪᠤᠯᠤᠨ ᠵᠠᠰᠠᠭ ᠤᠨ ᠣᠷᠳᠣᠨ ᠤ ᠪᠥᠬᠦ ᠬᠤᠲᠠ ᠶᠢᠨ ᠠᠷᠠᠳ ᠲᠦᠮᠡᠨ ᠳᠤ | ᠥᠭᠭᠦᠭᠰᠡᠨ ᠭᠦᠨ ᠵᠤᠵᠠᠭᠠᠨ ᠵᠥᠩᠨᠡᠯ ᠢ ᠴᠦ ᠳᠠᠮᠵᠢᠭᠤᠯᠤᠭᠰᠠᠨ ᠪᠠᠶᠢᠨ᠎ᠠ᠃ ᠲᠤᠬᠠᠢ ᠶᠢᠨ ᠲᠠᠯᠠᠪᠠᠢ ᠶᠢᠨ ᠦᠵᠡᠭᠴᠢᠳ ᠡᠨᠡᠬᠦ | ᠬᠠᠷᠠᠭᠠᠨ ᠰᠡᠷᠡᠯ ᠤᠨ ᠦᠪᠡᠳᠡᠭᠰᠢ ᠳᠠᠶᠢᠯᠠᠯᠭ᠎ᠠ ᠳᠤ ᠣᠷᠣᠯᠴᠠᠵᠤ᠂ ᠡᠨᠡᠬᠦ ᠬᠦᠰᠡᠯ ᠡᠷᠡᠮᠡᠯᠵᠡᠯ ᠪᠠ ᠪᠠᠶᠠᠷ ᠪᠠᠭ᠋ᠠᠳᠤᠯ ᠢᠶᠠᠷ | ᠪᠢᠯᠬᠠᠭᠰᠠᠨ ᠴᠠᠭᠠᠨ ᠰᠠᠷ᠎ᠠ ᠶᠢᠨ ᠠᠷᠪᠠᠨ ᠲᠠᠪᠤᠨ ᠤ ᠪᠠᠶᠠᠷ ᠢ ᠬᠠᠮᠲᠤᠪᠠᠷ ᠪᠡᠯᠭᠡᠯᠡᠪᠡ᠃ | | | | ᠨᠠᠶᠢᠷᠠᠭᠤᠯᠤᠭᠴᠢ᠄ ᠯᠢ ᠰᠧ ᠬᠤᠢ | ᠬᠢᠨᠠᠨ ᠬᠠᠷᠭᠤᠭᠤᠯᠤᠭᠴᠢ᠄ ᠶᠠᠨ ᠬᠤᠸᠠᠢ ᡁᠢ | ᠤᠷᠴᠢᠭᠤᠯᠤᠭᠴᠢ᠄ ᠬᠠᠨ ᠰᠢᠶᠤᠤ ᠿᠦᠩ | ᠬᠢᠨᠠᠭᠴᠢ᠄ ᠼᠦᠢ ᠶᠢᠩ | |