ᠦᠨᠡᠨ ᠰᠡᠳᠭᠢᠯ ᠨᠢ ᠬᠥᠮᠥᠨ ᠤ ᠶᠢᠷᠲᠢᠨᠴᠦ ᠶᠢ ᠳᠤᠯᠠᠭᠠᠴᠠᠭᠤᠯᠵᠤ ᠬᠠᠶᠢᠷ᠎ᠠ ᠬᠠᠯᠠᠮᠵᠢᠯᠠᠯ ᠨᠢ ᠵᠤᠯ ᠵᠢᠷᠭᠠᠯ ᠤᠨ ᠬᠦᠷᠢᠶᠡᠯᠡᠩ ᠳᠤ ᠪᠤᠢ
ᠨᠡᠶᠢᠲᠡᠯᠡᠭᠰᠡᠨ ᠴᠠᠭ᠄
2025/2/20
   ᠳᠤᠮᠳᠠᠳᠤ ᠶᠢᠨ ᠦᠨᠳᠦᠰᠦᠲᠡᠨ ᠤ ᠨᠠᠰᠤᠲᠠᠨ ᠢᠶᠠᠨ ᠳᠡᠭᠡᠳᠦᠯᠡᠬᠦ᠂ ᠨᠠᠰᠤᠲᠠᠨ ᠢᠶᠠᠨ ᠬᠦᠨᠳᠦᠯᠡᠬᠦ᠂ ᠨᠠᠰᠤᠲᠠᠨ ᠢᠶᠠᠨ ᠬᠠᠶᠢᠷᠠᠯᠠᠬᠤ᠂ ᠨᠠᠰᠤᠲᠠᠨ ᠢᠶᠠᠨ ᠬᠠᠪᠰᠤᠷᠬᠤ ᠤᠯᠠᠮᠵᠢᠯᠠᠯᠲᠤ ᠰᠠᠶᠢᠬᠠᠨ ᠰᠤᠷᠲᠠᠯ ᠢ  ᠪᠠᠳᠠᠷᠠᠭᠤᠯᠤᠨ᠂ ᠨᠠᠰᠤᠲᠠᠶᠢᠴᠤᠳ ᠲᠤ ᠨᠡᠶᠢᠭᠡᠮ ᠤᠨ ᠶᠡᠭᠡ ᠭᠡᠷ ᠪᠦᠯᠢ ᠶᠢᠨ ᠬᠠᠶᠢᠷ᠎ᠠ ᠬᠠᠯᠠᠮᠵᠢ ᠪᠠ ᠬᠠᠯᠠᠭᠤᠨ ᠳᠤᠯᠠᠭᠠᠨ ᠢ ᠬᠦᠷᠲᠡᠭᠡᠬᠦ ᠶᠢᠨ ᠲᠦᠯᠦᠭᠡ᠂ 2 ᠰᠠᠷ᠎ᠠ ᠶᠢᠨ 18 ᠤ ᠡᠳᠦᠷ᠂ ᠰᠠᠨ ᠢ ᠴᠢᠤᠸᠠᠨ ᠪᠠᠯᠭᠠᠰᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠦᠢᠯᠡᠳᠦᠯᠭᠡ ᠶᠢᠨ ᠭᠠᠵᠠᠷ ᠤᠨ ᠬᠢᠨ ᠤᠯᠠᠭᠠᠨᠴᠠᠪ ᠬᠤᠲᠠ ᠶᠢᠨ ᠨᠡᠶᠢᠲᠡ ᠶᠢᠨ ᠠᠰᠠᠷᠠᠮᠵᠢ ᠶᠢ ᠠᠬᠢᠭᠤᠯᠬᠤ ᠬᠤᠷᠠᠯ ᠲᠠᠢ ᠬᠠᠮᠲᠤᠷᠠᠨ᠂ ᠰᠠᠨ ᠢ ᠴᠢᠤᠸᠠᠨ ᠪᠠᠯᠭᠠᠰᠤᠨ ᠤ ᠮᠠᠮᠢᠲ᠋ᠦ᠋ ᠵᠣᠯ ᠵᠢᠷᠭᠠᠯ ᠤᠨ ᠬᠦᠷᠢᠶᠡᠯᠡᠩ ᠳᠤ ︽ᠦᠨᠡᠨ ᠰᠡᠳᠭᠢᠯ ᠨᠢ ᠬᠥᠮᠥᠨ ᠤ ᠶᠢᠷᠲᠢᠨᠴᠦ ᠶᠢ ᠳᠤᠯᠠᠭᠠᠴᠠᠭᠤᠯᠵᠤ ᠬᠠᠶᠢᠷ᠎ᠠ ᠬᠠᠯᠠᠮᠵᠢᠯᠠᠯ ᠨᠢ ᠵᠤᠯ ᠵᠢᠷᠭᠠᠯ ᠤᠨ ᠬᠦᠷᠢᠶᠡᠯᠡᠩ ᠳᠤ ᠪᠤᠢ︾ ᠭᠡᠬᠦ ᠪᠣᠯᠪᠠᠰᠤᠨ ᠦᠢᠯᠡᠳᠦᠯᠭᠡ ᠶᠢᠨ ᠠᠵᠢᠯᠯᠠᠭ᠎ᠠ ᠶᠢ ᠥᠷᠨᠢᠭᠦᠯᠪᠡ᠃ ᠲᠣᠰ ᠤᠳᠠᠭᠠᠨ ᠤ ᠠᠵᠢᠯᠯᠠᠭ᠎ᠠ ᠳᠤ ᠮᠠᠰᠢ ᠣᠯᠠᠨ ᠰᠠᠶᠢᠨ ᠳᠤᠷ᠎ᠠ ᠶᠢᠨ ᠠᠵᠢᠯᠯᠠᠭᠴᠢᠳ ᠢᠳᠡᠪᠬᠢᠲᠡᠢ ᠪᠠᠷ ᠣᠷᠣᠯᠴᠠᠵᠤ᠂ ᠵᠣᠯ ᠵᠢᠷᠭᠠᠯ ᠤᠨ ᠬᠦᠷᠢᠶᠡᠯᠡᠩ ᠤᠨ ᠨᠠᠰᠤᠲᠠᠶᠢᠴᠤᠳ ᠲᠤ ᠡᠳ᠋ ᠪᠣᠳᠠᠰ ᠤᠨ ᠬᠠᠯᠠᠮᠵᠢᠯᠠᠯ ᠪᠠ ᠣᠶᠤᠨ ᠰᠠᠨᠠᠭᠠᠨ ᠤ ᠲᠠᠶᠢᠳᠬᠤᠷᠠᠭᠤᠯᠤᠯ ᠬᠦᠷᠳᠡᠭᠡᠪᠡ᠃
   ᠠᠵᠢᠯᠯᠠᠭ᠎ᠠ ᠶᠢᠨ ᠲᠤᠬᠠᠢ ᠶᠢᠨ ᠡᠳᠦᠷ᠂ ᠰᠠᠶᠢᠨ ᠳᠤᠷ᠎ᠠ ᠶᠢᠨ ᠠᠵᠢᠯᠯᠠᠭᠴᠢᠳ ᠠᠯᠢ ᠡᠷᠲᠡ ᠵᠣᠯ ᠵᠢᠷᠭᠠᠯ ᠤᠨ ᠬᠦᠷᠢᠶᠡᠯᠡᠩ ᠳᠤ ᠬᠦᠷᠴᠦ᠂ ᠮᠠᠰᠢ ᠲᠦᠷᠭᠡᠨ ᠢᠶᠠᠷ ᠡᠯ᠎ᠡ ᠵᠦᠢᠯ ᠤᠨ ᠦᠢᠯᠡᠴᠢᠯᠡᠭᠡ ᠳᠤ  ᠤᠷᠤᠯᠴᠠᠨ᠎ᠠ᠃ ᠦᠰᠦ ᠵᠠᠰᠠᠬᠤ ᠣᠷᠣᠨ ᠳᠤ᠂ ᠲᠤᠰᠬᠠᠢ ᠮᠡᠷᠭᠡᠵᠢᠯ ᠤᠨ ᠰᠠᠶᠢᠨ ᠳᠤᠷ᠎ᠠ ᠶᠢᠨ ᠠᠵᠢᠯᠯᠠᠭᠴᠢ ᠭᠠᠷ ᠲᠠᠭᠠᠨ ᠪᠠᠭᠠᠵᠢ ᠬᠡᠷᠡᠭᠰᠡᠯ ᠪᠠᠷᠢᠵᠤ᠂ ᠨᠠᠰᠤᠲᠠᠨ ᠨᠢᠭᠡᠪᠦᠷᠢ ᠶᠢᠨ ᠦᠰᠦ ᠭᠡᠵᠢᠭᠡ ᠶᠢ ᠨᠠᠷᠢᠨ ᠨᠢᠮᠪᠠᠢ ᠬᠠᠶᠢᠴᠢᠯᠠᠵᠤ ᠦᠭᠭᠦᠨ᠎ᠡ᠃ ᠲᠡᠳᠡ ᠨᠠᠰᠤᠲᠠᠶᠢᠴᠤᠳ ᠤᠨ ᠬᠡᠷᠡᠭᠴᠡᠭᠡ ᠪᠣᠯᠣᠨ ᠳᠤᠷ᠎ᠠ ᠰᠣᠨᠢᠷᠬᠠᠯ ᠢ ᠦᠨᠳᠦᠰᠦᠯᠡᠨ ᠭᠡᠵᠢᠭᠡᠨ ᠤ ᠬᠡᠯᠪᠡᠷᠢ ᠶᠢ ᠵᠢᠷᠤᠵᠤ ᠲᠥᠯᠥᠪᠯᠡᠨ᠂ ᠦᠰᠦ ᠵᠠᠰᠠᠬᠤ ᠶᠢᠨ ᠳᠠᠭᠠᠤ ᠨᠠᠰᠤᠲᠠᠶᠢᠴᠤᠳ ᠲᠠᠢ ᠳᠣᠲᠣᠨᠣᠰᠤᠭ ᠢᠶᠠᠷ ᠶᠠᠷᠢᠯᠴᠠᠵᠤ᠂ ᠪᠦᠬᠦ ᠠᠵᠢᠯᠯᠠᠭ᠎ᠠ ᠶᠢᠨ ᠠᠬᠤᠢ ᠲᠠᠯᠠᠪᠠᠢ ᠳᠤ ᠪᠠᠶᠠᠷ ᠬᠦᠷ ᠲᠠᠢ ᠢᠨᠢᠶᠡᠳᠤ ᠴᠤᠤᠷᠢᠶᠠᠳᠤᠵᠤ᠂ ᠦᠰᠦ ᠪᠠᠨ ᠵᠠᠰᠠᠭᠤᠯᠵᠤ ᠪᠠᠷᠠᠭᠰᠠᠨ ᠨᠠᠰᠣᠳᠠᠨ ᠤ ᠴᠤᠭ ᠵᠢᠪᠬᠤᠭ᠎ᠠ ᠨᠢ ᠪᠠᠳᠠᠷᠠᠵᠤ᠂ ᠴᠢᠷᠠᠢ ᠳᠤᠨᠢ ᠬᠠᠨᠤᠮᠵᠢᠲᠠᠶ ᠢᠨᠢᠶᠡᠮᠰᠦᠭᠯᠡᠯ ᠲᠣᠳᠣᠷᠠᠨ᠎ᠠ᠃    ᠵᠣᠭᠤᠭᠳᠠᠵᠤ ᠪᠠᠷ᠎ᠠ ᠪᠣᠯᠬᠤ ᠲᠣᠭᠤᠷᠢᠭ ᠲᠤ᠂ ᠰᠠᠶᠢᠨ ᠳᠤᠷ᠎ᠠ ᠶᠢᠨ ᠠᠵᠢᠯᠯᠠᠭᠴᠢᠳ ᠨᠠᠰᠤᠲᠠᠶᠢᠴᠤᠳ ᠤᠨ ᠳᠡᠷᠭᠡᠳᠡ ᠲᠣᠭᠤᠷᠢᠨ ᠰᠠᠭᠤᠵᠤ᠂ ᠲᠡᠳᠡᠨ ᠤ ᠥᠩᠭᠡᠷᠡᠭᠰᠡᠨ ᠤ ᠦᠯᠢᠬᠡᠷ ᠪᠣᠯᠣᠨ ᠠᠮᠢᠳᠤᠷᠠᠯ ᠤᠨ ᠳᠤᠮᠳᠠᠬᠢ ᠵᠢᠵᠢᠭ ᠰᠠᠵᠢᠭ ᠵᠦᠢᠯ ᠢ ᠨᠠᠷᠢᠨ ᠬᠢᠨᠠᠮᠠᠭᠠᠢ ᠰᠣᠨᠣᠰᠴᠤ ᠪᠠᠶᠢᠯ᠎ᠠ᠃ ᠨᠠᠰᠤᠲᠠᠶᠢᠴᠤᠳ ᠶᠠᠷᠢᠶᠠᠨ ᠤ ᠬᠠᠶᠢᠷᠴᠠᠭ ᠢᠶᠠᠨ ᠳᠡᠯᠭᠡᠵᠦ᠂ ᠥᠪᠡᠷ ᠤᠨ ᠠᠮᠢᠳᠤᠷᠠᠯ ᠤᠨ ᠥᠩᠭᠡᠷᠡᠯᠲᠡ ᠪᠠᠨ ᠬᠤᠪᠢᠶᠠᠯᠴᠠᠬᠤ ᠳᠤ᠂ ᠰᠠᠶᠢᠨ ᠳᠤᠷ᠎ᠠ ᠶᠢᠨ ᠦᠢᠯᠡᠴᠢᠯᠡᠭᠴᠢᠳ ᠪᠠᠶᠢᠨ ᠪᠠᠶᠢᠨ ᠬᠠᠷᠢᠭᠤ ᠥᠭᠴᠦ᠂ ᠲᠤᠬᠠᠢ ᠶᠢᠨ ᠲᠠᠯᠠᠪᠠᠢ ᠶᠢᠨ ᠠᠭᠤᠷ ᠠᠮᠢᠰᠬᠤᠯ ᠬᠠᠯᠠᠭᠤᠨ ᠳᠤᠯᠠᠭᠠᠨ ᠪᠥᠭᠡᠳ ᠡᠶ᠎ᠡ ᠨᠠᠶᠢᠷᠲᠠᠢ ᠪᠠᠶᠢᠯ᠎ᠠ᠃ ᠡᠨᠡ ᠨᠢ ᠨᠠᠰᠤᠲᠠᠶᠢᠴᠤᠳ ᠲᠤ ᠬᠠᠨᠢ ᠪᠤᠯᠵᠤ ᠬᠠᠯᠠᠭᠤᠨ ᠳᠤᠯᠠᠭᠠᠨ ᠢ ᠮᠡᠳᠡᠷᠡᠭᠦᠯᠦᠭᠰᠡᠨ ᠢᠶᠠᠷ ᠪᠠᠷᠠᠬᠤ ᠦᠭᠡᠢ᠂ ᠵᠠᠯᠠᠭᠤ ᠨᠢᠭᠡ ᠦᠶ᠎ᠡ ᠶᠢᠨ ᠬᠢᠨ ᠳᠤ ᠴᠦ ᠲᠡᠳᠡᠨ ᠤ ᠦᠯᠢᠭᠡᠷ ᠠᠴᠠ ᠬᠥᠮᠥᠨ ᠤ ᠠᠮᠢᠳᠤᠷᠠᠯ ᠤᠨ ᠤᠶᠤᠨ ᠤᠬᠠᠭᠠᠨ ᠢ ᠬᠦᠷᠲᠡᠭᠡᠭᠰᠡᠨ ᠪᠠᠶᠢᠨ᠎ᠠ᠃    ᠨᠠᠰᠤᠲᠠᠶᠢᠴᠤᠳ ᠤᠨ ᠢᠳᠡᠭᠡᠨ ᠤᠮᠳᠠᠭᠠᠨ ᠤ ᠡᠷᠡᠭᠦᠯ ᠮᠡᠨᠳᠦ ᠶᠢ ᠪᠠᠲᠤᠯᠠᠬᠤ ᠶᠢᠨ ᠲᠥᠯᠥᠭᠡ᠂ ᠰᠠᠶᠢᠨ ᠳᠤᠷ᠎ᠠ ᠶᠢᠨ ᠠᠵᠢᠯᠯᠠᠭᠴᠢᠳ ᠪᠠᠰᠠ ᠲᠡᠳᠡᠨ ᠳᠤ ᠪᠣᠬᠢᠷᠲᠤᠯ ᠦᠭᠡᠢ ᠣᠷᠭᠠᠨᠢᠭ ᠢᠳᠡᠰᠢᠨ ᠨᠣᠭᠤᠭ᠎ᠠ ᠬᠦᠷᠭᠡᠵᠦ ᠥᠭᠭᠦᠭᠰᠡᠨ ᠪᠠᠶᠢᠨ᠎ᠠ᠃ ᠬᠥᠳᠡᠯᠵᠦ ᠪᠠᠷᠢᠬᠤ ᠳᠤ ᠳᠥᠭᠦᠮ ᠦᠭᠡᠢ ᠨᠠᠰᠤᠲᠠᠶᠢᠴᠤᠳ ᠲᠤ ᠰᠠᠶᠢᠨ ᠳᠤᠷ᠎ᠠ ᠶᠢᠨ ᠦᠢᠯᠡᠴᠢᠯᠡᠭᠴᠢᠳ ᠢᠳᠡᠰᠢᠨ ᠨᠣᠭᠤᠭ᠎ᠠ ᠶᠢ ᠳᠡᠷᠭᠡᠲᠡ ᠨᠢ ᠬᠦᠷᠭᠡᠵᠦ᠂ ᠨᠠᠰᠤᠲᠠᠶᠢᠴᠤᠳ ᠤᠨ ᠪᠡᠶ᠎ᠡ ᠶᠢᠨ ᠪᠠᠶᠢᠳᠠᠯ ᠪᠣᠯᠣᠨ ᠠᠮᠢᠳᠤᠷᠠᠯ ᠤᠨ ᠱᠠᠭᠠᠷᠳᠠᠯᠭ᠎ᠠ ᠶᠢ ᠨᠠᠷᠢᠨ ᠠᠰᠠᠭᠤᠨ ᠯᠠᠪᠯᠠᠵᠤ᠂ ᠨᠠᠰᠤᠲᠠᠶᠢᠴᠤᠳ ᠲᠤ ᠢᠳᠡᠭᠡᠨ ᠤᠮᠳᠠᠭᠠᠨ ᠪᠣᠯᠣᠨ ᠳᠤᠯᠠᠭᠠᠯᠠᠭ᠎ᠠ ᠶᠢ ᠠᠩᠬᠠᠷᠤᠭᠠᠷᠠᠢ ᠭᠡᠵᠦ ᠵᠠᠬᠢᠪᠠ᠃ ᠨᠠᠰᠤᠲᠠᠶᠢᠴᠤᠳ ᠲᠤᠰ ᠲᠤᠰ ᠲᠠᠯᠠᠷᠬᠠᠯ ᠢᠶᠠᠨ ᠢᠯᠡᠳᠭᠡᠵᠡᠭᠡᠵᠦ᠂ ᠪᠣᠷᠣᠭᠵᠢᠭᠤᠨ ᠦᠭᠡ ᠶᠠᠷᠢᠶᠠᠨ ᠳᠤ ᠨᠢ ᠰᠠᠶᠢᠨ ᠳᠤᠷ᠎ᠠ ᠶᠢᠨ ᠠᠵᠢᠯᠯᠠᠭᠰᠠᠳ ᠲᠤ ᠲᠠᠯᠠᠷᠬᠠᠯ ᠤᠨ ᠰᠡᠳᠬᠢᠯᠭᠡ ᠪᠠᠷ ᠳᠦᠭᠦᠷᠡᠩ ᠪᠠᠶᠢᠯ᠎ᠠ᠃    ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠰᠠᠶᠢᠨ ᠳᠤᠷ᠎ᠠ ᠶᠢᠨ ᠠᠵᠢᠯᠯᠠᠭᠴᠢᠳ ᠨᠠᠰᠤᠲᠠᠶᠢᠴᠤᠳ ᠲᠤ ᠦᠰᠦ ᠵᠠᠰᠠᠵᠤ ᠥᠭᠬᠦ᠂ ᠨᠠᠰᠤᠲᠠᠶᠢᠴᠤᠳ ᠲᠤ ᠬᠠᠨᠢ ᠪᠣᠯᠵᠤ ᠵᠣᠭᠤᠭᠳᠠᠬᠤ ᠪᠠᠷ ᠪᠠᠷᠠᠬᠤ ᠦᠭᠡᠢ ᠪᠠᠰᠠ ᠲᠠᠪᠤᠨ ᠪᠠᠲᠤᠯᠠᠭᠠᠲᠤ ᠡᠷᠦᠬᠡ ᠶᠢᠨ ᠬᠢᠨ ᠳᠤ ᠱᠠᠬᠠᠢ ᠬᠦᠷᠭᠡᠵᠦ ᠦᠭᠪᠡ᠃ ᠲᠠᠪᠤᠨ ᠪᠠᠲᠤᠯᠠᠭᠠᠲᠤ ᠡᠷᠦᠬᠡ ᠶᠢᠨ ᠬᠢᠨ ᠤ ᠠᠮᠢᠳᠤᠷᠠᠯ ᠤᠨ ᠲᠠᠯ᠎ᠠ ᠪᠠᠷ ᠬᠢ ᠳᠥᠭᠦᠮ ᠦᠭᠡᠢ ᠪᠠᠶᠢᠳᠠᠯ ᠢ ᠪᠣᠳᠣᠯᠬᠢᠯᠠᠨ᠂ ᠰᠠᠶᠢᠨ ᠳᠤᠷ᠎ᠠ ᠶᠢᠨ ᠦᠢᠯᠡᠴᠢᠯᠡᠭᠴᠢᠳ ᠲᠠᠭᠠᠯᠠᠮᠵᠢᠲᠠᠢ ᠪᠦᠭᠡᠳ ᠬᠥᠯ ᠳᠤ ᠲᠣᠬᠢᠷᠠᠭᠰᠠᠨ ᠱᠠᠬᠠᠢ ᠶᠢ ᠰᠤᠩᠭᠤᠨ ᠣᠴᠣᠶᠢᠵᠤ ᠰᠠᠭᠤᠭᠠᠳ ᠨᠠᠰᠣᠳᠠᠳ ᠲᠤ ᠲᠤᠷᠰᠢᠨ ᠡᠮᠦᠰᠭᠡᠵᠦ᠂ ᠨᠠᠰᠤᠲᠠᠳ ᠰᠢᠨ᠎ᠡ ᠱᠠᠬᠠᠢ ᠪᠠᠨ ᠡᠮᠦᠰᠦᠭᠡᠳ᠂ ᠴᠢᠷᠠᠢ ᠳᠤᠨᠢ ᠵᠣᠯ ᠵᠢᠷᠭᠠᠯᠲᠤ ᠢᠨᠢᠶᠡᠮᠰᠦᠭᠯᠡᠯ ᠲᠤᠳᠤᠷᠠᠪᠠ᠃    ᠲᠣᠰ ᠤᠳᠠᠭᠠᠨ ᠤ ︽ᠦᠨᠡᠨ ᠰᠡᠳᠭᠢᠯ ᠨᠢ ᠬᠥᠮᠥᠨ ᠤ ᠶᠢᠷᠲᠢᠨᠴᠦ ᠶᠢ ᠳᠤᠯᠠᠭᠠᠴᠠᠭᠤᠯᠵᠤ ᠬᠠᠶᠢᠷ᠎ᠠ ᠬᠠᠯᠠᠮᠵᠢᠯᠠᠯ  ᠨᠢ ᠵᠤᠯ ᠵᠢᠷᠭᠠᠯ ᠤᠨ ᠬᠦᠷᠢᠶᠡᠯᠡᠩ ᠳᠤ ᠪᠤᠢ︾ ᠭᠡᠬᠦ ᠦᠢᠯᠡᠳᠦᠯᠭᠡ ᠶᠢᠨ ᠠᠵᠢᠯᠯᠠᠭ᠎ᠠ ᠨᠢ ᠮᠠᠨᠢᠳᠤ ᠶᠢᠨ ᠵᠣᠯ ᠵᠢᠷᠭᠠᠯ ᠤᠨ ᠬᠦᠷᠢᠶᠡᠯᠡᠩ ᠤᠨ ᠨᠠᠰᠤᠲᠠᠶᠢᠴᠤᠳ ᠲᠤ ᠦᠨᠡᠨ ᠪᠣᠳᠠᠲᠠᠢ ᠬᠠᠪᠰᠤᠷᠤᠯᠭ᠎ᠠ ᠦᠵᠡᠭᠦᠯᠦᠭᠰᠡᠨ ᠢᠶᠠᠷ ᠪᠠᠷᠠᠬᠤ ᠦᠭᠡᠢ᠂ ᠨᠠᠩ ᠴᠤ ᠨᠡᠶᠢᠭᠡᠮ ᠠᠴᠠ ᠨᠠᠰᠤᠲᠠᠶᠢᠴᠤᠳ ᠲᠤ ᠬᠠᠨᠳᠤᠭᠤᠯᠤᠭᠰᠠᠨ ᠬᠠᠶᠢᠷ᠎ᠠ ᠬᠠᠯᠠᠮᠵᠢ ᠶᠢ ᠳᠠᠮᠵᠢᠭᠤᠯᠵᠤ᠂ ᠨᠠᠰᠤᠲᠠᠨ ᠢᠶᠠᠨ ᠬᠦᠨᠳᠦᠯᠡᠵᠦ ᠨᠠᠰᠤᠲᠠᠨ ᠢᠶᠠᠨ ᠬᠠᠶᠢᠷᠠᠯᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠭᠰᠠᠨ ᠪᠠᠶᠢᠨ᠎ᠠ᠃ ᠲᠠᠷᠠᠭᠠᠴᠢ ᠶᠢᠨ ᠠᠯᠬᠤᠮ ᠳᠤ᠂ ᠰᠠᠨ ᠢ ᠴᠢᠤᠸᠠᠨ ᠪᠠᠯᠭᠠᠰᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠦᠢᠯᠡᠳᠦᠯᠭᠡ ᠶᠢᠨ ᠭᠠᠵᠠᠷ ᠪᠣᠯᠣᠨ ᠤᠯᠠᠭᠠᠨᠴᠠᠪ ᠬᠤᠲᠠ ᠶᠢᠨ ᠨᠡᠶᠢᠲᠡ ᠶᠢᠨ ᠠᠰᠠᠷᠠᠮᠵᠢ ᠶᠢ ᠠᠬᠢᠭᠤᠯᠬᠤ ᠬᠤᠷᠠᠯ ᠤᠨ  ᠬᠢᠨ ᠦᠷᠭᠦᠯᠵᠢᠯᠡᠨ ᠨᠠᠩ ᠣᠯᠠᠨ ᠡᠯᠪᠡᠭ ᠪᠠᠶᠠᠯᠢᠭ ᠣᠯᠠᠨ ᠶᠠᠩᠵᠤ ᠶᠢᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠶᠢ ᠭᠠᠷ ᠬᠤᠯᠪᠣᠨ ᠥᠷᠨᠢᠭᠦᠯᠵᠦ᠂ ᠨᠠᠰᠤᠲᠠᠶᠢᠴᠤᠳ ᠤᠨ ᠵᠣᠯ ᠵᠢᠷᠭᠠᠯ ᠤᠨ ᠲᠥᠷᠥᠭᠳᠡᠯ ᠪᠠ ᠬᠦᠷᠲᠡᠮᠵᠢ ᠶᠢᠨ ᠲᠥᠷᠥᠭᠳᠡᠯ ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃       ᠵᠣᠬᠢᠶᠠᠭᠴᠢ᠄ ᠹᠧᠩᠵᠧᠨ ᠬᠤᠲᠠ ᠶᠢᠨ ᠰᠠᠨ ᠢ ᠴᠢᠤᠸᠠᠨ ᠪᠠᠯᠭᠠᠰᠤᠨ ᠤ ᠵᠦ ᠬᠤᠩ ᠢᠦᠢ       ᠤᠷᠴᠢᠭᠤᠯᠤᠭᠴᠢ᠄ ᠬᠠᠨ ᠰᠢᠶᠤᠤ ᠿᠦᠩ       ᠬᠢᠨᠠᠭᠴᠢ᠄ ᠼᠦᠢ ᠶᠢᠩ
 
ᠢᠷᠡᠯᠲᠡ᠄ ᠠᠮᠢᠵᠢᠷᠠᠯ ᠪᠢᠯᠬᠠᠭᠰᠠᠨ ᠹᠧᠩᠵᠧᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000072号-3