ᠬᠤᠲᠠ ᠶᠢᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ᠶᠢᠨ ᠬᠢᠨ ᠴᠠᠭᠠᠨ ᠰᠠᠷ᠎ᠠ ᠶᠢᠨ ᠳᠠᠷᠠᠭᠠᠬᠢ ᠠᠶᠤᠯᠭᠦᠢ ᠦᠢᠯᠡᠳᠪᠦᠷᠢᠯᠡᠯ ᠤᠨ ᠳᠠᠪᠲᠠᠨ ᠪᠠᠶᠢᠴᠠᠭᠠᠬᠤ ᠠᠵᠢᠯᠯᠠᠭ᠎ᠠ ᠦᠷᠨᠢᠭᠦᠯᠪᠡ
ᠨᠡᠶᠢᠲᠡᠯᠡᠭᠰᠡᠨ ᠴᠠᠭ᠄
2025/2/20
     ᠴᠠᠭᠠᠨ ᠰᠠᠷ᠎ᠠ ᠶᠢᠨ ᠳᠠᠷᠠᠭᠠᠬᠢ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ᠠᠮᠤᠷ ᠲᠦᠪᠰᠢᠨ ᠤ ᠰᠡᠷᠭᠡᠶᠢᠯᠡᠯᠲᠡ ᠶᠢᠨ ᠠᠵᠢᠯ ᠢ ᠰᠠᠶᠢᠲᠤᠷ ᠬᠢᠵᠦ᠂ ᠴᠠᠭᠠᠨ ᠰᠠᠷ᠎ᠠ ᠶᠢᠨ ᠳᠠᠷᠠᠭᠠᠬᠢ ᠠᠵᠤ ᠠᠬᠤᠶᠢᠯᠠᠯ ᠤᠨ ︽ᠠᠶᠤᠯᠭᠦᠢ ᠦᠢᠯᠡᠳᠪᠦᠷᠢᠯᠡᠯ ᠤᠨ ᠪᠣᠭᠤᠮᠲᠠ︾ ᠶᠢ ᠰᠠᠶᠢᠲᠤᠷ ᠠᠳᠬᠤᠬᠤ ᠶᠢᠨ ᠲᠦᠯᠦᠭᠡ᠂ 2 ᠰᠠᠷ᠎ᠠ ᠶᠢᠨ 18 ᠤ ᠡᠳᠦᠷ᠂ ᠬᠤᠲᠠ ᠶᠢᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ᠶᠢᠨ ᠬᠢᠨ ᠴᠠᠭᠠᠨ ᠰᠠᠷ᠎ᠠ ᠶᠢᠨ ᠳᠠᠷᠠᠭᠠᠬᠢ ᠠᠶᠤᠯᠭᠦᠢ ᠦᠢᠯᠡᠳᠪᠦᠷᠢᠯᠡᠯ ᠤᠨ ᠳᠠᠪᠲᠠᠨ ᠪᠠᠶᠢᠴᠠᠭᠠᠬᠤ ᠠᠵᠢᠯᠯᠠᠭ᠎ᠠ ᠶᠢ ᠥᠷᠨᠢᠭᠦᠯᠪᠡ᠃
   ᠲᠣᠰ ᠤᠳᠠᠭᠠᠨ ᠤ ᠳᠠᠪᠲᠠᠨ ᠪᠠᠶᠢᠴᠠᠭᠠᠬᠤ ᠠᠵᠢᠯᠯᠠᠭ᠎ᠠ ᠶᠢ ᠭᠤᠣᠯᠳᠠᠭᠤ ᠬᠦᠷᠢᠶᠡᠯᠡᠩ ᠲᠣᠭᠤᠷᠢᠭ ᠤᠨ ᠠᠵᠤ ᠠᠬᠤᠶᠢᠯᠠᠯ ᠵᠢᠴᠢ ᠭᠤᠣᠯᠳᠠᠯᠭ᠎ᠠ ᠲᠠᠢ ᠠᠵᠢᠯ ᠲᠥᠷᠥᠯ ᠤᠨ ᠬᠦᠷᠢᠶ᠎ᠡ ᠴᠠᠷᠠᠭ᠎ᠠ ᠶᠢᠨ ᠲᠣᠭᠤᠷᠢᠨ ᠳᠤ ᠥᠷᠨᠢᠭᠦᠯᠵᠦ᠂ ᠠᠵᠤ ᠠᠬᠤᠶᠢᠯᠠᠯ ᠤᠨ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠦᠷᠢᠮ ᠢ ᠨᠠᠶᠢᠳᠠᠪᠤᠷᠢᠵᠢᠭᠤᠯᠤᠭᠰᠠᠨ ᠪᠠᠶᠢᠳᠠᠯ᠂ ᠭᠠᠯ ᠤᠨᠲᠠᠷᠠᠭᠠᠬᠤ ᠲᠥᠬᠦᠭᠡᠷᠦᠮᠵᠢ ᠨᠢ ᠪᠦᠷᠢᠨ ᠪᠦᠲᠦᠨ ᠪᠠᠶᠢᠬᠤ ᠡᠰᠡᠬᠦ᠂ ᠠᠮᠤᠷ ᠲᠦᠪᠰᠢᠨ ᠭᠠᠷᠬᠤ ᠡᠭᠦᠳᠡ ᠨᠢ ᠰᠠᠭᠠᠳ ᠦᠭᠡᠢ ᠪᠠᠶᠢᠬᠤ ᠡᠰᠡᠬᠦ᠂ ᠬᠡᠮ ᠰᠣᠭᠤᠭ ᠢ ᠴᠡᠭᠴᠡᠯᠡᠨ ᠰᠠᠶᠢᠵᠢᠷᠠᠭᠤᠯᠤᠭᠰᠠᠨ ᠨᠢ ᠪᠣᠳᠠᠲᠠᠶᠢᠵᠢᠭᠰᠠᠨ ᠡᠰᠡᠬᠦ ᠵᠡᠷᠭᠡ ᠠᠭᠤᠯᠭ᠎ᠠ ᠶᠢ ᠭᠤᠣᠯᠳᠠᠯᠭ᠎ᠠ ᠲᠠᠢ ᠪᠠᠶᠢᠴᠠᠭᠠᠪᠠ᠃ ᠬᠠᠤᠯᠢ ᠬᠡᠷᠡᠭᠵᠢᠭᠦᠯᠬᠦ ᠠᠵᠢᠯᠲᠠᠨ ᠤᠷᠢᠳ ᠬᠤᠵᠢᠳ ᠵᠢᠢ ᠮᠧᠩ ᠨᠡᠭᠦᠷᠡᠰᠦᠨ ᠡᠳ᠋ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠫᠦ᠋ ᠶᠤᠸᠠᠨ ᠲᠡᠮᠦᠷ ᠤᠨ ᠬᠠᠶᠢᠯᠤᠰᠢ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠬᠤᠸᠠ ᠰᠢᠨ ᠯᠢᠦᠢ ᠶᠤᠸᠠᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠤ ᠦᠢᠯᠡᠰ ᠤᠨ ᠬᠥᠭᠵᠢᠯᠲᠡ ᠶᠢᠨ ᠬᠢᠵᠠᠭᠠᠷᠲᠤ ᠺᠣᠮᠫᠠᠨᠢ ᠵᠡᠷᠭᠡ ᠭᠤᠣᠯᠳᠠᠯᠭ᠎ᠠ  ᠲᠠᠢ ᠠᠵᠤ ᠠᠬᠤᠶᠢᠯᠠᠯ ᠳᠤ ᠭᠦᠨᠵᠡᠭᠡᠶᠢᠷᠡᠵᠦ᠂ ᠮᠠᠲ᠋ᠧᠷᠢᠶᠠᠯ ᠪᠠᠶᠢᠴᠠᠭᠠᠨ ᠦᠵᠡᠬᠦ᠂ ᠲᠤᠬᠠᠢ ᠶᠢᠨ ᠲᠠᠯᠠᠪᠤᠷ ᠲᠤ ᠪᠠᠶᠢᠴᠠᠭᠠᠯᠲᠠ ᠬᠢᠬᠦ ᠵᠢᠴᠢ ᠡᠮᠦᠨ᠎ᠡ ᠹᠷᠣᠨᠲ ᠤᠨ ᠠᠵᠢᠯᠲᠠᠨ ᠠᠵᠢᠯᠴᠢᠨ ᠠᠴᠠ ᠯᠠᠪᠯᠠᠨ ᠠᠰᠠᠭᠤᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠣᠷᠣᠰᠢᠵᠤ ᠪᠠᠶᠢᠭ᠎ᠠ ᠠᠰᠠᠭᠤᠳᠠᠯ ᠢ ᠲᠤᠬᠠᠢ ᠶᠢᠨ ᠲᠠᠯᠠᠪᠤᠷ ᠲᠤᠨᠢ ᠴᠡᠭᠴᠡᠯᠡᠨ ᠰᠠᠶᠢᠵᠢᠷᠠᠭᠤᠯᠬᠤ ᠱᠠᠭᠠᠷᠳᠠᠯᠭ᠎ᠠ ᠳᠤᠷᠠᠳᠬᠤ ᠶᠢᠨ ᠬᠠᠮᠲᠤ᠂ ᠬᠠᠮᠢᠶ᠎ᠠ ᠪᠦᠬᠦᠢ ᠨᠢᠭᠡᠴᠡ ᠶᠢ ᠵᠠᠷᠯᠢᠭᠳᠠᠵᠤ ᠪᠠᠶᠢᠭᠠᠳ ᠬᠤᠭᠤᠴᠠᠭ᠎ᠠ ᠬᠢᠵᠠᠭᠠᠷᠯᠠᠨ ᠴᠡᠭᠴᠡᠯᠡᠨ ᠰᠠᠶᠢᠵᠢᠷᠠᠭᠤᠯᠵᠤ᠂ ᠳᠠᠯᠳᠠ ᠬᠡᠮ ᠤᠨ ᠪᠢᠲᠡᠭᠦᠦ ᠴᠠᠭᠠᠷᠢᠭ ᠤᠨ ᠬᠠᠮᠢᠶᠠᠷᠤᠯᠲᠠ ᠶᠢ ᠦᠨᠡᠨᠬᠦ ᠪᠠᠲᠤᠯᠠᠪᠠ᠃
   ᠬᠤᠲᠠ ᠶᠢᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ᠶᠢᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠠᠴᠠ ᠴᠠᠭᠠᠨ ᠰᠠᠷ᠎ᠠ ᠥᠩᠭᠡᠷᠡᠭᠰᠡᠨ ᠤ ᠳᠠᠷᠠᠭ᠎ᠠ ᠠᠶᠤᠯᠭᠦᠢ ᠦᠢᠯᠡᠳᠪᠦᠷᠢᠯᠡᠯ ᠤᠨ ᠵᠠᠩᠭᠢᠯᠠᠭ᠎ᠠ ᠶᠢᠨ ᠬᠤᠭᠤᠴᠠᠭ᠎ᠠ ᠪᠠᠶᠢᠵᠤ᠂ ᠠᠭᠤᠷ ᠠᠮᠢᠰᠬᠤᠯ ᠬᠠᠬᠢᠷ ᠬᠦᠢᠲᠡᠨ᠂ ᠦᠢᠯᠡᠳᠪᠦᠷᠢᠯᠡᠯ ᠡᠵᠡᠩᠨᠡᠯᠲᠡ ᠶᠢᠨ ᠠᠵᠢᠯᠯᠠᠭ᠎ᠠ ᠥᠷᠨᠢᠭᠦᠨ ᠬᠥᠭᠵᠢᠩᠭᠦᠢ ᠪᠠᠶᠢᠵᠤ᠂ ᠠᠮᠤᠷ ᠲᠦᠪᠰᠢᠨ ᠤ ᠠᠶᠤᠯ ᠲᠦᠭᠰᠢᠭᠦᠷᠢ   ᠨᠡᠮᠡᠭᠳᠡᠨ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ᠶᠢᠨ ᠬᠢᠨ ᠲᠠᠷᠠᠭᠠᠴᠢ ᠶᠢᠨ ᠠᠯᠬᠤᠮ ᠳᠤ ᠬᠢᠨᠠᠨ ᠵᠢᠯᠤᠭᠤᠳᠴᠤ ᠪᠠᠶᠢᠴᠠᠭᠠᠬᠤ ᠪᠠᠨ ᠦᠷᠭᠦᠯᠵᠢᠯᠡᠨ ᠴᠢᠩᠭᠠᠳᠬᠠᠵᠤ᠂ ᠠᠵᠤ ᠠᠬᠤᠶᠢᠯᠠᠯ ᠤᠨ ᠪᠡᠶᠡᠴᠢ ᠴᠣᠭᠴᠠ ᠶᠢᠨ ᠬᠠᠷᠢᠭᠤᠴᠠᠯᠭ᠎ᠠ ᠶᠢ ᠴᠢᠩᠭᠠᠷᠠᠭᠤᠯᠤᠨ᠂ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠴᠢᠳᠠᠪᠤᠷᠢ ᠪᠠᠨ ᠳᠡᠭᠡᠭᠰᠢᠯᠡᠭᠦᠯᠵᠦ᠂ ᠠᠮᠤᠷ ᠲᠦᠪᠰᠢᠨ ᠤ ᠠᠳᠡᠯ ᠭᠠᠷᠬᠤ ᠶᠢ ᠡᠷᠡᠰ ᠰᠡᠷᠭᠡᠶᠢᠯᠡᠨ ᠬᠤᠷᠢᠭᠯᠠᠵᠤ᠂ ᠠᠮᠤᠷ ᠲᠦᠪᠰᠢᠨ ᠪᠥᠭᠡᠳ ᠲᠣᠭᠲᠠᠭᠤᠨ ᠦᠢᠯᠡᠳᠪᠦᠷᠢᠯᠡᠯ ᠠᠮᠢᠳᠤᠷᠠᠯ ᠤᠨ ᠣᠷᠴᠢᠨ ᠨᠥᠬᠦᠴᠡᠯ ᠢ ᠴᠢᠷᠮᠠᠶᠢᠨ ᠪᠣᠶ ᠪᠣᠯᠭᠠᠨ᠎ᠠ ᠭᠡᠪᠡ᠃         ᠵᠣᠬᠢᠶᠠᠭᠴᠢ᠄ ᠸᠠᠩ ᠨᠢᠩ ᠪᠦᠸᠧ         ᠨᠠᠶᠢᠷᠠᠭᠤᠯᠤᠭᠴᠢ᠄ ᠯᠢ ᠰᠧ ᠬᠤᠢ         ᠬᠢᠨᠠᠨ ᠬᠠᠷᠭᠤᠭᠤᠯᠤᠭᠴᠢ᠄ ᠶᠠᠨ ᠬᠤᠸᠠᠢ ᡁᠢ         ᠤᠷᠴᠢᠭᠤᠯᠤᠭᠴᠢ᠄ ᠬᠠᠨ ᠰᠢᠶᠤᠤ ᠿᠦᠩ         ᠬᠢᠨᠠᠭᠴᠢ᠄ ᠼᠦᠢ ᠶᠢᠩ
 
ᠢᠷᠡᠯᠲᠡ᠄ ᠠᠮᠢᠵᠢᠷᠠᠯ ᠪᠢᠯᠬᠠᠭᠰᠠᠨ ᠹᠧᠩᠵᠧᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000072号-3