ᠹᠧᠩᠵᠧᠨ ᠬᠤᠲᠠ ᠶᠢᠨ ᠬᠤᠩ ᠱᠠ ᠪᠠ ᠪᠠᠯᠭᠠᠰᠤᠨ ᠤ ᠶᠡᠷᠦᠩᠬᠡᠶᠢᠯᠡᠨ ᠵᠠᠰᠠᠬᠤ ᠲᠥᠪ ᠤᠨ ᠪᠣᠳᠠᠲᠤ ᠴᠣᠭᠴᠠ ᠶᠢᠨ ᠠᠵᠢᠯᠯᠠᠭᠠᠨ ᠪᠥᠬᠦ ᠲᠠᠯ᠎ᠠ ᠪᠠᠷ ᠡᠬᠢᠯᠡᠪᠡ
ᠨᠡᠶᠢᠲᠡᠯᠡᠭᠰᠡᠨ ᠴᠠᠭ᠄
2025/2/21
  ᠣᠶᠢᠷ᠎ᠠ ᠶᠢᠨ ᠵᠢᠯ ᠠᠴᠠ ᠨᠠᠭᠠᠰᠢ᠂ ᠪᠦᠬᠦ ᠤᠯᠤᠰ ᠤᠨ ᠡᠯ᠎ᠡ ᠭᠠᠵᠠᠷ ᠤᠨ ᠬᠢᠨ ᠶᠡᠷᠦᠩᠬᠡᠶᠢᠯᠡᠨ ᠵᠠᠰᠠᠬᠤ ᠲᠥᠪ ᠤᠨ ᠵᠢᠷᠤᠮᠵᠢᠭᠰᠠᠨ ᠪᠠᠶᠢᠭᠤᠯᠤᠯᠲᠠ ᠪᠣᠯᠣᠨ ᠪᠣᠳᠠᠲᠤ ᠴᠣᠭᠴᠠ ᠶᠢᠨ ᠠᠵᠢᠯᠯᠠᠭᠠᠨ ᠢᠶᠠᠷ ᠭᠠᠷᠳᠠᠴᠠ ᠪᠣᠯᠭᠠᠵᠤ᠂ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢᠨ ᠣᠳᠣᠬᠢᠴᠢᠯᠠᠯᠲᠠ ᠶᠢ ᠭᠦᠨᠵᠡᠭᠡᠢ ᠠᠬᠢᠭᠤᠯᠪᠠ᠃ ᠹᠧᠩᠵᠧᠨ ᠬᠤᠳᠠ ᠶᠢᠨ ᠬᠤᠩ ᠱᠠ ᠪᠠ ᠪᠠᠯᠭᠠᠰᠤ ᠶᠢᠨ ᠶᠡᠷᠦᠩᠬᠡᠶᠢᠯᠡᠨ ᠵᠠᠰᠠᠬᠤ ᠲᠥᠪ ᠤᠨ ᠬᠢᠨ 2023 ᠣᠨ ᠳᠤ ᠪᠠᠶᠢᠭᠤᠯᠤᠭᠳᠠᠭᠰᠠᠨ ᠠᠴᠠ ᠨᠠᠰᠢ᠂ ᠬᠤᠳᠠ ᠶᠢᠨ ᠨᠠᠮ ᠤᠨ ᠬᠤᠷᠢᠶ᠎ᠠ ᠪᠤᠯᠤᠨ ᠵᠠᠰᠠᠭ ᠤᠨ ᠣᠷᠳᠣᠨ  ᠵᠢᠴᠢ ᠬᠤᠳᠠ ᠶᠢᠨ ᠨᠠᠮ ᠤᠨ ᠬᠤᠷᠢᠶ᠎ᠠ ᠶᠢᠨ ᠤᠯᠤᠰ ᠲᠦᠷᠦ ᠬᠠᠤᠯᠢ ᠴᠠᠭᠠᠵᠠ ᠶᠢᠨ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ︽ᠨᠢᠭᠡ ᠦᠷᠳᠡᠭᠡᠯᠢᠭ︾ ᠤᠨ ᠵᠥᠷᠢᠴᠡᠯ ᠵᠠᠭᠤᠷᠠᠯᠳᠤᠭᠠᠨ ᠢ ᠡᠶᠡᠳᠡᠭᠦᠯᠬᠦ ᠲᠠᠪᠴᠠᠩ ᠢ ᠪᠠᠶᠢᠭᠤᠯᠬᠤ ᠪᠠᠷ ᠳᠠᠮᠵᠢᠭᠤᠯᠵᠤ᠂ ᠳᠣᠲᠣᠭᠠᠳᠤ ᠶᠢ ᠬᠠᠮᠠᠭᠠᠯᠠᠬᠤ᠂ ᠬᠠᠤᠯᠢ ᠴᠠᠭᠠᠵᠠ᠂ ᠠᠷᠠᠳ ᠤᠨ ᠶᠠᠪᠤᠳᠠᠯ ᠵᠡᠷᠭᠡ ᠤᠯᠠᠨ ᠰᠠᠯᠠᠭ᠎ᠠ ᠮᠥᠴᠢᠷ ᠤᠨ ᠡᠬᠢ ᠪᠠᠶᠠᠯᠢᠭ ᠢ ᠨᠡᠶᠢᠳᠬᠡᠵᠦ᠂ ᠵᠥᠷᠢᠴᠡᠯ ᠵᠠᠭᠤᠷᠠᠯᠳᠤᠭᠠᠨ ᠢ ᠲᠦᠷᠭᠡᠨ ᠴᠤᠤᠷᠢᠶᠠᠲᠤᠨ ᠲᠠᠭᠠᠬᠤ ᠪᠠ ᠥᠨᠳᠥᠷ ᠪᠦᠲᠦᠮᠵᠢᠲᠡᠢ ᠪᠠᠷ ᠰᠢᠢᠳᠪᠦᠷᠢᠯᠡᠬᠦ ᠶᠢ ᠪᠡᠶᠡᠯᠡᠭᠦᠯᠪᠡ᠃
   ᠬᠤᠩ ᠱᠠ ᠪᠠ ᠪᠠᠯᠭᠠᠰᠤᠨ ᠤ ᠶᠡᠷᠦᠩᠬᠡᠶᠢᠯᠡᠨ ᠵᠠᠰᠠᠬᠤ ᠲᠥᠪ ᠤᠨ ᠬᠡᠷᠡᠭ ᠡᠷᠬᠢᠯᠡᠬᠦ ᠶᠡᠭᠡ ᠲᠢᠩᠬᠢᠮ ᠳᠤ ᠬᠦᠷᠬᠦ ᠳᠤ᠂ ᠠᠭᠤᠵᠢᠮ ᠰᠠᠷᠠᠭᠤᠯ ᠦᠢᠯᠡᠴᠢᠯᠡᠭᠡᠨ ᠤ ᠴᠣᠩᠬᠤᠨ ᠤ ᠠᠵᠢᠯᠲᠠᠳ ᠡᠶᠡᠳᠡᠭᠦᠯᠵᠦ ᠠᠰᠠᠭᠤᠨ ᠯᠠᠪᠯᠠᠬᠤ ᠪᠠᠷ ᠢᠷᠡᠭᠰᠡᠨ ᠤᠯᠠᠨ ᠲᠦᠮᠡᠨ ᠢ ᠬᠦᠯᠢᠶᠡᠵᠦ ᠪᠠᠶᠢᠯ᠎ᠠ᠃
   ᠶᠡᠷᠦᠩᠬᠡᠶᠢᠯᠡᠨ ᠵᠠᠰᠠᠬᠤ ᠲᠥᠪ ᠨᠢ ︽ᠳᠥᠷᠪᠡ ᠪᠠᠶᠢᠬᠤ︾ ᠪᠠᠷᠢᠮᠵᠢᠶ᠎ᠠ ︵ᠫᠠᠶᠢᠰᠠ ᠲᠠᠢ᠂ ᠲᠠᠯᠠᠪᠤᠷ ᠲᠠᠢ᠂ ᠠᠵᠢᠯᠲᠠᠨ ᠲᠠᠢ᠂ ᠳᠦᠷᠢᠮ ᠲᠠᠢ︶ ᠶᠣᠰᠣᠭᠠᠷ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠵᠤ᠂ ᠳᠣᠲᠣᠭᠠᠳᠤ ᠶᠢ ᠬᠠᠮᠠᠭᠠᠯᠠᠬᠤ ᠲᠣᠮᠢᠯᠠᠭᠰᠠᠨ ᠰᠠᠯᠪᠤᠷᠢ᠂ ᠬᠠᠤᠯᠢ ᠴᠠᠭᠠᠵᠠ ᠶᠢᠨ ᠭᠠᠵᠠᠷ᠂ ᠵᠠᠬᠢᠳᠠᠯ ᠰᠣᠷᠪᠤᠯᠵᠢᠯᠠᠭ᠎ᠠ ᠵᠡᠷᠭᠡ ᠰᠠᠯᠠᠭ᠎ᠠ ᠮᠥᠴᠢᠷ ᠤᠨ 7 ᠠᠵᠢᠯᠲᠠᠨ ︵1 ᠠᠵᠢᠯ ᠡᠷᠭᠢᠯᠡᠬᠦ ᠬᠠᠤᠯᠢᠴᠢ᠂ 1 ᠰᠡᠳᠬᠢᠴᠡ ᠶᠢᠨ ᠵᠥᠪᠯᠡᠯᠭᠡ ᠥᠭᠭᠦᠭᠴᠢ ᠪᠠᠭᠲᠠᠨ᠎ᠠ︶ ᠢ ᠬᠠᠮᠳᠤ ᠰᠠᠭᠤᠯᠭᠠᠪᠠ᠃ 200 ᠭᠠᠷᠤᠢ ᠲᠡᠭᠰᠢ ᠳᠥᠷᠪᠡᠯᠵᠢᠨ ᠮᠧᠲᠷ ᠲᠠᠯᠠᠪᠠᠶ ᠲᠠᠢ ︽ᠨᠢᠭᠡ ᠲᠢᠩᠬᠢᠮ ᠨᠢᠭᠡ ᠠᠯᠪᠠᠨ ᠭᠡᠷ ᠬᠤᠶᠠᠷ ᠥᠷᠲᠡᠭᠡ ᠳᠥᠷᠪᠡᠨ ᠥᠷᠥᠭᠡ︾ ︵ᠣᠯᠠᠨ ᠲᠦᠮᠡᠨ ᠤ ᠬᠦᠯᠢᠶᠡᠨ ᠠᠪᠬᠤ ᠲᠢᠩᠬᠢᠮ᠂ ᠨᠡᠶᠢᠭᠡᠮ ᠤᠨ ᠵᠠᠰᠠᠯᠲᠠ ᠶᠢᠨ ᠠᠯᠪᠠᠨ ᠭᠡᠷ᠂ ᠵᠠᠬᠢᠳᠠᠯ ᠰᠣᠷᠪᠤᠯᠵᠢᠯᠠᠭ᠎ᠠ ᠶᠢᠨ ᠣᠷᠣᠯᠠᠨ ᠭᠦᠢᠴᠡᠳᠬᠡᠬᠦ ᠠᠵᠢᠯ ᠤᠨ ᠥᠷᠲᠡᠭᠡ᠂ 12345 ᠬᠠᠯᠠᠮᠰᠢᠯ ᠤᠲᠠᠰᠤᠨ ᠤ ᠠᠵᠢᠯ ᠤᠨ ᠥᠷᠲᠡᠭᠡ᠂ ᠵᠥᠷᠢᠴᠡᠯ ᠢ ᠡᠶᠡᠳᠡᠭᠦᠯᠦᠨ ᠰᠢᠢᠳᠪᠦᠷᠢᠯᠡᠬᠦ ᠲᠠᠰᠤᠭ᠂ ᠬᠠᠤᠯᠢ ᠴᠠᠭᠠᠵᠠ ᠶᠢᠨ ᠦᠢᠯᠡᠴᠢᠯᠡᠭᠡᠨ ᠤ ᠲᠠᠰᠤᠭ᠂ ᠰᠡᠳᠬᠢᠴᠡ ᠶᠢᠨ ᠯᠠᠪᠯᠠᠯᠲᠠ ᠶᠢᠨ ᠲᠠᠰᠤᠭ᠂ ᠬᠠᠷᠠᠭᠠᠨ ᠳᠠᠪᠲᠠᠮᠵᠢ ᠶᠢᠨ ᠰᠤᠳᠤᠯᠤᠨ ᠮᠠᠭᠠᠳᠯᠠᠬᠤ ᠲᠠᠰᠤᠭ︶ ᠢ ᠪᠠᠶᠢᠭᠤᠯᠵᠤ᠂ ︽ᠨᠢᠭᠡ ᠯᠡ ᠥᠷᠲᠡᠭᠡᠨ ᠤ ᠬᠡᠯᠪᠡᠷᠢ ᠪᠠᠷ ᠭᠥᠯᠢᠶᠡᠨ ᠠᠪᠴᠤ ᠰᠢᠢᠳᠪᠦᠷᠢᠯᠡᠬᠦ᠂ ᠨᠢᠭᠡ ᠯᠡ ᠥᠷᠲᠡᠭᠡ ᠪᠠᠷ ᠦᠢᠯᠡᠴᠢᠯᠡᠬᠦ᠂ ᠨᠢᠭᠡ ᠯᠡ ᠲᠠᠯ᠎ᠠ ᠪᠠᠷ ᠰᠢᠢᠳᠪᠦᠷᠢᠯᠡᠬᠦ︾ ᠪᠠ ︽ᠨᠢᠭᠡ ᠯᠡ ᠡᠭᠦᠳᠡ ᠪᠠᠷ ᠣᠷᠣᠵᠤ᠂ ᠨᠢᠭᠡ ᠯᠡ ᠭᠠᠵᠠᠷ ᠢᠶᠠᠷ ᠶᠠᠪᠤᠬᠤ︾ ᠠᠵᠢᠯ ᠤᠨ ᠵᠠᠭᠪᠤᠷ ᠢ ᠪᠣᠶ ᠪᠣᠯᠭᠠᠵᠤ᠂ ᠦᠨᠳᠦᠰᠦᠨ ᠱᠠᠲᠤᠨ ᠤ ᠵᠠᠰᠠᠯᠲᠠ ᠶᠢᠨ ᠳᠤᠮᠳᠠᠬᠢ ᠰᠢᠰᠲ᠋ᠧᠮ ᠬᠡᠰᠡᠭ ᠰᠠᠯᠤᠩᠬᠢᠷᠠᠭᠰᠠᠨ ᠠᠰᠠᠭᠤᠳᠠᠯ ᠢ ᠰᠢᠢᠳᠪᠦᠷᠢᠯᠡᠪᠡ᠃
   ᠹᠧᠩᠵᠧᠨ ᠬᠤᠲᠠ ᠶᠢᠨ ᠬᠤᠩ ᠱᠠ ᠪᠠ ᠪᠠᠯᠭᠠᠰᠤᠨ ᠤ ᠨᠠᠮ ᠤᠨ ᠬᠤᠷᠢᠶᠠᠨ ᠤ ᠳᠡᠳ᠋ ᠱᠦᠵᠢ ᠰᠦᠩ ᠬᠠᠢ ᠮᠢᠩ᠄ ︽ᠶᠡᠷᠦᠩᠬᠡᠶᠢᠯᠡᠨ ᠵᠠᠰᠠᠬᠤ ᠲᠥᠪ ᠢ ᠪᠣᠳᠠᠲᠠᠶᠢᠵᠢᠭᠤᠯᠤᠨ ᠠᠵᠢᠯᠯᠠᠭᠤᠯᠵᠤ᠂ ᠤᠯᠠᠨ ᠲᠦᠮᠡᠨ ᠢ ᠬᠠᠮᠤᠭ ᠤᠨ ᠤᠯᠠᠨ ᠳᠠᠭᠠᠨ ᠨᠢᠭᠡ ᠭᠠᠵᠠᠷ ᠲᠤ ᠣᠴᠢᠭᠤᠯᠵᠤ᠂ ᠨᠢᠭᠡ ᠯᠡ ᠡᠭᠦᠳᠡ ᠪᠠᠷ ᠣᠷᠣᠭᠤᠯᠬᠤ ᠶᠢ ᠪᠡᠶᠡᠯᠡᠭᠦᠯᠵᠦ᠂ ᠤᠯᠠᠨ ᠲᠦᠮᠡᠨ ᠳᠤ ᠦᠢᠯᠡᠴᠢᠯᠡᠭᠡᠨ ᠤ ᠵᠥᠷᠢᠶ᠎ᠡ ᠶᠢ ᠦᠨᠡᠨᠬᠦ ᠮᠡᠳᠡᠷᠡᠭᠦᠯᠦᠨ᠎ᠡ︾ ᠭᠡᠪᠡ᠃    2024 ᠣᠨ ᠠᠴᠠ ᠨᠠᠭᠠᠰᠢ᠂ ᠶᠡᠷᠦᠩᠬᠡᠶᠢᠯᠡᠨ ᠵᠠᠰᠠᠬᠤ ᠲᠥᠪ ᠠᠴᠠ ᠵᠠᠬᠢᠳᠠᠯ ᠰᠣᠷᠪᠤᠯᠵᠢᠯᠠᠭ᠎ᠠ ᠶᠢᠨ ᠤᠯᠠᠨ ᠲᠦᠮᠡᠨ ᠢ 38 ᠪᠦᠯᠦᠭ ᠤᠳᠠᠭ᠎ᠠ ᠬᠦᠯᠢᠶᠡᠨ ᠠᠪᠴᠤ᠂ ᠵᠥᠷᠢᠴᠡᠯ ᠤᠨ ᠳᠠᠯᠳᠠ ᠭᠡᠮ ᠢ 21 ᠤᠳᠠᠭ᠎ᠠ ᠰᠤᠷᠪᠤᠯᠵᠢᠯᠠᠨ ᠪᠠᠶᠢᠴᠠᠭᠠᠵᠤ᠂ ᠵᠥᠷᠢᠴᠡᠯ ᠵᠠᠭᠤᠷᠠᠯᠳᠤᠭᠠᠨ ᠢ ᠨᠠᠮᠳᠠᠭᠤᠯᠬᠤ ︽ᠲᠠᠪᠤᠨ ᠠᠯᠬᠤᠮ ᠤᠨ ᠠᠵᠢᠯ ᠤᠨ ᠠᠷᠭ᠎ᠠ︾ ᠶᠢ ᠬᠡᠷᠡᠭᠯᠡᠵᠦ᠂ ᠲᠣᠰᠬᠤᠨ ᠤ ᠱᠠᠲᠤᠨ ᠤ ᠵᠣᠬᠢᠶᠠᠨ ᠪᠠᠶᠢᠭᠤᠯᠤᠯᠲᠠ ᠠᠴᠠ 16 ᠤᠳᠠᠭ᠎ᠠ ᠶᠢ ᠨᠠᠮᠳᠠᠭᠤᠯᠵᠤ᠂ ᠰᠠᠯᠠᠭ᠎ᠠ ᠮᠥᠴᠢᠷ ᠠᠴᠠ ᠬᠠᠮᠲᠤᠷᠠᠨ 34 ᠤᠳᠠᠭ᠎ᠠ ᠶᠢ ᠬᠠᠮᠲᠤᠷᠠᠨ ᠡᠶᠡᠳᠡᠭᠦᠯᠵᠦ᠂ 7 ᠤᠳᠠᠭ᠎ᠠ ᠶᠢᠨ ᠬᠡᠷᠡᠭ ᠢ ᠳᠠᠭᠠᠭᠠᠴᠢᠯᠠᠨ ᠤᠳᠤᠷᠢᠳᠬᠤ ᠤᠳᠤᠷᠢᠳᠤᠯᠭ᠎ᠠ ᠠᠴᠠ ᠡᠷᠬᠢᠯᠡᠨ ᠡᠶᠡᠳᠡᠭᠦᠯᠵᠦ᠂ ᠡᠶᠡᠳᠡᠭᠦᠯᠦᠭᠡᠳ ᠦᠷ᠎ᠡ ᠳ᠋ᠦᠩ ᠭᠠᠷᠤᠭᠰᠠᠨ ᠦᠭᠡᠢ ᠶᠢ ᠬᠠᠤᠯᠢ ᠴᠠᠭᠠᠵᠠ ᠶᠢᠨ ᠵᠢᠷᠤᠮ ᠳᠤ 2 ᠤᠳᠠᠭ᠎ᠠ ᠣᠷᠣᠭᠤᠯᠵᠤ᠂ ᠰᠢᠢᠳᠪᠦᠷᠢᠯᠡᠵᠦ ᠳᠠᠭᠤᠰᠬᠠᠭᠰᠠᠨ ᠨᠤᠷᠮ᠎ᠠ 97% ᠳᠤ ᠬᠦᠷᠴᠦ᠂ ᠤᠯᠠᠨ ᠲᠦᠮᠡᠨ ᠤ ᠬᠠᠨᠤᠮᠵᠢ ᠶᠢᠨ ᠨᠤᠷᠮ᠎ᠠ 100% ᠳᠤ ᠬᠦᠷᠪᠡ᠃          ᠵᠣᠬᠢᠶᠠᠭᠴᠢ᠄ ᠬᠤᠩ ᠱᠠ ᠪᠠ ᠪᠠᠯᠭᠠᠰᠤᠨ ᠤ ᠵᠠᠩ ᠴᠢ          ᠤᠷᠴᠢᠭᠤᠯᠤᠭᠴᠢ᠄ ᠬᠠᠨ ᠰᠢᠶᠤᠤ ᠿᠦᠩ          ᠬᠢᠨᠠᠭᠴᠢ᠄ ᠼᠦᠢ ᠶᠢᠩ
 
ᠢᠷᠡᠯᠲᠡ᠄ ᠠᠮᠢᠵᠢᠷᠠᠯ ᠪᠢᠯᠬᠠᠭᠰᠠᠨ ᠹᠧᠩᠵᠧᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000072号-3