| ᠨᠡᠶᠢᠭᠡᠮ ᠤᠨ ᠪᠠᠲᠤᠯᠠᠭ᠎ᠠ ᠶᠢᠨ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠪᠠ ᠲᠠᠶᠢᠯᠤᠮᠵᠢ ᠶᠢ ᠤᠯᠠᠮ ᠨᠢᠭᠡ | ᠠᠯᠬᠤᠮ ᠴᠢᠩᠭᠠᠳᠬᠠᠵᠤ᠂ ᠲᠥᠷᠥ ᠶᠢᠨ ᠪᠣᠳᠣᠯᠭ᠎ᠠ ᠶᠢ ᠣᠶᠢᠯᠠᠭᠠᠬᠤ ᠨᠣᠷᠮ᠎ᠠ ᠪᠠ ᠣᠯᠠᠨ ᠲᠦᠮᠡᠨ ᠤ ᠳᠠᠭᠠᠳᠬᠠᠯ ᠳᠤ | ᠣᠷᠣᠯᠴᠠᠬᠤ ᠨᠣᠷᠮ᠎ᠠ ᠶᠢ ᠦᠨᠡᠨᠬᠦ ᠳᠡᠭᠡᠭᠰᠢᠯᠡᠭᠦᠯᠵᠦ᠂ ᠣᠯᠠᠨ ᠲᠦᠮᠡᠨ ᠳᠤ ᠦᠢᠯᠡᠴᠢᠯᠡᠬᠦ ︽ᠡᠴᠦᠰ ᠤᠨ ᠨᠢᠭᠡ | ᠺᠢᠯᠣᠮᠧᠲᠷ︾ ᠢ ᠦᠨᠡᠨᠬᠦ ᠨᠡᠪᠲᠡᠷᠡᠭᠦᠯᠬᠦ ᠶᠢᠨ ᠲᠥᠯᠥᠭᠡ᠂ 2 ᠰᠠᠷ᠎ᠠ ᠶᠢᠨ 19 ᠤ ᠡᠳᠦᠷ᠂ ᠹᠧᠩᠵᠧᠨ ᠬᠤᠲᠠ ᠶᠢᠨ | ᠨᠡᠶᠢᠭᠡᠮ ᠤᠨ ᠳᠠᠭᠠᠳᠬᠠᠯ ᠤᠨ ᠦᠢᠯᠡᠰ ᠤᠨ ᠦᠢᠯᠡᠴᠢᠯᠡᠭᠡᠨ ᠤ ᠲᠥᠪ ᠶᠢᠨ ᠬᠢᠨ ᠳᠤᠮᠳᠠᠳᠤ ᠤᠯᠤᠰ ᠤᠨ ᠪᠠᠩᠬᠢ ᠶᠢᠨ | ᠹᠧᠩᠵᠧᠨ ᠬᠤᠲᠠ ᠶᠢᠨ ᠰᠠᠯᠪᠤᠷᠢ ᠪᠠᠩᠬᠢ᠂ ᠳᠤᠮᠳᠠᠳᠤ ᠤᠯᠤᠰ ᠤᠨ ᠲᠠᠷᠢᠶᠠᠯᠠᠩ ᠤᠨ ᠪᠠᠩᠬᠢ ᠶᠢᠨ ᠹᠧᠩᠵᠧᠨ | ᠬᠤᠲᠠ ᠶᠢᠨ ᠰᠠᠯᠪᠤᠷᠢ ᠪᠠᠩᠬᠢ ᠶᠢᠨ ᠬᠢᠨ ᠲᠠᠢ ᠭᠠᠷ ᠬᠤᠯᠪᠣᠨ ︽ᠨᠡᠶᠢᠭᠡᠮ ᠤᠨ ᠳᠠᠭᠠᠳᠬᠠᠯ ᠤᠨ ᠦᠢᠯᠡᠴᠢᠯᠡᠭᠡ ᠶᠢ | ᠲᠦᠮᠡᠨ ᠡᠷᠦᠬᠡ ᠳᠤ ᠬᠦᠷᠭᠡᠬᠦ︾ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃ | | ᠠᠵᠢᠯᠯᠠᠭ᠎ᠠ ᠶᠢᠨ ᠬᠤᠭᠤᠴᠠᠭᠠᠨ ᠳᠤ᠂ ᠠᠵᠢᠯᠲᠠᠳ ᠡᠯ᠎ᠡ ᠡᠮ ᠤᠨ ᠳᠡᠯᠭᠡᠭᠦᠷ᠂ ᠬᠡᠲᠦ ᠳᠡᠯᠭᠡᠭᠦᠷ ᠵᠡᠷᠭᠡ ᠬᠥᠮᠥᠨ | ᠣᠯᠠᠨ ᠴᠤᠭᠯᠠᠷᠠᠳᠠᠭ ᠲᠠᠯᠠᠪᠤᠷ ᠲᠤ ᠭᠦᠨᠵᠡᠭᠡᠶᠢᠷᠡᠵᠦ᠂ ᠤᠬᠠᠭᠤᠯᠭ᠎ᠠ ᠶᠢᠨ ᠭᠠᠷ ᠳᠡᠪᠲᠡᠷ ᠲᠠᠷᠬᠠᠭᠠᠬᠤ᠂ ᠣᠯᠠᠨ | ᠲᠦᠮᠡᠨ ᠲᠠᠢ ᠨᠢᠭᠤᠷᠲᠠᠨ ᠶᠠᠷᠢᠯᠴᠠᠬᠤ ᠵᠡᠷᠭᠡ ᠬᠡᠯᠪᠡᠷᠢ ᠪᠠᠷ ᠣᠯᠠᠨ ᠲᠦᠮᠡᠨ ᠤ ᠮᠠᠳᠠᠭ ᠲᠠᠢ ᠠᠰᠠᠭᠤᠳᠠᠯ ᠢ | ᠰᠢᠢᠳᠪᠦᠷᠢᠯᠡᠵᠦ ᠦᠭᠪᠡ᠃ ᠣᠳᠣᠬᠠᠨ ᠤ ᠠᠮᠢᠳᠤᠯᠢᠭ ᠢᠶᠠᠷ ᠠᠵᠢᠯ ᠣᠯᠵᠤ ᠳᠠᠭᠠᠳᠬᠠᠯ ᠳᠤ ᠣᠷᠣᠯᠴᠠᠨ ᠰᠦᠢᠳᠬᠡᠯ | ᠲᠤᠰᠢᠶᠠᠬᠤ ᠵᠡᠷᠭᠡ ᠠᠯᠢ ᠣᠯᠠᠨ ᠲᠥᠷᠥ ᠶᠢᠨ ᠪᠣᠳᠣᠯᠭ᠎ᠠ ᠳᠤ ᠴᠢᠭᠯᠡᠭᠦᠯᠦᠨ᠂ ᠠᠵᠢᠯᠲᠠᠳ ᠠᠮᠢᠳᠤᠯᠢᠭ ᠪᠥᠭᠡᠳ | ᠣᠯᠠᠨ ᠶᠠᠩᠵᠤ ᠶᠢᠨ᠂ ᠲᠥᠬᠦᠮ ᠣᠶᠢᠯᠠᠭᠠᠮᠵᠢᠲᠠᠢ ᠠᠷᠭ᠎ᠠ ᠮᠠᠶ᠋ᠢᠭ ᠢ ᠠᠪᠴᠤ᠂ ᠣᠯᠠᠨ ᠲᠦᠮᠡᠨ ᠳᠤ ᠨᠡᠶᠢᠭᠡᠮ ᠤᠨ | ᠳᠠᠭᠠᠳᠬᠠᠯ ᠤᠨ ᠲᠥᠷᠥ ᠶᠢᠨ ᠪᠣᠳᠣᠯᠭ᠎ᠠ ᠶᠢ ᠬᠦᠯᠢᠴᠡᠩᠭᠦᠢ ᠪᠥᠭᠡᠳ ᠨᠠᠷᠢᠨ ᠨᠢᠮᠪᠠᠢ ᠲᠠᠶᠢᠯᠪᠤᠷᠢᠯᠠᠨ ᠥᠭᠴᠦ᠂ | ᠬᠤᠯᠪᠣᠭᠳᠠᠯ ᠪᠦᠬᠦᠢ ᠮᠡᠳᠡᠯᠭᠡ ᠶᠢ ᠲᠦᠭᠡᠮᠡᠯᠵᠢᠭᠦᠯᠬᠦ ᠶᠢᠨ ᠬᠠᠮᠲᠤ ᠣᠯᠠᠨ ᠲᠦᠮᠡᠨ ᠤ ᠰᠠᠨᠠᠯ ᠰᠠᠨᠠᠭᠤᠯᠭ᠎ᠠ ᠶᠢ | ᠬᠢᠨᠠᠮᠠᠭᠠᠢ ᠰᠣᠨᠣᠰᠴᠤ᠂ ᠣᠯᠠᠨ ᠲᠦᠮᠡᠨ ᠲᠠᠢ ᠨᠡᠪᠲᠡᠷᠡᠯᠴᠡᠬᠦ ᠰᠡᠳᠬᠢᠯ ᠢ ᠳᠤᠯᠠᠭᠠᠴᠠᠭᠤᠯᠬᠤ ᠬᠥᠭᠦᠷᠭᠡ ᠶᠢ | ᠪᠠᠶᠢᠭᠤᠯᠵᠤ ᠦᠭᠪᠡ᠃ | | ᠲᠣᠰ ᠤᠳᠠᠭᠠᠨ ᠤ ᠤᠬᠠᠭᠤᠯᠭ᠎ᠠ ᠶᠢᠨ ᠠᠵᠢᠯᠯᠠᠭ᠎ᠠ ᠨᠢ ᠥᠷᠭᠡᠨ ᠣᠯᠠᠨ ᠲᠦᠮᠡᠨ ᠤ ᠳᠠᠭᠠᠳᠬᠠᠯ ᠳᠤ | ᠣᠷᠣᠯᠴᠠᠬᠤ ᠤᠬᠠᠮᠰᠠᠷ ᠢ ᠳᠡᠭᠡᠭᠰᠢᠯᠡᠭᠦᠯᠦᠭᠰᠡᠨ ᠢᠶᠠᠷ ᠪᠠᠷᠠᠬᠤ ᠦᠭᠡᠢ ᠪᠠᠰᠠ ︽ᠡᠷᠲᠡ ᠳᠠᠭᠠᠳᠬᠠᠯ ᠳᠤ ᠣᠷᠣᠯᠴᠠᠵᠤ᠂ | ᠲᠠᠰᠤᠷᠠᠯᠲᠠ ᠦᠭᠡᠢ ᠳᠠᠭᠠᠳᠬᠠᠯ ᠳᠤ ᠣᠷᠣᠯᠴᠠᠵᠤ᠂ ᠣᠷᠳᠣ ᠬᠤᠭᠤᠴᠠᠭ᠎ᠠ ᠪᠠᠷ ᠰᠦᠢᠳᠬᠡᠯ ᠲᠤᠰᠢᠶᠠᠬᠤ︾ ᠰᠠᠶᠢᠨ | ᠰᠠᠶᠢᠬᠠᠨ ᠨᠡᠶᠢᠭᠡᠮ ᠤᠨ ᠠᠭᠤᠷ ᠠᠮᠢᠰᠬᠤᠯ ᠢ ᠢᠳᠡᠪᠬᠢᠲᠡᠢ ᠪᠣᠶ ᠪᠣᠯᠭᠠᠵᠤ᠂ ᠳᠠᠭᠠᠳᠬᠠᠯ ᠳᠤ ᠣᠷᠣᠯᠴᠠᠬᠤ ᠡᠯ᠎ᠡ | ᠵᠦᠢᠯ ᠤᠨ ᠲᠥᠷᠥ ᠶᠢᠨ ᠪᠣᠳᠣᠯᠭ᠎ᠠ ᠶᠢ ᠠᠷᠠᠳ ᠲᠦᠮᠡᠨ ᠳᠤ ᠦᠨᠡᠨᠬᠦ ᠬᠦᠷᠲᠡᠭᠡᠬᠦ ᠶᠢ ᠬᠦᠴᠦᠲᠡᠢ ᠠᠬᠢᠭᠤᠯᠪᠠ᠃ | | ᠲᠠᠷᠠᠭᠠᠴᠢ ᠶᠢᠨ ᠠᠯᠬᠤᠮ ᠳᠤ᠂ ᠹᠧᠩᠵᠧᠨ ᠬᠤᠲᠠ ᠶᠢᠨ ᠨᠡᠶᠢᠭᠡᠮ ᠤᠨ ᠳᠠᠭᠠᠳᠬᠠᠯ ᠤᠨ ᠦᠢᠯᠡᠰ ᠤᠨ | ᠦᠢᠯᠡᠴᠢᠯᠡᠭᠡᠨ ᠤ ᠲᠥᠪ ᠤᠨ ᠬᠢᠨ ᠲᠣᠰ ᠤᠳᠠᠭᠠᠨ ᠤ ᠠᠵᠢᠯᠯᠠᠭ᠎ᠠ ᠪᠠᠷ ᠠᠵᠢᠯ ᠤᠨ ᠰᠢᠨ᠎ᠡ ᠡᠬᠢᠯᠡᠯᠲᠡ ᠪᠣᠯᠭᠠᠵᠤ᠂ | ᠨᠡᠶᠢᠭᠡᠮ ᠤᠨ ᠳᠠᠭᠠᠳᠬᠠᠯ ᠤᠨ ᠲᠥᠷᠥ ᠶᠢᠨ ᠪᠣᠳᠣᠯᠭ᠎ᠠ ᠪᠠ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ | ᠠᠷᠭ᠎ᠠ ᠬᠡᠮᠵᠢᠶ᠎ᠡ ᠶᠢ ᠥᠷᠭᠡᠨ ᠢᠶᠠᠷ ᠤᠬᠠᠭᠤᠯᠵᠤ᠂ ᠨᠡᠶᠢᠭᠡᠮ ᠤᠨ ᠳᠠᠭᠠᠳᠬᠠᠯ ᠳᠤ ᠣᠷᠣᠯᠴᠠᠭᠰᠠᠨ ᠬᠥᠮᠥᠰ ᠤᠨ | ᠬᠠᠮᠤᠷᠬᠤ ᠬᠡᠪᠴᠢᠶ᠎ᠡ ᠶᠢ ᠴᠢᠷᠮᠠᠶᠢᠨ ᠳᠡᠭᠡᠭᠰᠢᠯᠡᠭᠦᠯᠵᠦ᠂ ᠨᠠᠩ ᠣᠯᠠᠨ ᠲᠦᠮᠡᠨ ᠳᠤ ᠨᠡᠶᠢᠭᠡᠮ ᠤᠨ ᠳᠠᠭᠠᠳᠬᠠᠯ ᠤᠨ | ᠠᠰᠠᠷᠠᠮᠵᠢ ᠬᠦᠷᠲᠡᠭᠡᠵᠦ᠂ ᠣᠯᠠᠨ ᠲᠦᠮᠡᠨ ᠤ ᠠᠮᠤᠷ ᠲᠦᠪᠰᠢᠨ ᠤ ᠰᠡᠳᠬᠢᠯᠭᠡ᠂ ᠵᠣᠯ ᠵᠢᠷᠭᠠᠯᠲᠤ ᠰᠡᠳᠬᠢᠯᠭᠡ ᠪᠠ | ᠬᠦᠷᠲᠡᠮᠵᠢ ᠶᠢᠨ ᠲᠥᠷᠥᠭᠳᠡᠯ ᠢ ᠲᠠᠰᠤᠷᠠᠯᠲᠠ ᠦᠭᠡᠢ ᠨᠡᠮᠡᠭᠳᠡᠭᠦᠯᠦᠨ᠎ᠡ᠃ | | | ᠵᠣᠬᠢᠶᠠᠭᠴᠢ᠄ ᠬᠤᠤ ᠴᠧᠨ ᠹᠧᠩ | ᠨᠠᠶᠢᠷᠠᠭᠤᠯᠤᠭᠴᠢ᠄ ᠯᠢ ᠰᠧ ᠬᠤᠢ | ᠬᠢᠨᠠᠨ ᠬᠠᠷᠭᠤᠭᠤᠯᠤᠭᠴᠢ᠄ ᠶᠠᠨ ᠬᠤᠸᠠᠢ ᡁᠢ | ᠤᠷᠴᠢᠭᠤᠯᠤᠭᠴᠢ᠄ ᠬᠠᠨ ᠰᠢᠶᠤᠤ ᠿᠦᠩ | |