| —— ᠶᠡᠷᠦᠩᠬᠡᠶᠢᠯᠡᠨ ᠵᠠᠰᠠᠬᠤ ᠲᠥᠪ ᠤᠨ ᠪᠣᠳᠠᠲᠤ ᠴᠣᠭᠴᠠ ᠶᠢᠨ ᠠᠵᠢᠯᠯᠠᠭ᠎ᠠ ᠨᠢ ᠦᠨᠳᠦᠰᠦᠨ | ᠱᠠᠲᠤᠨ ᠤ ᠵᠠᠰᠠᠯᠲᠠ ᠶᠢᠨ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠪᠡ | | ᠣᠶᠢᠷ᠎ᠠ ᠶᠢᠨ ᠵᠢᠯ ᠠᠴᠠ ᠨᠠᠰᠢ᠂ ᠬᠤᠩ ᠱᠠ ᠪᠠ ᠪᠠᠯᠭᠠᠰᠤ ᠶᠢᠨ ᠬᠢᠨ ᠦᠨᠳᠦᠰᠦᠨ ᠱᠠᠲᠤᠨ ᠤ ᠵᠠᠰᠠᠯᠲᠠ ᠶᠢᠨ | ᠰᠢᠨ᠎ᠡ ᠵᠠᠭᠪᠤᠷ ᠢ ᠢᠳᠡᠪᠬᠢᠲᠡᠢ ᠰᠦᠪᠡᠭᠴᠢᠯᠡᠵᠦ᠂ ᠶᠡᠷᠦᠩᠬᠡᠶᠢᠯᠡᠨ ᠵᠠᠰᠠᠬᠤ ᠲᠥᠪ ᠤᠨ ᠪᠣᠳᠠᠲᠤ ᠴᠣᠭᠴᠠ ᠶᠢᠨ | ᠠᠵᠢᠯᠯᠠᠭ᠎ᠠ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠪᠠᠷ ᠳᠠᠮᠵᠢᠭᠤᠯᠵᠤ᠂ ᠡᠯ᠎ᠡ ᠲᠠᠯ᠎ᠠ ᠶᠢᠨ ᠡᠬᠢ ᠪᠠᠶᠠᠯᠢᠭ ᠢ | ᠨᠡᠶᠢᠳᠬᠡᠵᠦ᠂ ᠦᠢᠯᠡᠴᠢᠯᠡᠭᠡᠨ ᠤ ᠴᠢᠳᠠᠪᠬᠢ ᠶᠢ ᠳᠡᠭᠡᠭᠰᠢᠯᠡᠭᠦᠯᠵᠦ᠂ ᠤᠯᠠᠨ ᠲᠦᠮᠡᠨ ᠳᠤ ᠳᠥᠭᠦᠮ ᠳᠥᠲᠡ᠂ | ᠥᠨᠳᠥᠷ ᠪᠦᠲᠦᠮᠵᠢᠲᠡᠢ ᠨᠡᠶᠢᠭᠡᠮ ᠤᠨ ᠵᠠᠰᠠᠯᠲᠠ ᠶᠢᠨ ᠰᠢᠨ᠎ᠡ ᠲᠠᠪᠴᠠᠩ ᠢ ᠪᠠᠶᠢᠭᠤᠯᠵᠤ ᠦᠭᠪᠡ᠃ | | ᠬᠤᠩ ᠱᠠ ᠪᠠ ᠪᠠᠯᠭᠠᠰᠤᠨ ᠤ ᠶᠡᠷᠦᠩᠬᠡᠶᠢᠯᠡᠨ ᠵᠠᠰᠠᠬᠤ ᠲᠥᠪ ᠤᠨ ᠦᠢᠯᠡᠴᠢᠯᠡᠭᠡᠨ ᠤ ᠶᠡᠭᠡ ᠲᠢᠩᠬᠢᠮ ᠨᠢ | ᠠᠭᠤᠵᠢᠮ ᠰᠠᠷᠠᠭᠤᠯ ᠪᠠᠶᠢᠵᠤ᠂ ᠡᠯ᠎ᠡ ᠴᠢᠳᠠᠮᠵᠢᠲᠤ ᠣᠷᠣᠨ ᠤ ᠪᠠᠶᠢᠷᠢᠰᠢᠯ ᠵᠦᠢ ᠵᠣᠬᠢᠰᠲᠠᠢ᠂ ᠦᠵᠡᠮᠡᠭᠴᠡ ᠮᠡᠳᠡᠵᠦ᠂ | ᠠᠵᠢᠯᠲᠠᠳ ᠶᠠᠭᠠᠷᠠᠯᠲᠠᠢ ᠪᠥᠭᠡᠳ ᠡᠮᠬᠢ ᠳᠢᠭᠯᠢᠮ ᠲᠠᠢ ᠪᠠᠶᠢᠯ᠎ᠠ᠃ ᠣᠶᠢᠯᠠᠭᠠᠭᠰᠠᠨ ᠢᠶᠠᠷ᠂ ᠶᠡᠷᠦᠩᠬᠡᠶᠢᠯᠡᠨ ᠵᠠᠰᠠᠬᠤ | ᠲᠥᠪ ᠨᠢ ᠳᠣᠲᠣᠭᠠᠳᠤ ᠶᠢ ᠬᠠᠮᠠᠭᠠᠯᠠᠬᠤ᠂ ᠬᠠᠤᠯᠢ ᠪᠠᠷᠢᠬᠤ᠂ ᠠᠷᠠᠳ ᠤᠨ ᠶᠠᠪᠤᠳᠠᠯ᠂ ᠵᠠᠬᠢᠳᠠᠯ ᠰᠣᠷᠪᠤᠯᠵᠢᠯᠠᠭ᠎ᠠ | ᠵᠡᠷᠭᠡ ᠣᠯᠠᠨ ᠰᠠᠯᠠᠭ᠎ᠠ ᠮᠥᠴᠢᠷ ᠤᠨ ᠬᠦᠴᠦᠨ ᠢ ᠡᠮᠬᠢᠯᠡᠨ ᠨᠡᠶᠢᠯᠡᠭᠦᠯᠵᠦ᠂ ︽ᠨᠢᠭᠡ ᠯᠡ ᠥᠷᠲᠡᠭᠡᠨ ᠤ ᠮᠠᠶ᠋ᠢᠭ︾ | ᠤᠨ ᠦᠢᠯᠡᠴᠢᠯᠡᠭᠡ ᠶᠢ ᠪᠡᠶᠡᠯᠡᠭᠦᠯᠦᠭᠰᠡᠨ ᠪᠣᠯᠬᠤᠷ ᠣᠯᠠᠨ ᠲᠦᠮᠡᠨ ᠠᠳᠡ ᠡᠯ᠎ᠡ ᠲᠥᠷᠥᠯ ᠤᠨ ᠵᠥᠷᠢᠴᠡᠯ | ᠵᠢᠭᠤᠷᠠᠯᠳᠤᠭᠠᠨ ᠪᠠ ᠠᠰᠠᠭᠤᠳᠠᠯ ᠢ ᠨᠢᠭᠡ ᠯᠡ ᠤᠳᠠᠭ᠎ᠠ ᠳᠤ ᠰᠢᠢᠳᠪᠦᠷᠢᠯᠡᠵᠦ ᠪᠣᠯᠣᠨ᠎ᠠ᠃ | | ᠣᠶᠢᠯᠠᠭᠠᠭᠰᠠᠨ ᠢᠶᠠᠷ᠂ ᠬᠤᠩ ᠱᠠ ᠪᠠ ᠪᠠᠯᠭᠠᠰᠤᠨ ᠤ ᠶᠡᠷᠦᠩᠬᠡᠶᠢᠯᠡᠨ ᠵᠠᠰᠠᠬᠤ ᠲᠥᠪ ᠨᠢ ᠵᠥᠷᠢᠴᠡᠯ | ᠵᠢᠭᠤᠷᠠᠯᠳᠤᠭᠠᠨ ᠢ ᠪᠠᠶᠢᠴᠠᠭᠠᠨ ᠠᠷᠢᠯᠭᠠᠬᠤ ᠪᠦᠷᠢᠨ ᠲᠡᠭᠦᠯᠳᠡᠷ ᠲᠣᠭᠲᠠᠴᠠ ᠶᠢ ᠪᠠᠶᠢᠭᠤᠯᠵᠤ᠂ ᠰᠦᠯᠵᠢᠶᠡᠨ ᠤ | ᠠᠵᠢᠯᠲᠠᠨ ᠤ ᠦᠢᠯᠡᠳᠦᠯ ᠢ ᠭᠦᠢᠴᠡᠳ ᠪᠠᠳᠠᠷᠠᠭᠤᠯᠤᠨ᠂ ᠵᠥᠷᠢᠴᠡᠯ ᠵᠢᠭᠤᠷᠠᠯᠳᠤᠭᠠᠨ ᠢ ᠦᠨᠳᠦᠰᠦᠨ ᠱᠠᠲᠤᠨ ᠳᠤ | ᠰᠢᠢᠳᠪᠦᠷᠢᠯᠡᠵᠦ᠂ ᠴᠤᠬᠤᠶᠢᠵᠤ ᠪᠠᠶᠢᠭ᠎ᠠ ᠪᠠᠶᠢᠳᠠᠯ ᠳᠤᠨᠢ ᠠᠷᠢᠯᠭᠠᠪᠠ᠃ 2024 ᠣᠨ ᠠᠴᠠ ᠨᠠᠰᠢ᠂ ᠶᠡᠷᠦᠩᠬᠡᠶᠢᠯᠡᠨ | ᠵᠠᠰᠠᠬᠤ ᠲᠥᠪ ᠤᠨ ᠬᠢᠨ ᠵᠠᠬᠢᠳᠠᠯ ᠰᠣᠷᠪᠤᠯᠵᠢᠯᠠᠭ᠎ᠠ ᠶᠢᠨ ᠤᠯᠠᠨ ᠲᠦᠮᠡᠨ ᠢ ᠨᠡᠶᠢᠳᠡ 38 ᠪᠦᠯᠦᠭ ᠤᠳᠠᠭ᠎ᠠ | ᠬᠦᠯᠢᠶᠡᠨ ᠠᠪᠴᠤ᠂ ᠵᠥᠷᠢᠴᠡᠯ ᠤᠨ ᠳᠠᠯᠳᠠ ᠭᠡᠮ ᠢ 21 ᠤᠳᠠᠭ᠎ᠠ ᠰᠤᠷᠪᠤᠯᠵᠢᠯᠠᠵᠤ ᠵᠢᠭᠰᠠᠭᠠᠨ ᠪᠠᠶᠢᠴᠠᠭᠠᠪᠠ᠃ | ᠵᠥᠷᠢᠴᠡᠯ ᠵᠢᠭᠤᠷᠠᠯᠳᠤᠭᠠᠨ ᠢ ᠠᠷᠢᠯᠭᠠᠬᠤ ︽ᠲᠠᠪᠤᠨ ᠠᠯᠬᠤᠮ ᠤᠨ ᠠᠵᠢᠯ ᠤᠨ ᠠᠷᠭ᠎ᠠ︾ ᠶᠢ ᠬᠡᠷᠡᠭᠯᠡᠬᠦ ᠪᠠᠷ | ᠳᠠᠮᠵᠢᠭᠤᠯᠤᠨ᠂ ᠲᠣᠰᠬᠤᠨ ᠤ ᠱᠠᠲᠤᠨ ᠤ ᠵᠣᠬᠢᠶᠠᠨ ᠪᠠᠶᠢᠭᠤᠯᠤᠯᠲᠠ ᠶᠢᠨ ᠬᠢᠨ 16 ᠤᠳᠠᠭ᠎ᠠ ᠶᠢ | ᠠᠮᠵᠢᠯᠲᠠ ᠲᠠᠢ ᠪᠠᠷ ᠰᠢᠢᠳᠪᠦᠷᠢᠯᠡᠵᠦ᠂ ᠰᠠᠯᠠᠭ᠎ᠠ ᠮᠥᠴᠢᠷ ᠤᠨ ᠬᠢᠨ ᠬᠠᠮᠵᠢᠯᠴᠠᠨ ᠬᠠᠮᠲᠤᠷᠠᠨ 34 ᠤᠳᠠᠭ᠎ᠠ ᠶᠢ | ᠰᠢᠯᠵᠢᠭᠦᠯᠵᠦ᠂ ᠬᠡᠷᠡᠭ ᠢ ᠳᠠᠭᠠᠭᠠᠴᠢᠯᠠᠭᠰᠠᠨ ᠤᠳᠤᠷᠢᠳᠤᠯᠭ᠎ᠠ ᠠᠴᠠ ᠡᠷᠭᠢᠯᠡᠨ 7 ᠤᠳᠠᠭ᠎ᠠ ᠶᠢ ᠡᠶᠡᠳᠡᠭᠦᠯᠦᠨ | ᠰᠢᠢᠳᠪᠦᠷᠢᠯᠡᠵᠦ᠂ ᠵᠥᠪᠬᠡᠨ 2 ᠤᠳᠠᠭ᠎ᠠ ᠶᠢ ᠨᠢ ᠡᠶᠡᠳᠡᠭᠦᠯᠦᠭᠡᠳ ᠦᠷ᠎ᠡ ᠳ᠋ᠦᠩ ᠭᠠᠷᠤᠭᠰᠠᠨ ᠦᠭᠡᠢ ᠪᠠᠷ ᠬᠠᠤᠯᠢ | ᠴᠠᠭᠠᠵᠠ ᠶᠢᠨ ᠵᠢᠷᠤᠮ ᠳᠤ ᠣᠷᠣᠭᠤᠯᠵᠤ᠂ ᠰᠢᠢᠳᠪᠦᠷᠢᠯᠡᠵᠦ ᠳᠠᠭᠤᠰᠬᠠᠭᠰᠠᠨ ᠨᠣᠷᠮ᠎ᠠ ᠨᠢ 97% ᠳᠤ ᠬᠦᠷᠴᠦ᠂ | ᠣᠯᠠᠨ ᠲᠦᠮᠡᠨ ᠤ ᠰᠡᠳᠬᠢᠯ ᠬᠠᠨᠤᠮᠵᠢᠲᠠᠶ ᠪᠠᠶᠢᠬᠤ ᠨᠣᠷᠮ᠎ᠠ ᠨᠢ 100% ᠳᠤ ᠬᠥᠷᠪᠡ᠃ | ᠬᠤᠩ ᠱᠠ ᠪᠠ ᠪᠠᠯᠭᠠᠰᠤ ᠶᠢᠨ ᠶᠡᠷᠦᠩᠬᠡᠶᠢᠯᠡᠨ ᠵᠠᠰᠠᠬᠤ ᠲᠥᠪ ᠤᠨ ᠪᠣᠳᠠᠲᠤ ᠴᠣᠭᠴᠠ ᠶᠢᠨ ᠠᠵᠢᠯᠯᠠᠭᠠᠨ ᠪᠣᠯ | ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢᠨ ᠨᠢᠭᠡ ᠤᠳᠠᠭ᠎ᠠ ᠶᠢᠨ ᠠᠮᠵᠢᠯᠲᠠ ᠲᠠᠢ ᠰᠦᠪᠡᠭᠴᠢᠯᠡᠯᠲᠡ ᠪᠠ | ᠦᠢᠯᠡᠳᠦᠯᠭᠡ ᠪᠣᠯᠣᠨ᠎ᠠ᠃ ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ᠂ ᠲᠣᠭᠲᠠᠴᠠ ᠶᠢᠨ ᠰᠢᠨ᠎ᠡ ᠶᠢ ᠡᠭᠦᠳᠬᠦ᠂ | ᠦᠢᠯᠡᠴᠢᠯᠡᠭᠡ ᠶᠢ ᠴᠢᠩᠭᠠᠳᠬᠠᠬᠤ ᠪᠠᠷ ᠳᠠᠮᠵᠢᠭᠤᠯᠤᠨ᠂ ᠦᠨᠳᠦᠰᠦᠨ ᠱᠠᠲᠤᠨ ᠤ ᠵᠠᠰᠠᠯᠲᠠ ᠶᠢᠨ ᠴᠢᠳᠠᠪᠤᠷᠢ ᠪᠠ ᠬᠢᠷᠢ | ᠲᠦᠪᠰᠢᠨ ᠢ ᠪᠦᠲᠦᠮᠵᠢᠲᠡᠶ ᠪᠠᠷ ᠳᠡᠭᠡᠭᠰᠢᠯᠡᠭᠦᠯᠵᠦ᠂ ᠤᠯᠠᠨ ᠲᠦᠮᠡᠨ ᠳᠤ ᠨᠡᠶᠢᠭᠡᠮ ᠤᠨ ᠵᠠᠰᠠᠯᠲᠠ ᠶᠢᠨ ᠠᠪᠴᠢᠷᠠᠭᠰᠠᠨ | ᠰᠢᠨ᠎ᠡ ᠬᠤᠪᠢᠷᠠᠯᠲᠠ ᠪᠠ ᠰᠢᠨ᠎ᠡ ᠦᠷ᠎ᠡ ᠪᠦᠲᠦᠮᠵᠢ ᠶᠢ ᠦᠨᠡᠨᠬᠦ ᠮᠡᠳᠡᠷᠡᠭᠦᠯᠵᠦ᠂ ᠡᠶ᠎ᠡ ᠵᠣᠬᠢᠴᠠᠯ ᠲᠠᠢ ᠲᠣᠭᠲᠠᠭᠤᠨ | ᠨᠡᠶᠢᠭᠡᠮ ᠤᠨ ᠣᠷᠴᠢᠨ ᠨᠥᠬᠦᠴᠡᠯ ᠢ ᠪᠤᠢ ᠪᠣᠯᠭᠠᠬᠤ ᠳᠤ ᠪᠠᠲᠤ ᠪᠠᠬᠢ ᠰᠠᠭᠤᠷᠢ ᠶᠢ ᠲᠠᠯᠪᠢᠪᠠ᠃ | | | ᠵᠣᠬᠢᠶᠠᠭᠴᠢ᠄ ᠵᠠᠩ ᠿᠢ ᠵᠢᠤᠸᠠᠨ ᠪᠠᠢ ᠯᠢ ᠨᠠ | ᠨᠠᠶᠢᠷᠠᠭᠤᠯᠤᠭᠴᠢ᠄ ᠯᠢ ᠰᠧ ᠬᠤᠢ | ᠬᠢᠨᠠᠨ ᠬᠠᠷᠭᠤᠭᠤᠯᠤᠭᠴᠢ᠄ ᠶᠠᠨ ᠬᠤᠸᠠᠢ ᡁᠢ | ᠤᠷᠴᠢᠭᠤᠯᠤᠭᠴᠢ᠄ ᠬᠠᠨ ᠰᠢᠶᠤᠤ ᠿᠦᠩ | ᠬᠢᠨᠠᠭᠴᠢ᠄ ᠼᠦᠢ ᠶᠢᠩ | |