ᠭᠡᠷ ᠤᠨ ᠴᠠᠬᠢᠯᠭᠠᠨ ᠬᠡᠷᠡᠭᠰᠡᠯ ᠤᠨ ᠲᠣᠭᠠᠴᠢᠯᠠᠭᠰᠠᠨ ᠦᠢᠯᠡᠳᠬᠦᠨ ᠢ ᠰᠢᠨ᠎ᠡ ᠪᠠᠷ ᠰᠤᠯᠢᠬᠤ ᠨᠢ ᠬᠡᠷᠡᠭᠯᠡᠭᠡᠨ ᠤ ᠵᠠᠬ᠎ᠠ ᠳᠡᠯᠭᠡᠭᠦᠷ ᠤᠨ ᠬᠠᠯᠠᠭᠤᠨ ᠥᠷᠨᠢᠯᠲᠡ ᠶᠢ ᠦᠷᠭᠦᠯᠵᠢᠯᠡᠨ ᠨᠡᠮᠡᠭᠳᠡᠭᠦᠯᠪᠡ
ᠨᠡᠶᠢᠲᠡᠯᠡᠭᠰᠡᠨ ᠴᠠᠭ᠄
2025/2/24
   ᠰᠢᠨ᠎ᠡ ᠨᠢᠭᠡ ᠡᠭᠡᠯᠵᠢ ᠶᠢᠨ ᠲᠥᠷᠥ ᠶᠢᠨ ᠪᠣᠳᠣᠯᠭ᠎ᠠ ᠶᠢᠨ ᠬᠦᠴᠦᠲᠡᠢ ᠠᠬᠢᠭᠤᠯᠤᠯ ᠳᠣᠣᠷ᠎ᠠ᠂ ᠹᠧᠩᠵᠧᠨ ᠬᠤᠲᠠ ᠶᠢᠨ ᠬᠠᠭᠤᠴᠢᠨ ᠢᠶᠠᠷ ᠰᠢᠨ᠎ᠡ ᠶᠢ ᠰᠣᠯᠢᠬᠤ ᠠᠵᠢᠯᠯᠠᠭ᠎ᠠ ᠶᠠᠭ ᠰᠠᠶᠢᠬᠠᠨ ᠬᠥᠭᠵᠢᠶᠡᠨᠲᠡᠢ ᠶᠠᠪᠤᠭᠳᠠᠵᠤ ᠪᠠᠶᠢᠨ᠎ᠠ᠃ᠹᠧᠩᠵᠧᠨ ᠬᠤᠳᠠ ᠶᠢᠨ ᠡᠯ᠎ᠡ ᠲᠣᠮᠣ ᠳᠡᠯᠭᠡᠭᠦᠷ ᠲᠤ ᠭᠡᠷ ᠤᠨ ᠴᠠᠬᠢᠯᠭᠠᠨ ᠬᠡᠷᠡᠭᠰᠡᠯ ᠠᠴᠠ ᠲᠣᠭᠠᠴᠢᠯᠠᠭᠰᠠᠨ ᠦᠢᠯᠡᠳᠬᠦᠨ ᠬᠦᠷᠲᠡᠯ᠎ᠡ᠂ ᠡᠯ᠎ᠡ ᠲᠦᠷᠦᠯ ᠤᠨ ᠬᠡᠷᠡᠭᠯᠡᠭᠡᠨ ᠤ ᠵᠦᠢᠯ ᠨᠢ ᠠᠰᠢᠭᠲᠠᠢ ᠲᠦᠷᠦ ᠶᠢᠨ ᠪᠣᠳᠣᠯᠭ᠎ᠠ ᠶᠢᠨ ᠳᠠᠭᠠᠭᠤᠯᠭ᠎ᠠ ᠳᠣᠣᠷ᠎ᠠ ᠮᠠᠰᠢ ᠤᠯᠠᠨ ᠬᠡᠷᠡᠭᠯᠡᠭᠴᠢᠳ ᠤᠨ ᠠᠩᠬᠠᠷᠤᠯ ᠢ ᠲᠠᠳᠠᠨ᠎ᠠ᠃ ᠬᠠᠭᠤᠴᠢᠨ ᠢᠶᠠᠷ ᠰᠢᠨ᠎ᠡ ᠬᠡᠷᠡᠭᠯᠡᠭᠡ ᠶᠢ ᠰᠣᠯᠢᠬᠤ ᠥᠷᠨᠢᠯᠲᠡ ᠨᠢ ᠠᠷᠠᠳ ᠤᠯᠠᠨ ᠤ ᠠᠮᠢᠳᠤᠷᠠᠯ ᠤᠨ ᠴᠢᠨᠠᠷ ᠴᠢᠨᠰᠠᠭ᠎ᠠ ᠶᠢᠨ ᠳᠡᠭᠡᠭᠰᠢᠯᠡᠯᠲᠡ ᠳᠤ ᠰᠢᠨ᠎ᠡ ᠠᠮᠢᠵᠢᠷᠠᠯ ᠤᠨ ᠬᠦᠴᠦᠨ ᠢ ᠨᠡᠮᠡᠷᠢᠯᠡᠭᠰᠡᠨ ᠢᠶᠠᠷ ᠪᠠᠷᠠᠬᠤ ᠦᠭᠡᠢ᠂ ᠨᠡᠩ ᠴᠤ ᠬᠡᠷᠡᠭᠯᠡᠭᠡᠨ ᠤ ᠵᠠᠬ᠎ᠠ ᠳᠡᠯᠭᠡᠭᠦᠷ ᠲᠤ ᠥᠷᠨᠢᠭᠦᠨ ᠬᠥᠭᠵᠢᠯᠲᠡ ᠶᠢᠨ ᠠᠮᠢᠵᠢᠷᠠᠯ ᠤᠨ ᠬᠦᠴᠦᠨ ᠢ ᠠᠪᠴᠢᠷᠠᠪᠠ᠃
   ᠣᠶᠢᠷ᠎ᠠ ᠳᠤ᠂ ᠰᠤᠷᠪᠤᠯᠵᠢᠯᠠᠭᠴᠢ ᠹᠧᠩᠵᠧᠨ ᠬᠤᠲᠠ ᠶᠢᠨ ᠭᠡᠷ ᠤᠨ ᠴᠠᠬᠢᠯᠭᠠᠨ ᠬᠡᠷᠡᠭᠰᠡᠯ ᠤᠨ ᠵᠠᠬ᠎ᠠ ᠳᠡᠯᠭᠡᠭᠦᠷ ᠲᠤ ︽ᠬᠠᠭᠤᠴᠢᠨ ᠢᠶᠠᠷ ᠰᠢᠨ᠎ᠡ ᠶᠢ ᠰᠣᠯᠢᠬᠤ︾ ᠪᠠ ︽ᠤᠯᠤᠰ ᠠᠴᠠ ᠨᠥᠬᠦᠪᠦᠷᠢᠯᠡᠬᠦ︾ ᠲᠥᠷᠥ ᠶᠢᠨ ᠪᠣᠳᠣᠯᠭ᠎ᠠ ᠶᠢᠨ ᠳᠠᠪᠬᠤᠷ ᠰᠡᠳᠡᠯᠲᠡ ᠶᠢᠨ ᠳᠣᠣᠷ᠎ᠠ᠂ ᠭᠡᠷ ᠤᠨ ᠴᠠᠬᠢᠯᠭᠠᠨ ᠬᠡᠷᠡᠭᠰᠡᠯ ᠵᠢᠴᠢ ᠭᠠᠷ ᠤᠲᠠᠰᠤᠨ ᠤ ᠵᠠᠬ᠎ᠠ ᠳᠡᠯᠭᠡᠭᠦᠷ ᠲᠤ ᠬᠤᠳᠠᠯᠳᠤᠨ ᠠᠪᠬᠤ ᠪᠠ ᠪᠣᠷᠣᠯᠠᠭᠤᠯᠬᠤ ᠶᠢ ᠵᠡᠷᠭᠡᠪᠡᠷ ᠬᠥᠭᠵᠢᠭᠦᠯᠬᠦ ︽ᠰᠠᠶᠢᠨ ᠡᠬᠢᠯᠡᠯᠲᠡ ᠲᠠᠢ︾ ᠪᠣᠯᠵᠤ᠂ ᠬᠡᠷᠡᠭᠯᠡᠭᠴᠢᠳ ᠤᠨ ᠬᠡᠷᠡᠭᠯᠡᠭᠡᠨ ᠤ ᠬᠠᠯᠠᠭᠤᠨ ᠰᠡᠳᠬᠢᠯᠭᠡ ᠦᠷᠭᠦᠯᠵᠢᠯᠡᠨ ᠨᠡᠮᠡᠭᠳᠡᠵᠦ᠂ ᠪᠣᠳᠠᠲᠤ ᠴᠣᠭᠴᠠ ᠶᠢᠨ ᠳᠡᠯᠭᠡᠭᠦᠷ ᠲᠤ ᠬᠥᠮᠥᠨ ᠣᠯᠠᠨ ᠴᠤᠭᠯᠠᠷᠠᠵᠤ᠂ ᠭᠠᠵᠠᠷ ᠪᠣᠯᠭᠠᠨ ᠳᠤ ︽ᠬᠠᠪᠤᠷ ᠤᠨ ᠠᠭᠤᠷ ᠠᠮᠢᠰᠬᠤᠯ ᠪᠢᠯᠬᠠᠮ᠎ᠠ︾ ᠪᠠᠶᠢᠳᠠᠯ ᠢᠯᠡᠷᠡᠪᠡ᠃
   ᠪᠥᠬᠦ ᠤᠯᠤᠰ ᠤᠨ ᠬᠡᠪᠴᠢᠶᠡᠨ ᠳᠤ ᠭᠠᠷ ᠤᠲᠠᠰᠤ᠂ ᠬᠠᠪᠲᠠᠭᠠᠢ ᠬᠠᠪᠲᠠᠰᠤ᠂ ᠣᠶᠤᠨᠲᠤ ᠭᠠᠷ ᠴᠠᠭ ︵ᠪᠠᠭᠤᠪᠴᠢ︶ ᠤᠨ ᠰᠢᠨ᠎ᠡ ᠪᠠᠷ ᠬᠤᠳᠠᠯᠳᠤᠨ ᠠᠪᠬᠤ ᠨᠥᠬᠦᠪᠦᠷᠢ ᠶᠢᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠶᠢ ᠳᠠᠭᠠᠯᠳᠤᠨ᠂ ᠬᠡᠷᠡᠭᠯᠡᠭᠴᠢᠳ ᠤᠨ ᠰᠢᠨ᠎ᠡ ᠡᠯᠧᠺᠲᠷᠣᠨ ᠦᠢᠯᠡᠳᠬᠦᠨ ᠰᠣᠯᠢᠬᠤ ᠬᠠᠯᠠᠭᠤᠨ ᠥᠷᠨᠢᠯᠲᠡ ᠳᠠᠬᠢᠨᠲᠠ ᠥᠷᠨᠢᠪᠡ᠃ ᠰᠢᠨ᠎ᠡ ᠲᠣᠭᠤᠷᠢᠭ ᠤᠨ ᠬᠤᠸᠠ ᠸᠧᠢ ᠶᠢᠨ ᠡᠷᠬᠡ ᠣᠯᠭᠤᠭᠰᠠᠨ ᠳᠡᠯᠭᠡᠭᠦᠷ ᠲᠤ᠂ ᠰᠤᠷᠪᠤᠯᠵᠢᠯᠠᠭᠴᠢ ᠴᠥᠭᠡᠨ ᠪᠤᠰᠤ ᠬᠡᠷᠡᠭᠯᠡᠭᠴᠢᠳ ᠳᠡᠯᠭᠡᠭᠦᠷ ᠲᠡᠭᠡᠨ ᠭᠠᠷ ᠤᠲᠠᠰᠤ ᠰᠣᠩᠭᠤᠬᠤ ᠶᠢᠨ ᠳᠠᠭᠠᠤ ᠨᠥᠬᠦᠪᠦᠷᠢ ᠶᠢᠨ ᠪᠠᠶᠢᠳᠠᠯ ᠢ ᠠᠰᠠᠭᠤᠵᠤ ᠪᠠᠶᠢᠬᠤ ᠶᠢ ᠣᠯᠵᠤ ᠬᠠᠷᠠᠪᠠ᠃ ᠪᠣᠷᠤᠯᠠᠭᠤᠯᠭ᠎ᠠ ᠶᠢᠨ ᠠᠵᠢᠯᠲᠠᠨ ᠬᠦᠯᠢᠴᠡᠩᠭᠦᠢ ᠪᠠᠷ ᠬᠠᠷᠢᠭᠤᠯᠲᠠ ᠥᠭᠬᠦ ᠶᠢᠨ ᠬᠠᠮᠲᠤ ᠵᠣᠴᠢᠳ ᠢ ᠬᠠᠪᠰᠤᠷᠤᠨ ᠲᠤᠬᠠᠢ ᠶᠢᠨ ᠭᠠᠵᠠᠷ ᠲᠤᠨᠢ ᠰᠢᠨ᠎ᠡ ᠮᠠᠰᠢᠨ ᠢ ᠠᠮᠢᠯᠠᠭᠤᠯᠵᠤ᠂ ᠨᠥᠬᠦᠪᠦᠷᠢ ᠣᠯᠭᠤᠨ᠎ᠠ᠃    ᠡᠨᠡᠬᠦ ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠭᠰᠡᠨ ᠨᠢ ᠥᠷᠭᠡᠨ ᠣᠯᠠᠨ ᠬᠡᠷᠡᠭᠯᠡᠭᠴᠢᠳ ᠲᠤ ᠦᠨᠡᠨ ᠪᠣᠳᠠᠲᠠᠢ ᠬᠠᠷᠠᠭᠠᠯᠵᠠᠯ ᠠᠰᠠᠷᠠᠮᠵᠢ ᠣᠯᠭᠤᠭᠰᠠᠨ ᠢᠶᠠᠷ ᠪᠠᠷᠠᠬᠤ ᠦᠭᠡᠢ᠂ ᠨᠠᠩ ᠴᠤ ᠬᠤᠯᠪᠣᠭᠳᠠᠯ ᠪᠦᠬᠦᠢ ᠠᠵᠤ ᠠᠬᠤᠶᠢᠯᠠᠯ ᠳᠤ ᠴᠣ᠋ ᠰᠢᠨ᠎ᠡ ᠬᠥᠭᠵᠢᠯᠲᠡ ᠶᠢᠨ ᠠᠵᠠ ᠲᠣᠬᠢᠶᠠᠯ ᠣᠯᠭᠤᠵᠤ᠂ ᠳᠣᠲᠣᠭᠠᠳᠤ ᠬᠡᠷᠡᠭᠴᠡᠭᠡ ᠶᠢ ᠳᠠᠶᠢᠴᠢᠯᠠᠬᠤ᠂ ᠬᠡᠷᠡᠭᠯᠡᠭᠡ ᠶᠢᠨ ᠲᠠᠰ ᠳᠡᠪᠰᠢᠬᠦ ᠶᠢ ᠠᠬᠢᠭᠤᠯᠬᠤ ᠴᠢᠬᠤᠯᠠ ᠬᠥᠳᠡᠯᠭᠡᠬᠦ ᠬᠦᠴᠦᠨ ᠪᠣᠯᠤᠭᠰᠠᠨ ᠪᠠᠶᠢᠨ᠎ᠠ᠃        ᠵᠣᠬᠢᠶᠠᠭᠴᠢ᠄ ᠵᠢᠶᠠ ᠯᠢ        ᠨᠠᠶᠢᠷᠠᠭᠤᠯᠤᠭᠴᠢ᠄ ᠯᠢ ᠰᠧ ᠬᠤᠢ        ᠬᠢᠨᠠᠨ ᠬᠠᠷᠭᠤᠭᠤᠯᠤᠭᠴᠢ᠄ ᠶᠠᠨ ᠬᠤᠸᠠᠢ ᡁᠢ        ᠤᠷᠴᠢᠭᠤᠯᠤᠭᠴᠢ᠄ ᠬᠠᠨ ᠰᠢᠶᠤᠤ ᠿᠦᠩ        ᠬᠢᠨᠠᠭᠴᠢ᠄ ᠼᠦᠢ ᠶᠢᠩ
 
ᠢᠷᠡᠯᠲᠡ᠄ ᠠᠮᠢᠵᠢᠷᠠᠯ ᠪᠢᠯᠬᠠᠭᠰᠠᠨ ᠹᠧᠩᠵᠧᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000072号-3