| ᠰᠤᠷᠭᠠᠭᠤᠯᠢ ᠶᠢᠨ ᠬᠦᠷᠢᠶᠡᠨ ᠤ ᠡᠶ᠎ᠡ ᠵᠣᠬᠢᠴᠠᠩᠭᠤᠢ᠂ ᠲᠣᠭᠲᠠᠭᠤᠨ ᠣᠷᠴᠢᠨ ᠲᠣᠭᠤᠷᠢᠨ ᠢ ᠪᠠᠶᠢᠭᠤᠯᠵᠤ᠂ | ᠵᠠᠯᠠᠭᠤᠴᠤᠳ ᠪᠠᠭᠠᠴᠤᠳ ᠤᠨ ᠡᠷᠡᠭᠦᠯ ᠴᠢᠭᠢᠷᠠᠭ ᠢᠳᠡᠷᠡᠭᠦᠨ ᠢᠶᠠᠷ ᠦᠰᠦᠨ ᠪᠣᠶᠢᠵᠢᠬᠤ ᠶᠢ ᠬᠠᠮᠠᠭᠠᠯᠠᠬᠤ ᠶᠢᠨ | ᠲᠥᠯᠥᠭᠡ᠂ ᠰᠢᠨ᠎ᠡ ᠰᠤᠷᠤᠯᠭ᠎ᠠ ᠶᠢᠨ ᠬᠤᠭᠤᠴᠠᠭ᠎ᠠ ᠡᠬᠢᠯᠡᠬᠦ ᠲᠠᠰᠢᠷᠠᠮ ᠢᠶᠠᠷ᠂ ᠹᠧᠩᠵᠧᠨ ᠬᠤᠳᠠ ᠶᠢᠨ | ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠠᠵᠤ ᠦᠢᠯᠡᠳᠪᠦᠷᠢ ᠶᠢᠨ ᠲᠣᠭᠤᠷᠢᠭ ᠤᠨ ᠲᠣᠮᠢᠯᠠᠭᠰᠠᠨ | ᠰᠠᠯᠪᠤᠷᠢ ᠶᠢᠨ ᠬᠢᠨ ᠴᠠᠭᠳᠠᠭᠠᠨ ᠤ ᠬᠦᠴᠦᠨ ᠢ ᠵᠣᠬᠢᠶᠠᠨ ᠪᠠᠶᠢᠭᠤᠯᠤᠨ ᠬᠠᠷᠢᠶ᠎ᠠ ᠣᠷᠣᠨ ᠤ ᠡᠯ᠎ᠡ ᠰᠤᠷᠭᠠᠭᠤᠯᠢ ᠳᠤ | ᠭᠦᠨᠵᠡᠭᠡᠶᠢᠷᠡᠭᠦᠯᠵᠦ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠤᠬᠠᠭᠤᠯᠭ᠎ᠠ ᠪᠣᠯᠣᠨ ᠭᠡᠮ ᠰᠣᠭᠤᠭ ᠢ | ᠪᠠᠶᠢᠴᠠᠭᠠᠬᠤ ᠵᠡᠷᠭᠡ ᠠᠵᠢᠯ ᠢ ᠪᠦᠬᠦ ᠲᠠᠯ᠎ᠠ ᠪᠠᠷ ᠥᠷᠨᠢᠭᠦᠯᠵᠦ᠂ ᠰᠢᠨ᠎ᠡ ᠰᠤᠷᠤᠯᠭ᠎ᠠ ᠶᠢᠨ ᠬᠤᠭᠤᠴᠠᠭᠠᠨ ᠤ | ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠢ ᠬᠠᠮᠠᠭᠠᠯᠠᠪᠠ᠃ | | 2 ᠰᠠᠷ᠎ᠠ ᠶᠢᠨ 24 ᠤ ᠡᠳᠦᠷ ᠤᠨ ᠦᠳᠡ ᠶᠢᠨ ᠡᠮᠦᠨ᠎ᠡ᠂ ᠠᠵᠤ ᠦᠢᠯᠡᠳᠪᠦᠷᠢ ᠶᠢᠨ ᠲᠣᠭᠤᠷᠢᠭ ᠤᠨ | ᠲᠣᠮᠢᠯᠠᠭᠰᠠᠨ ᠰᠠᠯᠪᠤᠷᠢ ᠶᠢᠨ ᠠᠷᠠᠳ ᠤᠨ ᠲᠤᠰᠠᠯᠠᠬᠤ ᠴᠠᠭᠳᠠᠭ᠎ᠠ ᠰᠤᠷᠭᠠᠭᠤᠯᠢ ᠶᠢᠨ ᠬᠦᠷᠢᠶᠡᠨ ᠳᠤ ᠣᠷᠣᠵᠤ᠂ | ᠬᠢᠴᠢᠶᠡᠯ ᠤᠨ ᠲᠠᠶᠢᠰᠠᠨ ᠳᠤ ᠭᠠᠷᠴᠤ᠂ ︽ᠰᠤᠷᠭᠠᠭᠤᠯᠢ ᠡᠬᠢᠯᠡᠬᠦ ᠠᠩᠬᠠᠨ ᠤ ᠬᠢᠴᠢᠶᠡᠯ︾ ᠤᠨ ᠬᠥᠰᠢᠭᠡ ᠶᠢ ᠰᠡᠭᠦᠪᠡ᠃ | ᠬᠢᠴᠢᠶᠡᠯ ᠤᠨ ᠲᠢᠩᠭᠢᠮ ᠳᠤ᠂ ᠲᠠᠳᠠ ᠮᠡᠳᠡᠯᠭᠡ ᠶᠢ ᠤᠬᠠᠭᠤᠯᠤᠨ ᠲᠠᠶᠢᠯᠪᠤᠷᠢᠯᠠᠬᠤ ᠪᠠ ᠬᠠᠷᠢᠯᠴᠠᠨ ᠰᠣᠯᠢᠯᠴᠠᠬᠤ | ᠠᠷᠭ᠎ᠠ ᠬᠡᠯᠪᠡᠷᠢ ᠪᠠᠷ ᠬᠠᠤᠯᠢ ᠴᠠᠭᠠᠵᠠ ᠬᠠᠤᠯᠢ ᠲᠣᠭᠲᠠᠭᠠᠯ ᠲᠠᠢ ᠨᠢᠭᠲᠠ ᠤᠶᠠᠯᠳᠤᠭᠤᠯᠵᠤ᠂ ᠨᠡᠶᠢᠲᠡᠯᠢᠭ ᠵᠢᠱᠢᠶ᠎ᠡ ᠶᠢ | ᠵᠠᠳᠠᠯᠤᠨ ᠰᠢᠨᠵᠢᠯᠡᠬᠦ᠂ ᠬᠡᠷᠡᠭ ᠢᠶᠠᠷ ᠬᠠᠤᠯᠢ ᠶᠢ ᠲᠠᠶᠢᠯᠪᠤᠷᠢᠯᠠᠬᠤ ᠵᠡᠷᠭᠡ ᠬᠡᠯᠪᠡᠷᠢ ᠪᠠᠷ ᠳᠠᠮᠵᠢᠭᠤᠯᠤᠨ᠂ | ᠰᠤᠷᠤᠭᠴᠢᠳ ᠲᠤ ᠮᠡᠬᠡᠯᠡᠯ ᠢ ᠰᠡᠷᠭᠡᠶᠢᠯᠡᠬᠦ᠂ ᠰᠤᠷᠭᠠᠭᠤᠯᠢ ᠶᠢᠨ ᠬᠦᠷᠢᠶᠡᠨ ᠳᠤ ᠲᠤᠷᠤᠮᠵᠢᠯᠠᠬᠳᠠᠬᠤ᠂ ᠴᠠᠬᠢᠯᠭᠠᠨ | ᠬᠤᠯᠪᠣᠭ᠎ᠠ ᠳᠤ ᠮᠡᠬᠡᠯᠡᠭᠳᠡᠬᠦ᠂ ᠬᠤᠣᠷᠲᠤ ᠡᠳ᠋ ᠠᠴᠠ ᠬᠤᠯᠠ ᠵᠠᠶᠢᠳᠠᠬᠤ ᠵᠡᠷᠭᠡ ᠬᠠᠤᠯᠢ ᠶᠢ ᠵᠥᠷᠢᠴᠡᠭᠰᠡᠨ ᠶᠠᠯᠠᠲᠤ | ᠠᠵᠢᠯᠯᠠᠭ᠎ᠠ ᠶᠢᠨ ᠬᠤᠣᠷ ᠬᠥᠨᠥᠭᠡᠯ ᠢ ᠠᠮᠢᠳᠤᠯᠢᠭ ᠳᠦᠷᠰᠦᠯᠢᠭ ᠢᠶᠠᠷ ᠶᠠᠷᠢᠵᠤ ᠦᠭᠪᠡ᠃ ᠰᠤᠷᠤᠭᠴᠢᠳ ᠢ | ᠬᠠᠤᠯᠢ ᠶᠢ ᠰᠤᠷᠴᠤ᠂ ᠬᠠᠤᠯᠢ ᠶᠢ ᠮᠡᠳᠡᠵᠦ᠂ ᠬᠠᠤᠯᠢ ᠶᠢ ᠤᠶᠢᠯᠠᠭᠠᠵᠤ᠂ ᠬᠠᠤᠯᠢ ᠶᠢ ᠬᠡᠷᠡᠭᠯᠡᠵᠦ᠂ ᠬᠠᠤᠯᠢ ᠶᠢ | ᠰᠠᠬᠢᠵᠤ᠂ ᠵᠥᠪ ᠶᠢᠷᠲᠢᠨᠴᠦ ᠶᠢᠨ ᠦᠵᠡᠯᠲᠡ᠂ ᠠᠮᠢᠳᠤᠷᠠᠬᠤᠢ ᠶᠢᠨ ᠦᠵᠡᠯᠲᠡ ᠪᠠ ᠦᠷᠳᠡᠭ ᠤᠨ ᠦᠵᠡᠯᠲᠡ ᠶᠢ ᠪᠤᠢ | ᠪᠣᠯᠭᠠᠵᠤ᠂ ᠡᠯ᠎ᠡ ᠵᠦᠢᠯ ᠤᠨ ᠮᠠᠭᠤ ᠦᠢᠯᠡ ᠠᠵᠢᠯᠯᠠᠭ᠎ᠠ ᠶᠢ ᠤᠬᠠᠮᠰᠠᠷ ᠠᠴᠠ ᠪᠠᠨ ᠡᠰᠡᠷᠭᠦᠴᠡᠨ ᠬᠤᠷᠢᠭᠯᠠᠬᠤ ᠪᠠᠷ | ᠪᠠᠷᠠᠬᠤ ᠦᠭᠡᠢ ᠪᠠᠰᠠ ᠬᠠᠤᠯᠢ ᠴᠠᠭᠠᠵᠠ ᠶᠢᠨ ᠵᠡᠪᠰᠡᠭ ᠢᠶᠠᠷ ᠥᠪᠡᠷ ᠤᠨ ᠬᠠᠤᠯᠢ ᠶᠣᠰᠣᠨ ᠤ ᠡᠷᠬᠡ ᠠᠰᠢᠭ ᠢᠶᠠᠨ | ᠬᠠᠮᠠᠭᠠᠯᠠᠬᠤ ᠶᠢ ᠰᠤᠷᠭᠠᠬᠤ ᠪᠠᠷ ᠬᠦᠳᠦᠯᠦᠨ ᠵᠢᠯᠤᠭᠤᠳᠪᠠ᠃ | | | | | | ᠳᠠᠷᠠᠭ᠎ᠠ ᠨᠢ᠂ ᠠᠵᠤ ᠦᠢᠯᠡᠳᠪᠦᠷᠢ ᠶᠢᠨ ᠲᠣᠭᠤᠷᠢᠭ ᠤᠨ ᠲᠣᠮᠢᠯᠠᠭᠰᠠᠨ ᠰᠠᠯᠪᠤᠷᠢ ᠶᠢᠨ ᠠᠷᠠᠳ ᠤᠨ ᠲᠤᠰᠠᠯᠠᠬᠤ | ᠴᠠᠭᠳᠠᠭ᠎ᠠ ᠶᠢᠨ ᠬᠢᠨ ︽ᠪᠠᠶᠢᠴᠠᠭᠠᠬᠤ᠂ ᠦᠵᠡᠬᠦ᠂ ᠠᠰᠠᠭᠤᠬᠤ︾ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ | ᠰᠤᠷᠭᠠᠭᠤᠯᠢ ᠶᠢᠨ ᠵᠢᠭᠠᠨ ᠰᠤᠷᠭᠠᠬᠤ ᠠᠰᠠᠷ᠂ ᠠᠯᠪᠠᠨ ᠠᠰᠠᠷ᠂ ᠬᠤᠭᠤᠯᠠᠨ ᠭᠡᠷ ᠵᠡᠷᠭᠡ ᠭᠤᠣᠯᠳᠠᠯᠭ᠎ᠠ ᠲᠠᠢ ᠣᠷᠣᠨ | ᠪᠦᠰᠡ ᠳᠤ ᠨᠠᠷᠢᠨ ᠨᠢᠮᠪᠠᠢ ᠪᠠᠶᠢᠴᠠᠭᠠᠯᠲᠠ ᠬᠢᠪᠡ᠃ ︽ᠬᠥᠮᠥᠨ ᠢᠶᠠᠷ ᠰᠡᠷᠭᠡᠶᠢᠯᠡᠬᠦ᠂ ᠪᠣᠳᠠᠰ ᠢᠶᠠᠷ ᠰᠡᠷᠭᠡᠶᠢᠯᠡᠬᠦ᠂ | ᠮᠡᠷᠭᠡᠵᠢᠯ ᠢᠶᠠᠷ ᠰᠡᠷᠭᠡᠶᠢᠯᠡᠬᠦ︾ ᠠᠷᠭ᠎ᠠ ᠬᠡᠮᠵᠢᠶ᠎ᠡ ᠶᠢ ᠪᠣᠳᠠᠲᠠᠶᠢᠵᠢᠭᠤᠯᠤᠭᠰᠠᠨ ᠡᠰᠡᠬᠦ᠂ ᠰᠤᠷᠭᠠᠭᠤᠯᠢ ᠶᠢᠨ | ᠬᠦᠷᠢᠶᠡᠨ ᠤ ᠲᠦᠭᠰᠢᠭᠦᠷᠢ ᠮᠡᠳᠡᠭᠡᠯᠡᠬᠦ ᠮᠠᠰᠢᠨ ᠤ ᠠᠵᠢᠯᠯᠠᠭᠠᠨ ᠤ ᠪᠠᠶᠢᠳᠠᠯ᠂ ᠬᠠᠷᠠᠭᠠᠨ ᠳᠠᠪᠲᠠᠮᠵᠢ ᠪᠠᠷ ᠬᠢᠨᠠᠨ | ᠡᠵᠡᠮᠳᠡᠬᠦ᠂ ᠭᠠᠯ ᠤᠨᠲᠠᠷᠠᠭᠠᠬᠤ ᠪᠡᠯᠡᠳᠬᠡᠮᠵᠢ ᠶᠢ ᠪᠦᠷᠢᠨ ᠲᠣᠬᠢᠷᠠᠭᠤᠯᠤᠭᠰᠠᠨ ᠡᠰᠡᠬᠦ ᠵᠡᠷᠭᠡ ᠵᠠᠩᠭᠢᠯᠠᠭ᠎ᠠ ᠶᠢᠨ | ᠭᠤᠭᠴᠤᠭ᠎ᠠ ᠳᠤ ᠭᠤᠣᠯᠳᠠᠯᠭ᠎ᠠ ᠲᠠᠢ ᠴᠢᠭᠯᠡᠭᠦᠯᠦᠨ ᠪᠥᠬᠦ ᠲᠠᠯ᠎ᠠ ᠶᠢᠨ ᠪᠠᠶᠢᠴᠠᠭᠠᠯᠲᠠ ᠬᠢᠵᠦ᠂ ᠪᠠᠶᠢᠴᠠᠭᠠᠯᠲᠠ ᠶᠢᠨ | ᠳᠤᠮᠳᠠ ᠣᠯᠵᠤ ᠮᠡᠳᠡᠭᠰᠡᠨ ᠠᠰᠠᠭᠤᠳᠠᠯ ᠢ ᠠᠷᠠᠳ ᠤᠨ ᠴᠠᠭᠳᠠᠭ᠎ᠠ ᠠᠴᠠ ᠲᠤᠬᠠᠢ ᠶᠢᠨ ᠲᠠᠯᠠᠪᠤᠷ ᠲᠤᠨᠢ ᠬᠠᠷᠢᠭᠤ | ᠲᠤᠰᠬᠠᠬᠤ ᠶᠢᠨ ᠬᠠᠮᠲᠤ ᠰᠤᠷᠭᠠᠭᠤᠯᠢ ᠶᠢ ᠰᠢᠮᠳᠠᠭᠤᠯᠵᠤ ᠪᠠᠶᠢᠭᠠᠳ ᠳᠠᠷᠤᠶᠢᠬᠠᠨ ᠴᠡᠭᠴᠡᠯᠡᠨ ᠰᠠᠶᠢᠵᠢᠷᠠᠭᠤᠯᠵᠤ | ᠨᠠᠶᠢᠳᠠᠪᠤᠷᠢᠵᠢᠭᠤᠯᠤᠨ᠂ ᠠᠮᠤᠷ ᠲᠦᠪᠰᠢᠨ ᠤ ᠳᠠᠯᠳᠠ ᠬᠡᠮ ᠢ ᠠᠷᠢᠯᠭᠠᠬᠤ ᠪᠠᠷ ᠴᠢᠷᠮᠠᠶᠢᠪᠠ᠃ ᠡᠭᠦᠨ ᠤ ᠬᠠᠮᠲᠤ᠂ | ᠰᠤᠷᠭᠠᠭᠤᠯᠢ ᠶᠢᠨ ᠬᠦᠷᠢᠶᠡᠨ ᠤ ᠠᠮᠤᠷ ᠢ ᠬᠠᠮᠠᠭᠠᠯᠠᠬᠤ ᠠᠵᠢᠯᠲᠠᠨ ᠳᠤ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ | ᠠᠷᠭᠠᠴᠠᠭᠠᠨ ᠰᠢᠢᠳᠪᠦᠷᠢᠯᠡᠬᠦ ᠰᠣᠷᠢᠯᠲᠠ ᠬᠢᠵᠦ᠂ ᠰᠣᠷᠢᠯᠲᠠ ᠶᠢᠨ ᠳᠤᠮᠳᠠ ᠢᠯᠡᠷᠡᠭᠰᠡᠨ ᠠᠰᠠᠭᠤᠳᠠᠯ ᠳᠤ ᠲᠤᠰᠬᠠᠢ | ᠮᠡᠷᠭᠡᠵᠢᠯ ᠤᠨ ᠦᠨᠡᠯᠡᠯᠲᠡ ᠬᠢᠵᠦ᠂ ᠠᠮᠤᠷ ᠢ ᠬᠠᠮᠠᠭᠠᠯᠠᠬᠤ ᠠᠵᠢᠯᠲᠠᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ | ᠤᠬᠠᠮᠰᠠᠷ ᠪᠠ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠴᠢᠳᠠᠪᠤᠷᠢ ᠶᠢ ᠤᠯᠠᠮ ᠨᠢᠭᠡ ᠠᠯᠬᠤᠮ | ᠴᠢᠩᠭᠠᠳᠬᠠᠪᠠ᠃ | | | | | | ᠵᠣᠬᠢᠶᠠᠭᠴᠢ᠄ ᠰᠢᠤᠸᠠᠨ ᠶᠠᠨ | ᠨᠠᠶᠢᠷᠠᠭᠤᠯᠤᠭᠴᠢ᠄ ᠯᠢ ᠰᠧ ᠬᠤᠢ | ᠬᠢᠨᠠᠨ ᠬᠠᠷᠭᠤᠭᠤᠯᠤᠭᠴᠢ᠄ ᠶᠠᠨ ᠬᠤᠸᠠᠢ ᡁᠢ | ᠤᠷᠴᠢᠭᠤᠯᠤᠭᠴᠢ᠄ ᠬᠠᠨ ᠰᠢᠶᠤᠤ ᠿᠦᠩ | ᠬᠢᠨᠠᠭᠴᠢ᠄ ᠼᠦᠢ ᠶᠢᠩ |