| ᠤᠷᠢᠬᠠᠨ ᠰᠠᠯᠬᠢ ᠬᠠᠯᠠᠭᠤᠨ ᠳᠤᠯᠠᠭᠠᠨ ᠢ ᠬᠦᠷᠭᠡᠵᠦ᠂ ᠲᠦᠮᠡᠨ ᠪᠣᠳᠠᠰ ᠰᠢᠨᠡᠳᠦᠨ ᠠᠮᠢᠯᠠᠨ᠎ᠠ᠃ 2 ᠰᠠᠷ᠎ᠠ ᠶᠢᠨ | 24 ᠤ ᠡᠳᠦᠷ᠂ ᠮᠠᠨ ᠤ ᠬᠤᠲᠠ ᠶᠢᠨ ᠡᠯ᠎ᠡ ᠪᠠᠭ᠎ᠠ ᠰᠤᠷᠭᠠᠭᠤᠯᠢ ᠪᠠ ᠬᠡᠦᠬᠡᠳ ᠤᠨ ᠴᠡᠴᠡᠷᠯᠢᠭ ᠤᠨ ᠬᠢᠨ ᠬᠠᠪᠤᠷ ᠤᠨ | ᠤᠯᠠᠷᠢᠯ ᠤᠨ ᠰᠤᠷᠤᠯᠭ᠎ᠠ ᠡᠬᠢᠯᠡᠬᠦ ᠡᠳᠦᠷ ᠢᠶᠠᠨ ᠤᠭᠲᠤᠨ ᠠᠪᠴᠢᠷᠠᠯ᠎ᠠ᠃ ᠤᠳᠠᠲᠠᠯ᠎ᠠ ᠨᠠᠮ ᠵᠢᠮ ᠪᠠᠶᠢᠭᠰᠠᠨ | ᠰᠤᠷᠭᠠᠭᠤᠯᠢ ᠶᠢᠨ ᠬᠦᠷᠢᠶᠡᠨ ᠳᠤ ᠳᠠᠬᠢᠨᠲᠠ ᠪᠠᠶᠠᠷ ᠪᠠᠭ᠋ᠠᠳᠤᠯ ᠢᠶᠠᠷ ᠪᠢᠯᠬᠠᠵᠤ᠂ ᠪᠠᠭᠰᠢ ᠰᠤᠷᠤᠭᠴᠢᠳ ᠣᠷᠭᠢᠯᠤᠮ᠎ᠠ | ᠬᠠᠯᠠᠭᠤᠨ ᠰᠡᠳᠬᠢᠯᠭᠡ ᠪᠠᠷ ᠴᠤ᠋ ᠰᠢᠨ᠎ᠡ ᠤᠶᠤᠨ ᠰᠠᠨᠠᠭᠠᠨ ᠤ ᠳᠦᠷᠰᠦ ᠪᠠᠶᠢᠳᠠᠯ ᠢᠶᠠᠷ ᠰᠢᠨ᠎ᠡ ᠰᠤᠷᠤᠯᠭ᠎ᠠ ᠶᠢᠨ | ᠬᠤᠭᠤᠴᠠᠭᠠᠨ ᠤ ᠠᠶᠠᠨ ᠵᠠᠮ ᠳᠠᠭᠠᠨ ᠲᠣᠮᠣ ᠠᠯᠬᠤᠮ ᠢᠶᠠᠷ ᠤᠷᠤᠭᠰᠢᠯᠠᠪᠠ᠃ ︽ᠰᠤᠷᠤᠯᠭ᠎ᠠ ᠡᠬᠢᠯᠡᠬᠦ ᠠᠩᠬᠠᠨ ᠤ | ᠬᠢᠴᠢᠶᠡᠯ︾ ᠨᠢ ᠨᠠᠩ ᠴᠤ ᠰᠢᠨ᠎ᠡ ᠰᠤᠷᠤᠯᠭ᠎ᠠ ᠶᠢᠨ ᠬᠤᠭᠤᠴᠠᠭᠠᠨ ᠳᠤ ᠬᠦᠰᠡᠯ ᠡᠷᠡᠮᠡᠯᠵᠡᠯ ᠪᠠ ᠬᠢᠵᠠᠭᠠᠯᠠᠰᠢ ᠦᠭᠡᠢ | ᠠᠮᠢᠵᠢᠷᠠᠯ ᠤᠨ ᠬᠦᠴᠦᠨ ᠢ ᠨᠡᠮᠡᠷᠢᠯᠡᠪᠡ᠃ | | ᠬᠤᠲᠠ ᠶᠢᠨ ᠲᠤᠷᠰᠢᠯᠲᠠ ᠶᠢᠨ ᠪᠠᠭ᠎ᠠ ᠰᠤᠷᠭᠠᠭᠤᠯᠢ ᠳᠤ᠂ ᠰᠢᠨ᠎ᠡ ᠰᠤᠷᠤᠯᠭ᠎ᠠ ᠶᠢᠨ ᠬᠤᠭᠤᠴᠠᠭᠠᠨ ᠤ ᠠᠩᠬᠠᠨ ᠤ | ᠤᠯᠤᠰ ᠤᠨ ᠲᠤᠭ ᠮᠠᠨᠳᠤᠭᠤᠯᠬᠤ ᠶᠣᠰᠣᠯᠠᠯ ᠦᠪᠡᠳᠡᠭᠰᠢ ᠶᠡᠭᠡ ᠪᠠᠷ ᠶᠠᠪᠤᠭᠳᠠᠪᠠ᠃ ︽ᠲᠤᠭ ᠮᠠᠨᠳᠤᠭᠤᠯᠬᠤ︾ | ᠳᠣᠬᠢᠶ᠎ᠠ ᠳᠤᠤᠭᠠᠷᠬᠤ ᠶᠢᠨ ᠳᠠᠭᠠᠤ ᠳᠤ᠂ ᠤᠯᠤᠰ ᠤᠨ ᠲᠤᠭ ᠢ ᠬᠠᠮᠠᠭᠠᠯᠠᠬᠤ ᠠᠩᠭᠢ ᠶᠢᠨ ᠬᠠᠮᠲᠤ ᠰᠤᠷᠤᠭᠴᠢᠳ | ᠢᠳᠡᠷᠡᠭᠦᠨ ᠠᠯᠬᠤᠭ᠎ᠠ ᠪᠠᠷ ᠤᠯᠤᠰ ᠤᠨ ᠲᠤᠭ ᠢ ᠬᠠᠮᠠᠭᠠᠯᠠᠨ ᠬᠦᠷᠭᠡᠵᠦ ᠢᠷᠡᠯ᠎ᠡ᠃ ᠣᠷᠭᠢᠯᠤᠮ᠎ᠠ ᠬᠠᠯᠠᠭᠤᠨ ︽ | ᠵᠢᠷᠤᠮ ᠤᠨ ᠴᠡᠷᠢᠭ ᠤᠨ ᠤᠷᠤᠭᠰᠢᠯᠠᠯᠲᠠ ᠶᠢᠨ ᠬᠥᠭᠵᠢᠮ︾ ᠢ ᠲᠠᠭᠠᠨ᠂ ᠬᠤᠷᠴᠠ ᠰᠣᠷᠭᠤᠭ ᠲᠠᠪᠤᠨ ᠣᠳᠣᠲᠤ | ᠤᠯᠠᠭᠠᠨ ᠲᠤᠭ ᠠᠯᠭᠤᠷᠬᠠᠨ ᠢᠶᠠᠷ ᠮᠠᠨᠳᠤᠵᠤ᠂ ᠰᠤᠷᠭᠠᠭᠤᠯᠢ ᠶᠢᠨ ᠬᠦᠷᠢᠶᠡᠨ ᠤ ᠣᠭᠲᠠᠷᠭᠤᠢ ᠳᠤ ᠰᠠᠯᠬᠢᠨ ᠤ | ᠠᠶ᠎ᠠ ᠪᠠᠷ ᠨᠠᠮᠢᠷᠠᠨ᠎ᠠ᠃ ᠪᠦᠬᠦ ᠪᠠᠭᠰᠢ ᠰᠤᠷᠤᠭᠴᠢᠳ ᠮᠥᠷᠯᠡᠨ ᠵᠣᠭᠰᠣᠵᠤ᠂ ᠤᠯᠤᠰ ᠤᠨ ᠲᠤᠭ ᠥᠭᠡᠳᠡ ᠬᠠᠨᠳᠤᠨ | ᠰᠢᠷᠳᠡᠬᠦ ᠶᠣᠰᠣᠯᠠᠯ ᠶᠠᠪᠤᠭᠤᠯᠵᠤ᠂ ᠴᠤᠭ ᠵᠢᠪᠬᠤᠭ᠎ᠠ ᠪᠠᠳᠠᠷᠠᠭᠰᠠᠨ ᠣᠶᠤᠨ ᠰᠠᠨᠠᠭᠠᠨ ᠤ ᠳᠦᠷᠰᠦ ᠪᠠᠶᠢᠳᠠᠯ ᠢᠶᠠᠷ | ᠰᠢᠨ᠎ᠡ ᠰᠤᠷᠤᠯᠭ᠎ᠠ ᠶᠢᠨ ᠬᠤᠭᠤᠴᠠᠭᠠᠨ ᠤ ᠴᠤ᠋ ᠰᠢᠨ᠎ᠡ ᠬᠠᠭᠤᠳᠠᠰᠤ ᠶᠢ ᠨᠡᠬᠡᠬᠡᠪᠡ᠃ | | ᠰᠢᠨ᠎ᠡ ᠰᠤᠷᠤᠯᠭ᠎ᠠ ᠶᠢᠨ ᠬᠤᠭᠤᠴᠠᠭ᠎ᠠ ᠡᠬᠢᠯᠡᠮᠡᠭᠴᠡ᠂ ᠡᠯ᠎ᠡ ᠰᠤᠷᠭᠠᠭᠤᠯᠢ ᠶᠢᠨ ᠬᠢᠨ ︽ᠠᠮᠤᠷ ᠲᠦᠪᠰᠢᠨ ᠤ | ᠬᠥᠮᠦᠵᠢᠯ︾᠂ ︽ᠰᠤᠷᠭᠠᠭᠤᠯᠢ ᠶᠢᠨ ᠬᠦᠷᠢᠶᠡᠨ ᠤ ᠪᠣᠯᠪᠠᠰᠤᠨ ᠤ ᠶᠣᠰᠣᠯᠠᠯ ᠢ ᠤᠷᠢᠳ ᠢᠶᠠᠷ ᠬᠡᠷᠡᠭᠵᠢᠭᠦᠯᠬᠦ︾ | ᠵᠡᠷᠭᠡ ᠪᠠᠷ ᠭᠤᠣᠯ ᠰᠡᠳᠦᠪ ᠪᠣᠯᠭᠠᠭᠰᠠᠨ ᠰᠤᠷᠤᠯᠭ᠎ᠠ ᠡᠬᠢᠯᠡᠬᠦ ᠠᠩᠬᠠᠨ ᠤ ᠬᠢᠴᠢᠶᠡᠯ ᠢ ᠵᠠᠯᠭᠠᠭ᠎ᠠ ᠵᠠᠯᠭᠠᠭ᠎ᠠ ᠪᠠᠷ | ᠥᠷᠨᠢᠭᠦᠯᠦᠭᠰᠡᠨ ᠪᠠᠶᠢᠨ᠎ᠠ᠃ ᠬᠢᠴᠢᠶᠡᠯ ᠤᠨ ᠲᠢᠩᠭᠢᠮ ᠳᠤ᠂ ᠠᠩᠭᠢ ᠶᠢᠨ ᠡᠷᠬᠢᠯᠡᠭᠴᠢ ᠨᠠᠷ ᠰᠢᠨ᠎ᠡ ᠰᠤᠷᠤᠯᠭ᠎ᠠ ᠶᠢᠨ | ᠬᠤᠭᠤᠴᠠᠭᠠᠨ ᠤ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠠᠩᠬᠠᠷᠬᠤ ᠵᠦᠢᠯᠡᠰ ᠲᠠᠢ ᠤᠶᠠᠯᠳᠤᠭᠤᠯᠤᠨ᠂ | ᠡᠷᠡᠭᠦᠯ ᠬᠠᠮᠠᠭᠠᠯᠠᠯ ᠡᠷᠡᠭᠦᠯᠵᠢᠯ᠂ ᠵᠠᠮ ᠬᠠᠷᠢᠯᠴᠠᠭᠠᠨ ᠤ ᠠᠮᠤᠷ ᠲᠦᠪᠰᠢᠨ᠂ ᠰᠡᠳᠬᠢᠴᠡ ᠶᠢᠨ ᠡᠷᠡᠭᠦᠯ ᠮᠡᠨᠳᠦ ᠶᠢᠨ | ᠬᠥᠮᠦᠵᠢᠯ᠂ ᠶᠣᠰᠣ ᠵᠢᠷᠤᠮ ᠤᠨ ᠬᠥᠮᠦᠵᠢᠯ ᠵᠡᠷᠭᠡ ᠠᠴᠠ ᠪᠥᠬᠦ ᠲᠠᠯ᠎ᠠ ᠪᠠᠷ᠂ ᠣᠯᠠᠨ ᠲᠠᠯ᠎ᠠ ᠠᠴᠠ ᠰᠤᠷᠤᠭᠴᠢᠳ ᠢ | ᠠᠮᠤᠷ ᠲᠦᠪᠰᠢᠨ ᠤ ᠤᠬᠠᠮᠰᠠᠷ ᠲᠠᠢ ᠪᠣᠯᠭᠠᠵᠤ᠂ ᠪᠣᠯᠪᠠᠰᠤᠨ ᠦᠶᠯᠡ ᠠᠵᠢᠯᠯᠠᠭᠠᠨ ᠤ ᠳᠠᠳᠬᠠᠯ ᠲᠠᠢ ᠪᠣᠯᠭᠠᠨ | ᠬᠥᠮᠥᠵᠢᠭᠦᠯᠵᠦ᠂ ᠰᠤᠷᠤᠭᠴᠢᠳ ᠤᠨ ᠪᠣᠯᠪᠠᠰᠤᠨ ᠢ ᠡᠷᠬᠢᠮᠯᠡᠳᠡᠭ᠂ ᠶᠣᠰᠣ ᠵᠢᠷᠤᠮ ᠢ ᠮᠡᠳᠡᠳᠡᠭ᠂ ᠶᠣᠰᠣ ᠵᠢᠷᠤᠮ ᠢ | ᠰᠠᠬᠢᠳᠠᠭ ᠰᠢᠨ᠎ᠡ ᠴᠠᠭ ᠦᠶ᠎ᠡ ᠶᠢᠨ ᠰᠠᠶᠢᠨ ᠰᠣᠷᠣᠭᠴᠢ ᠪᠣᠯᠬᠤ ᠶᠢ ᠵᠤᠷᠢᠭᠵᠢᠭᠤᠯᠪᠠ᠃ | | ᠹᠧᠩᠵᠧᠨ ᠬᠤᠳᠠ ᠶᠢᠨ ᠰᠢᠨ ᠮᠢᠶᠣᠣ ᠹᠠᠩ ᠤᠨ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ | ᠲᠥᠪ ᠲᠤ᠂ ᠴᠡᠴᠡᠷᠯᠢᠭ ᠲᠤ ᠰᠢᠨ᠎ᠡ ᠪᠠᠷ ᠣᠷᠣᠭᠰᠠᠨ ᠪᠢᠴᠢᠬᠠᠨ ᠪᠦᠪᠡᠢ ᠨᠠᠷ ᠬᠥᠮᠥᠨ ᠤ ᠠᠮᠢᠳᠤᠷᠠᠯ ᠤᠨ ᠴᠤ᠋ ᠰᠢᠨ᠎ᠡ | ᠠᠶᠠᠨ ᠢᠶᠠᠨ ᠤᠭᠲᠤᠨ ᠠᠪᠤᠯ᠎ᠠ᠃ ᠲᠡᠳᠡᠨ ᠤ ︽ᠰᠤᠷᠭᠠᠭᠤᠯᠢ ᠡᠬᠢᠯᠡᠬᠦ ᠠᠩᠬᠠᠨ ᠤ ᠬᠢᠴᠢᠶᠡᠯ︾ ᠨᠢ ᠥᠪᠡᠷ ᠤᠨ | ᠪᠡᠶ᠎ᠡ ᠶᠢᠨ ᠲᠠᠨᠢᠯᠴᠠᠭᠤᠯᠭ᠎ᠠ ᠠᠴᠠ ᠡᠬᠢᠯᠡᠭᠰᠡᠨ ᠶᠤᠮ᠃ ᠬᠡᠦᠬᠡᠳ ᠤᠳ ᠨᠢᠯᠬᠠᠰᠠᠭ ᠳᠠᠭᠤᠨ ᠢᠶᠠᠷ ᠥᠪᠡᠷ ᠤᠨ ᠨᠡᠷ᠎ᠡ | ᠪᠠ ᠳᠤᠷ᠎ᠠ ᠰᠣᠨᠢᠷᠬᠠᠯ ᠢᠶᠠᠨ ᠶᠠᠷᠢᠵᠤ᠂ ᠠᠰᠪᠤᠷ ᠴᠠᠭᠠᠪᠤᠷ ᠪᠢᠴᠢᠬᠠᠨ ᠴᠢᠷᠠᠢ ᠳᠤᠨᠢ ᠰᠣᠨᠢᠭᠤᠴᠢ ᠰᠡᠳᠬᠢᠯ ᠪᠠ | ᠡᠷᠡᠯᠬᠡᠭ ᠵᠣᠷᠢᠭ ᠪᠢᠯᠬᠠᠨ᠎ᠠ᠃ ᠬᠡᠦᠬᠡᠳ ᠤᠨ ᠴᠡᠴᠡᠷᠯᠢᠭ ᠤᠨ ︽ᠰᠤᠷᠤᠯᠭ᠎ᠠ ᠡᠬᠢᠯᠡᠬᠦ ᠠᠩᠬᠠᠨ ᠤ ᠬᠢᠴᠢᠶᠡᠯ︾ ᠨᠢ | ᠵᠥᠪᠬᠡᠨ ᠳᠥᠭᠦᠮᠬᠡᠨ ᠶᠣᠰᠣᠯᠠᠯ ᠲᠡᠳᠦᠢ ᠪᠢᠰᠢ᠂ ᠨᠠᠩ ᠴᠤ ᠬᠡᠦᠬᠡᠳ ᠤᠨ ᠦᠰᠦᠨ ᠪᠣᠶᠢᠵᠢᠬᠤ ᠵᠠᠮ ᠤᠨ ᠴᠢᠬᠤᠯᠠ | ᠡᠬᠢᠯᠡᠯᠲᠡ ᠪᠠᠶᠢᠵᠤ᠂ ᠬᠢᠵᠠᠭᠠᠯᠠᠰᠢ ᠦᠭᠡᠢ ᠰᠠᠶᠢᠨ ᠰᠠᠶᠢᠬᠠᠨ ᠪᠠ ᠬᠦᠰᠡᠯ ᠡᠷᠡᠮᠡᠯᠵᠡᠯ ᠢ ᠠᠴᠢᠶᠠᠯᠠᠵᠤ ᠪᠠᠶᠢᠳᠠᠭ᠃ | ᠡᠯ᠎ᠡ ᠰᠤᠷᠭᠠᠭᠤᠯᠢ ᠶᠢᠨ ᠬᠦᠷᠢᠶᠡᠨ ᠤ ᠭᠠᠵᠠᠷ ᠪᠣᠯᠭᠠᠨ ᠳᠤ ︽ᠰᠤᠷᠤᠯᠭ᠎ᠠ ᠡᠬᠢᠯᠡᠬᠦ ᠠᠩᠬᠠᠨ ᠤ ᠬᠢᠴᠢᠶᠡᠯ︾ ᠤᠨ | ᠭᠤᠶᠢᠳᠠ ᠰᠠᠶᠢᠬᠠᠨ ᠢ ᠣᠯᠵᠤ ᠬᠠᠷᠠᠨ᠎ᠠ᠃ ᠡᠨᠡᠬᠦ ᠰᠢᠵᠢᠷ ᠠᠯᠳᠠ ᠰᠢᠭ᠋ ᠰᠢᠨ᠎ᠡ ᠰᠤᠷᠤᠯᠭ᠎ᠠ ᠶᠢᠨ ᠬᠤᠭᠤᠴᠠᠭᠠᠨ ᠳᠤ᠂ | ᠪᠢᠳᠡ ᠰᠤᠷᠤᠭᠴᠢ ᠨᠢᠭᠡᠪᠦᠷᠢ ᠴᠥᠮ ᠬᠦᠴᠢᠷ ᠪᠡᠷᠬᠡᠰᠢᠶᠡᠯ ᠠᠴᠠ ᠠᠶᠤᠬᠤ ᠦᠭᠡᠢ᠂ ᠵᠣᠷᠢᠭᠲᠠᠢ ᠪᠠᠷ ᠨᠡᠷᠡᠨ ᠤ ᠭᠡᠷᠡᠯ | ᠵᠦᠭ ᠭᠡᠷᠡᠯ ᠭᠢᠯᠪᠠᠭ᠎ᠠ ᠶᠢ ᠬᠥᠭᠡᠭᠡᠴᠡᠯᠳᠦᠨ ᠡᠷᠡᠯᠬᠡᠭᠯᠡᠨ ᠤᠷᠤᠭᠰᠢᠯᠠᠵᠤ᠂ ᠥᠪᠡᠷ ᠤᠨ ᠭᠡᠰᠡᠨ ᠭᠤᠶᠢᠳᠠ ᠰᠠᠶᠢᠬᠠᠨ | ᠠᠮᠢᠳᠤᠷᠠᠯ ᠢᠶᠠᠨ ᠴᠢᠷᠮᠠᠶᠢᠨ ᠪᠢᠴᠢᠭᠯᠡᠬᠦ ᠶᠢ ᠰᠡᠳᠬᠢᠯ ᠳᠦᠭᠦᠷᠡᠩ ᠬᠦᠰᠡᠨ ᠬᠦᠯᠢᠶᠡᠵᠦ ᠪᠠᠶᠢᠨ᠎ᠠ᠃ | | | ᠵᠣᠬᠢᠶᠠᠭᠴᠢ᠄ ᠵᠠᠩ ᠿᠢ ᠵᠢᠤᠸᠠᠨ ᠸᠠᠩ ᠨᠢᠩ ᠪᠥᠸᠧ | ᠨᠠᠶᠢᠷᠠᠭᠤᠯᠤᠭᠴᠢ᠄ ᠯᠢ ᠰᠧ ᠬᠤᠢ | ᠬᠢᠨᠠᠨ ᠬᠠᠷᠭᠤᠭᠤᠯᠤᠭᠴᠢ᠄ ᠶᠠᠨ ᠬᠤᠸᠠᠢ ᡁᠢ | ᠤᠷᠴᠢᠭᠤᠯᠤᠭᠴᠢ᠄ ᠬᠠᠨ ᠰᠢᠶᠤᠤ ᠿᠦᠩ | ᠬᠢᠨᠠᠭᠴᠢ᠄ ᠼᠦᠢ ᠶᠢᠩ |