ᠯᠢ ᠶᠢᠩ ᠠᠶᠤᠯᠭᠦᠢ ᠦᠢᠯᠡᠳᠪᠦᠷᠢᠯᠡᠯ ᠤᠨ ᠬᠠᠮᠢᠶ᠎ᠠ ᠪᠦᠬᠦᠢ ᠠᠵᠢᠯ ᠢ ᠪᠠᠶᠢᠴᠠᠭᠠᠨ ᠰᠤᠳᠤᠯᠵᠤ ᠱᠠᠯᠠᠪᠳᠠᠭᠤᠯᠤᠨ ᠵᠢᠯᠣᠭᠤᠳᠪᠠ
ᠨᠡᠶᠢᠲᠡᠯᠡᠭᠰᠡᠨ ᠴᠠᠭ᠄
2025/2/26
   2 ᠰᠠᠷ᠎ᠠ ᠶᠢᠨ 25 ᠤ ᠡᠳᠦᠷ᠂ ᠬᠤᠳᠠ ᠶᠢᠨ ᠨᠠᠮ ᠤᠨ ᠬᠤᠷᠢᠶ᠎ᠠ ᠶᠢᠨ ᠱᠦᠵᠢ ᠯᠢ ᠶᠢᠩ ᠠᠶᠤᠯᠭᠦᠢ ᠦᠢᠯᠡᠳᠪᠦᠷᠢᠯᠡᠯ ᠤᠨ ᠬᠠᠮᠢᠶ᠎ᠠ ᠪᠦᠬᠦᠢ ᠠᠵᠢᠯ ᠢ ᠪᠠᠶᠢᠴᠠᠭᠠᠨ ᠰᠤᠳᠤᠯᠵᠤ ᠬᠢᠨᠠᠨ ᠵᠢᠯᠣᠭᠤᠳᠪᠠ᠃ ᠬᠤᠳᠠ ᠶᠢᠨ ᠤᠳᠤᠷᠢᠳᠤᠯᠭ᠎ᠠ ᠴᠧᠨ ᠪᠥᠸᠧ ᠯᠢᠨ᠂ ᠵᠠᠩ ᠰᠢᠨ᠂ ᠵᠧᠦ ᠵᠢᠶᠠᠨ ᠫᠢᠩ ᠨᠠᠷ ᠪᠠᠶᠢᠴᠠᠭᠠᠨ ᠰᠤᠳᠤᠯᠵᠤ ᠬᠢᠨᠠᠨ ᠵᠢᠯᠤᠭᠤᠳᠬᠤ ᠳᠤ ᠣᠷᠣᠯᠴᠠᠪᠠ᠃
   ᠯᠢ ᠶᠢᠩ ᠤᠷᠢᠳ ᠬᠤᠵᠢᠳ G512 ᠤᠯᠤᠰ ᠤᠨ ᠵᠠᠮ ᠤᠨ 194km ᠭᠠᠵᠠᠷ ᠵᠢᠴᠢ ᠹᠧᠩ ᠬᠤᠢ ᠬᠢᠮᠢ ᠶᠢᠨ ᠠᠵᠤ ᠦᠢᠯᠡᠳᠪᠦᠷᠢ᠂ ᠴᠠᠩ ᠰᠢᠨ ᠬᠢᠮᠢ ᠶᠢᠨ ᠠᠵᠤ ᠦᠢᠯᠡᠳᠪᠦᠷᠢ᠂ ᠬᠤᠩ ᠱᠧᠩ ᠨᠡᠭᠦᠷᠡᠰᠦᠲᠥ᠋ᠷᠥᠭᠴᠢ ᠶᠢᠨ ᠡᠯᠧᠮᠧᠨ᠋ᠲ᠂ ᠱᠢ ᠶᠠᠩ ᠲᠡᠮᠦᠷᠯᠢᠭ ᠮᠠᠲ᠋ᠧᠷᠢᠶᠠᠯ ᠵᠡᠷᠭᠡ ᠠᠵᠤ ᠠᠬᠤᠶᠢᠯᠠᠯ ᠪᠣᠯᠣᠨ ᠢ  ᠬᠤᠢ ᠪᠠᠭ᠎ᠠ ᠰᠤᠷᠭᠠᠭᠤᠯᠢ ᠵᠡᠷᠭᠡ ᠭᠠᠵᠠᠷ ᠲᠤ ᠬᠦᠷᠪᠡ᠃ ᠬᠦᠷᠦᠭᠰᠡᠨ ᠭᠠᠵᠠᠷ ᠪᠣᠯᠭᠠᠨ ᠳᠤ᠂ ᠯᠢ ᠶᠢᠩ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠬᠦ ᠪᠠ ᠬᠠᠷᠢᠭᠤ ᠮᠡᠳᠡᠭᠦᠯᠦᠯᠲᠡ ᠶᠢ ᠰᠣᠨᠣᠰᠬᠤ ᠶᠢ ᠤᠶᠠᠯᠳᠤᠭᠤᠯᠬᠤ ᠠᠷᠭ᠎ᠠ ᠪᠠᠷ ᠠᠶᠤᠯᠭᠦᠢ ᠦᠢᠯᠡᠳᠪᠦᠷᠢᠯᠡᠯ ᠤᠨ ᠪᠠᠶᠢᠳᠠᠯ ᠢ ᠪᠦᠬᠦ ᠲᠠᠯ᠎ᠠ ᠪᠠᠷ ᠨᠠᠷᠢᠨ ᠣᠶᠢᠯᠠᠭᠠᠬᠤ ᠶᠢᠨ ᠬᠠᠮᠲᠤ ᠬᠤᠯᠪᠣᠭᠳᠠᠯ ᠪᠦᠬᠦᠢ ᠠᠵᠢᠯ ᠳᠤ ᠪᠣᠳᠠᠲᠠᠢ ᠱᠠᠭᠠᠷᠳᠠᠯᠭ᠎ᠠ ᠳᠤᠷᠠᠳᠪᠠ᠃    ᠯᠢ ᠶᠢᠩ᠄ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠢᠳᠡᠪᠬᠢᠲᠡᠢ ᠰᠠᠨᠠᠭᠠᠴᠢᠯᠠᠭ᠎ᠠ ᠲᠠᠢ ᠪᠠᠷ ᠠᠵᠢᠯᠯᠠᠵᠤ᠂ ᠠᠵᠢᠯ ᠤᠨ ᠬᠠᠮᠲᠤᠷᠠᠯ ᠤᠨ ᠬᠦᠴᠦᠨ ᠢ ᠨᠢᠭᠲᠠᠷᠠᠭᠤᠯᠵᠤ᠂ ᠴᠠᠬᠢᠯᠭᠠᠨ ᠬᠦᠴᠦᠨ ᠪᠣᠯᠣᠨ ᠴᠢᠮᠡᠭᠡ ᠬᠤᠯᠪᠣᠭ᠎ᠠ ᠶᠢᠨ ᠰᠦᠯᠵᠢᠶ᠎ᠡ ᠶᠢ ᠵᠠᠯᠭᠠᠬᠤ ᠶᠢ ᠲᠦᠷᠭᠡᠨ ᠵᠣᠬᠢᠴᠠᠭᠤᠯᠵᠤ᠂ G512 ᠤᠯᠤᠰ ᠤᠨ ᠵᠠᠮ ᠤᠨ ᠡᠯᠧᠺᠲᠷᠣᠨ ᠬᠢᠨᠠᠨ ᠡᠵᠡᠮᠳᠡᠬᠦ ᠲᠥᠬᠦᠭᠡᠷᠦᠮᠵᠢ ᠶᠢ ᠡᠷᠲᠡᠬᠡᠨ ᠠᠰᠢᠭᠯᠠᠯᠲᠠ ᠳᠤ ᠣᠷᠣᠭᠤᠯᠬᠤ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠵᠠᠮ ᠬᠠᠷᠢᠯᠴᠠᠭᠠᠨ ᠤ ᠬᠠᠤᠯᠢ ᠠᠴᠠ ᠵᠥᠷᠢᠴᠡᠭᠰᠡᠨ ᠠᠵᠢᠯᠯᠠᠭ᠎ᠠ ᠶᠢ ᠪᠦᠲᠦᠮᠵᠢᠲᠡᠢ ᠬᠤᠷᠢᠭᠯᠠᠵᠤ᠂ ᠵᠠᠮ ᠬᠠᠷᠢᠯᠴᠠᠭᠠᠨ ᠤ ᠠᠮᠤᠷ ᠲᠦᠪᠰᠢᠨ ᠳᠤ ᠪᠠᠲᠤ ᠪᠠᠬᠢ ᠪᠠᠲᠤᠯᠠᠭ᠎ᠠ ᠬᠠᠩᠭᠠᠬᠤ ᠪᠠᠷ ᠴᠢᠷᠮᠠᠶᠢᠬᠤ ᠬᠡᠷᠡᠭᠲᠡᠢ︔ ᠡᠯ᠎ᠡ ᠠᠵᠤ ᠠᠬᠤᠶᠢᠯᠠᠯ ᠤᠨ ᠬᠢᠨ ︽ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ︾ ᠣᠶᠢᠯᠠᠭᠠᠭᠳᠠᠬᠤᠨ ᠢ ᠪᠠᠲᠤ ᠪᠤᠶ ᠪᠣᠯᠭᠠᠵᠤ᠂ ᠠᠶᠤᠯᠭᠦᠢ ᠦᠢᠯᠡᠳᠪᠦᠷᠢᠯᠡᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠬᠤᠷᠢᠭ᠎ᠠ ᠱᠤᠭᠤᠮ ᠤᠨ ᠰᠡᠳᠬᠢᠬᠦᠢ ᠶᠢ ᠴᠢᠩᠭᠠᠳᠬᠠᠵᠤ᠂ ᠲᠣᠭᠲᠠᠮᠠᠯ ᠬᠤᠭᠤᠴᠠᠭ᠎ᠠ ᠲᠠᠢ ᠪᠠᠷ ᠠᠮᠤᠷ ᠲᠦᠪᠰᠢᠨ ᠤ ᠬᠡᠮ ᠰᠣᠭᠤᠭ ᠢ ᠪᠠᠶᠢᠴᠠᠭᠠᠵᠤ ᠴᠡᠭᠴᠡᠯᠡᠨ ᠵᠠᠰᠠᠬᠤ ᠶᠢ ᠥᠷᠨᠢᠭᠦᠯᠵᠦ᠂ ᠠᠶᠤᠯᠭᠦᠢ ᠦᠢᠯᠡᠳᠪᠦᠷᠢᠯᠡᠯ ᠤᠨ ᠤᠬᠠᠭᠤᠯᠭ᠎ᠠ ᠬᠥᠮᠦᠵᠢᠯ ᠢ ᠦᠷᠭᠦᠯᠵᠢᠯᠡᠨ ᠴᠢᠩᠭᠠᠳᠬᠠᠵᠤ᠂ ︽ᠬᠥᠮᠥᠨ ᠪᠦᠬᠦᠨ ᠠᠮᠤᠷ ᠲᠦᠪᠰᠢᠨ ᠢ ᠡᠷᠬᠢᠮᠯᠡᠵᠦ᠂ ᠬᠥᠮᠥᠨ ᠪᠦᠬᠦᠨ ᠪᠠᠴᠢᠮ ᠪᠠᠶᠢᠳᠠᠯ ᠢ ᠠᠷᠭᠠᠴᠠᠭᠠᠵᠤ ᠴᠢᠳᠠᠬᠤ︾ ᠰᠠᠶᠢᠨ ᠰᠠᠶᠢᠬᠠᠨ ᠠᠭᠤᠷ ᠠᠮᠢᠰᠬᠤᠯ ᠢ ᠦᠨᠡᠨᠬᠦ ᠪᠤᠢ ᠪᠣᠯᠭᠠᠵᠤ᠂ ᠠᠷᠠᠳ ᠤᠯᠠᠨ ᠤ ᠪᠡᠶ᠎ᠡ ᠮᠠᠬᠠᠪᠤᠳ ᠡᠳ᠋ ᠬᠥᠷᠥᠩᠭᠡ ᠶᠢᠨ ᠠᠮᠤᠷ ᠲᠦᠪᠰᠢᠨ ᠢ ᠪᠦᠬᠦ ᠬᠦᠴᠦᠨ ᠢᠶᠠᠷ ᠢᠶᠠᠨ ᠰᠠᠬᠢᠨ ᠬᠠᠮᠠᠭᠠᠯᠠᠵᠤ᠂ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠢ ᠬᠠᠮᠠᠭᠠᠯᠠᠬᠤ ᠬᠡᠷᠡᠭᠲᠡᠢ︔ ᠡᠯ᠎ᠡ ᠰᠤᠷᠭᠠᠭᠤᠯᠢ ᠨᠤᠭᠤᠳ ᠭᠠᠯ ᠤᠨᠲᠠᠷᠠᠭᠠᠬᠤ ᠬᠢᠭᠡᠳ ᠢᠳᠡᠭᠡᠨ ᠤ ᠠᠶᠤᠯ ᠦᠭᠡᠢ ᠶᠢᠨ ᠲᠠᠯᠳᠠ ᠭᠡᠮ ᠢ ᠵᠢᠭᠰᠠᠭᠠᠨ ᠪᠠᠶᠢᠴᠠᠭᠠᠬᠤ ᠶᠢ ᠭᠤᠣᠯᠳᠠᠯᠭ᠎ᠠ ᠲᠠᠢ ᠴᠢᠩᠭᠠᠷᠠᠭᠤᠯᠵᠤ᠂ ᠭᠠᠯ ᠤᠨᠲᠠᠷᠠᠭᠠᠵᠤ ᠠᠶᠤᠯ ᠠᠴᠠ ᠬᠠᠮᠠᠭᠠᠯᠠᠬᠤ ᠰᠣᠷᠢᠯᠲᠠ ᠶᠢ ᠲᠣᠭᠲᠠᠮᠠᠯ ᠬᠤᠭᠤᠴᠠᠭ᠎ᠠ ᠲᠠᠢ ᠪᠠᠷ ᠵᠣᠬᠢᠶᠠᠨ ᠪᠠᠶᠢᠭᠤᠯᠵᠤ᠂ ᠪᠠᠭᠰᠢ ᠰᠤᠷᠤᠭᠴᠢᠳ ᠤᠨ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠴᠢᠳᠠᠪᠤᠷᠢ ᠶᠢ ᠶᠡᠬᠡᠪᠡᠷ ᠳᠡᠭᠡᠭᠰᠢᠯᠡᠭᠦᠯᠬᠦ ᠬᠡᠷᠡᠭᠲᠡᠢ︔ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠰᠤᠷᠭᠠᠭᠤᠯᠢ ᠲᠠᠷᠬᠠᠭᠰᠠᠨ ᠬᠤᠭᠤᠴᠠᠭᠠᠨ ᠳᠠᠬᠢ ᠵᠠᠮ ᠬᠠᠷᠢᠯᠴᠠᠭᠠᠨ ᠤ ᠬᠠᠮᠢᠶᠠᠷᠤᠨ ᠡᠵᠡᠮᠳᠡᠬᠦ ᠠᠵᠢᠯ ᠢ ᠡᠷᠬᠡᠪᠰᠢ ᠰᠠᠶᠢᠲᠤᠷ ᠬᠢᠵᠦ᠂ ᠰᠣᠷᠣᠭᠴᠢ ᠨᠢᠭᠡᠪᠦᠷᠢ ᠶᠢᠨ ᠠᠮᠤᠷ ᠲᠦᠪᠰᠢᠨ ᠢᠶᠠᠷ ᠭᠡᠷ ᠲᠡᠭᠡᠨ ᠬᠠᠷᠢᠬᠤ ᠶᠢ ᠦᠨᠡᠨᠬᠦ ᠪᠠᠲᠤᠯᠠᠬᠤ ᠬᠡᠷᠡᠭᠲᠡᠢ ᠭᠡᠪᠡ᠃      ᠵᠣᠬᠢᠶᠠᠭᠴᠢ᠄ ᠴᠧᠨ ᠸᠧᠨ ᠵᠢᠶᠧ  ᠰᠢᠤᠸᠠᠨ ᠶᠠᠨ      ᠨᠠᠶᠢᠷᠠᠭᠤᠯᠤᠭᠴᠢ᠄ ᠯᠢ ᠰᠧ ᠬᠤᠢ      ᠬᠢᠨᠠᠨ ᠬᠠᠷᠭᠤᠭᠤᠯᠤᠭᠴᠢ᠄ ᠶᠠᠨ ᠬᠤᠸᠠᠢ ᡁᠢ      ᠤᠷᠴᠢᠭᠤᠯᠤᠭᠴᠢ᠄ ᠬᠠᠨ ᠰᠢᠶᠤᠤ ᠿᠦᠩ      ᠬᠢᠨᠠᠭᠴᠢ᠄ ᠼᠦᠢ ᠶᠢᠩ
 
ᠢᠷᠡᠯᠲᠡ᠄ ᠠᠮᠢᠵᠢᠷᠠᠯ ᠪᠢᠯᠬᠠᠭᠰᠠᠨ ᠹᠧᠩᠵᠧᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000072号-3