ᠹᠧᠩᠵᠧᠨ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠤᠳᠤᠷᠢᠳᠬᠤ ᠪᠠᠭ ᠤᠨ ᠬᠢᠨ 2024 ᠣᠨ ᠤ ᠠᠷᠠᠳᠴᠢᠯᠠᠭᠰᠠᠨ ᠠᠮᠢᠳᠤᠷᠠᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/2/26
  2 ᠰᠠᠷ᠎ᠠ ᠶᠢᠨ 24 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠤᠳᠤᠷᠢᠳᠬᠤ ᠪᠠᠭ ᠤᠨ ᠬᠢᠨ 2024 ᠣᠨ ᠤ ᠠᠷᠠᠳᠴᠢᠯᠠᠭᠰᠠᠨ ᠠᠮᠢᠳᠤᠷᠠᠯ ᠤᠨ ᠬᠤᠷᠠᠯ ᠬᠢᠪᠡ᠃ ᠬᠤᠲᠠ ᠶᠢᠨ ᠨᠠᠮ ᠤᠨ ᠬᠤᠷᠢᠶᠠᠨ ᠤ ᠱᠦᠵᠢ ᠯᠢ ᠶᠢᠩ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠪᠠ᠃ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ ᠵᠠᠩ ᠬᠤᠩ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠡᠷᠢᠭᠦᠯᠡᠭᠴᠢ ᠵᠠᠩ ᠵᠢᠶᠦ᠋ᠨ ᠬᠤᠷᠠᠯ ᠳᠤ ᠰᠤᠯᠠ ᠣᠷᠣᠯᠴᠠᠪᠠ︔ ᠤᠯᠠᠭᠠᠨᠴᠠᠪ ᠬᠤᠲᠠ ᠶᠢᠨ ᠬᠤᠶᠠᠳᠤᠭᠠᠷ ᠰᠢᠪᠠᠳᠠᠨ ᠵᠢᠯᠤᠭᠤᠳᠬᠤ ᠳᠤᠭᠤᠶᠢᠯᠠᠩ ᠤᠨ ᠳᠠᠷᠤᠭ᠎ᠠ᠂ ᠤᠯᠠᠭᠠᠨᠴᠠᠪ ᠬᠤᠲᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠭᠤᠷᠪᠠᠳᠤᠭᠠᠷ ᠳᠡᠰ ᠤᠨ ᠪᠠᠶᠢᠴᠠᠭᠠᠨ ᠰᠤᠳᠤᠯᠤᠭᠴᠢ ᠵᠧᠩ ᠰᠢᠶᠣᠣ ᠮᠧᠶ᠂ ᠤᠯᠠᠭᠠᠨᠴᠠᠪ ᠬᠤᠲᠠ ᠶᠢᠨ ᠬᠤᠶᠠᠳᠤᠭᠠᠷ ᠰᠢᠪᠠᠳᠠᠨ ᠵᠢᠯᠤᠭᠤᠳᠬᠤ ᠳᠤᠭᠤᠶᠢᠯᠠᠩ ᠤᠨ ᠭᠡᠰᠢᠭᠦᠨ᠂ ᠤᠯᠠᠭᠠᠨᠴᠠᠪ ᠬᠤᠲᠠ ᠶᠢᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ ᠺᠠᠳ᠋ᠷ ᠤᠨ ᠨᠢᠭᠡᠳᠦᠭᠡᠷ ᠰᠠᠯᠠᠭᠠᠨ ᠤ ᠳᠡᠳ᠋ ᠳᠠᠷᠤᠭ᠎ᠠ ᠸᠠᠩ ᠵᠢᠶᠠᠨ ᠸᠧᠢ ᠬᠤᠷᠠᠯ ᠳᠤ ᠣᠷᠣᠯᠴᠠᠨ ᠵᠢᠭᠠᠨ ᠵᠢᠯᠣᠭᠤᠳᠪᠠ᠃
   ᠬᠤᠷᠠᠯ ᠳᠡᠭᠡᠷ᠎ᠡ᠂ ᠯᠢ ᠶᠢᠩ ᠳᠡᠭᠡᠷ᠎ᠡ ᠵᠢᠯ ᠤᠨ ᠠᠷᠠᠳᠴᠢᠯᠠᠭᠰᠠᠨ ᠠᠮᠢᠳᠤᠷᠠᠯ ᠤᠨ ᠬᠤᠷᠠᠯ ᠤᠨ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠤᠭᠰᠠᠨ ᠪᠠᠶᠢᠳᠠᠯ ᠪᠣᠯᠣᠨ ᠲᠤᠰ ᠤᠳᠠᠭ᠎ᠠ ᠶᠢᠨ ᠠᠷᠠᠳᠴᠢᠯᠠᠭᠰᠠᠨ ᠬᠤᠷᠠᠯ ᠤᠨ ᠰᠠᠨᠠᠯ ᠬᠤᠷᠢᠶᠠᠭᠰᠠᠨ ᠪᠠᠶᠢᠳᠠᠯ ᠢ ᠮᠡᠳᠡᠭᠳᠡᠪᠡ︔ ᠯᠢ ᠶᠢᠩ ᠬᠤᠳᠠ ᠶᠢᠨ ᠨᠠᠮ ᠤᠨ ᠬᠤᠷᠢᠶᠠᠨ ᠤ ᠪᠠᠭ ᠢ ᠲᠥᠯᠥᠭᠡᠯᠡᠨ ᠬᠠᠷᠢᠴᠠᠭᠤᠯᠤᠨ ᠪᠠᠶᠢᠴᠠᠭᠠᠬᠤ ᠶᠢᠨ ᠬᠠᠮᠲᠤ ᠪᠡᠶ᠎ᠡ ᠪᠠᠷ ᠢᠶᠠᠨ ᠲᠦᠷᠦᠭᠦᠯᠡᠨ ᠬᠤᠪᠢ ᠬᠥᠮᠥᠨ ᠤ ᠬᠠᠷᠢᠴᠠᠭᠤᠯᠤᠨ ᠪᠠᠶᠢᠴᠠᠭᠠᠪᠠ︔ ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠳ ᠨᠢᠭᠡᠳ ᠨᠢᠭᠡ ᠪᠠᠷ ᠬᠠᠷᠢᠴᠠᠭᠤᠯᠤᠨ ᠪᠠᠶᠢᠴᠠᠭᠠᠬᠤ ᠶᠢᠨ ᠬᠠᠮᠲᠤ ᠬᠠᠷᠢᠯᠴᠠᠨ ᠰᠢᠭᠦᠮᠵᠢᠯᠡᠬᠦ ᠠᠵᠢᠯᠯᠠᠭ᠎ᠠ ᠥᠷᠨᠢᠭᠦᠯᠪᠡ᠃      ᠵᠧᠩ ᠰᠢᠶᠣᠣ ᠮᠧᠶ ᠦᠨᠡᠯᠡᠯᠲᠡ ᠬᠢᠵᠦ ᠶᠠᠷᠢᠶ᠎ᠠ ᠲᠠᠯᠪᠢᠬᠰᠠᠨ ᠪᠦᠬᠡᠳ ᠲᠤᠰ ᠤᠳᠠᠭ᠎ᠠ ᠶᠢᠨ ᠠᠷᠠᠳᠴᠢᠯᠠᠭᠰᠠᠨ ᠠᠮᠢᠳᠤᠷᠠᠯ ᠤᠨ ᠬᠤᠷᠠᠯ ᠨᠢ ᠤᠯᠤᠰ ᠲᠦᠷᠦ ᠶᠢᠨ ᠵᠠᠷᠴᠢᠮ ᠢ ᠪᠠᠲᠤ ᠡᠵᠡᠮᠳᠡᠵᠦ᠂ ᠨᠠᠷᠢᠨ ᠨᠢᠮᠪᠠᠢ ᠲᠣᠬᠢᠷᠠᠭᠤᠯᠵᠤ᠂ ᠠᠰᠠᠭᠤᠳᠠᠯ ᠢ ᠪᠠᠶᠢᠴᠠᠭᠠᠨ ᠳᠡᠯᠭᠡᠬᠦ ᠳᠤ ᠦᠨᠡᠨ ᠠᠴᠠ ᠵᠥᠪ ᠢ ᠡᠷᠢᠵᠦ᠂ ᠵᠣᠷᠢᠭ ᠰᠠᠨᠠᠭ᠎ᠠ ᠪᠠᠨ ᠨᠢᠭᠡᠳᠬᠡᠭᠰᠡᠨ᠂ ᠰᠡᠳᠬᠢᠯ ᠢᠶᠠᠨ ᠨᠢᠭᠡᠳᠬᠡᠨ ᠬᠦᠴᠦᠨ ᠢᠶᠠᠨ ᠨᠢᠭᠲᠠᠷᠠᠭᠤᠯᠤᠭᠰᠠᠨ ᠨᠢᠭᠡ ᠤᠳᠠᠭ᠎ᠠ ᠶᠢᠨ ᠠᠮᠢᠳᠤᠷᠠᠯ ᠤᠨ ᠬᠤᠷᠠᠯ ᠪᠣᠯᠣᠨ᠎ᠠ ᠭᠡᠪᠡ᠃  ᠯᠢ ᠶᠢᠩ᠄ ᠡᠨᠡ ᠵᠢᠯ ᠪᠣᠯ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠦᠪᠵᠢᠭᠦᠯᠭᠡ ᠶᠢᠨ ᠲᠡᠭᠦᠰᠬᠡᠯ ᠤᠨ ᠵᠢᠯ ᠮᠦᠷᠳᠡᠭᠡᠨ ᠠᠷᠪᠠᠨ ᠲᠠᠪᠤᠳᠤᠭᠠᠷ ᠲᠠᠪᠤᠨ ᠵᠢᠯ ᠤᠨ ᠲᠥᠯᠦᠪᠵᠢᠭᠦᠯᠭᠡ ᠶᠢ ᠲᠥᠯᠥᠪᠯᠡᠬᠦ ᠵᠢᠯ ᠮᠥᠨ᠂ ᠤᠷᠢᠳᠤᠬᠢ ᠶᠢ ᠵᠠᠯᠭᠠᠮᠵᠢᠯᠠᠨ ᠬᠤᠶᠢᠰᠢᠬᠢ ᠳᠤ ᠵᠠᠮ ᠨᠡᠬᠡᠬᠡᠨ᠂ ᠡᠭᠦᠷᠭᠡ ᠬᠦᠨᠳᠦ ᠵᠠᠮ ᠬᠤᠯᠠ ᠤᠴᠢᠷ ᠠᠴᠠ ᠤᠨᠤᠯ ᠤᠨ ᠰᠤᠷᠤᠯᠴᠠᠯᠭ᠎ᠠ ᠶᠢ ᠴᠢᠩᠭᠠᠳᠬᠠᠵᠤ᠂ ᠦᠨᠡᠨᠴᠢ ᠰᠢᠳᠤᠷᠭᠤ ᠰᠠᠭᠤᠷᠢ ᠥᠩᠭᠡ ᠶᠢ ᠪᠤᠢ ᠪᠣᠯᠭᠠᠬᠤ ᠬᠡᠷᠡᠭᠲᠡᠢ︔ ᠴᠡᠭᠴᠡᠯᠡᠨ ᠥᠭᠡᠷᠡᠴᠢᠯᠡᠵᠦ ᠨᠠᠶᠢᠳᠠᠪᠤᠷᠢᠵᠢᠭᠤᠯᠬᠤ ᠶᠢ ᠴᠢᠩᠭ᠎ᠠ ᠠᠳᠬᠤᠵᠤ᠂ ᠪᠠᠶᠢᠩᠭᠤ ᠶᠢᠨ ᠪᠠ ᠤᠷᠳᠤ ᠬᠤᠭᠤᠴᠠᠭᠠᠨ ᠤ ᠪᠦᠲᠦᠮᠵᠢᠲᠡᠢ ᠪᠠᠶᠢᠬᠤ ᠶᠢ ᠪᠠᠲᠤᠯᠠᠬᠤ ᠬᠡᠷᠡᠭᠲᠡᠢ︔ ᠠᠷᠠᠳ ᠤᠨ ᠲᠥᠯᠥᠭᠡ ᠪᠠᠶᠢᠬᠤ ᠰᠡᠳᠬᠢᠯᠭᠡ ᠶᠢ ᠪᠠᠲᠤᠳᠬᠠᠵᠤ᠂ ᠠᠵᠢᠯ ᠤᠨ ᠰᠤᠷᠲᠠᠯ ᠢᠶᠠᠨ ᠦᠷᠭᠦᠯᠵᠢᠯᠡᠨ ᠰᠠᠶᠢᠵᠢᠷᠠᠭᠤᠯᠬᠤ ᠬᠡᠷᠡᠭᠲᠡᠢ︔ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠨ ᠠᠵᠢᠯ ᠶᠠᠪᠤᠳᠠᠯ ᠬᠢᠵᠦ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ︔ ᠡᠨᠡ ᠤᠳᠠᠭ᠎ᠠ ᠶᠢᠨ ᠠᠷᠠᠳᠴᠢᠯᠠᠭᠰᠠᠨ ᠠᠮᠢᠳᠤᠷᠠᠯ ᠤᠨ ᠬᠤᠷᠠᠯ ᠢᠶᠠᠷ ᠠᠵᠠ ᠲᠣᠬᠢᠶᠠᠯ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠣᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠵᠢᠴᠢ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠥᠭᠭᠦᠭᠰᠡᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠣᠯ ᠰᠢᠵᠢᠮ ᠪᠣᠯᠭᠠᠵᠤ᠂ ᠬᠤᠶᠠᠷ ᠶᠡᠭᠡ ᠶᠠᠪᠤᠳᠠᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ︽ᠵᠢᠷᠭᠤᠭᠠᠨ ᠢᠨᠵᠧᠨᠧᠷᠢᠩ︾ ᠢ ᠦᠷᠭᠦᠯᠵᠢᠯᠡᠨ ᠬᠡᠷᠡᠭᠵᠢᠭᠦᠯᠵᠦ᠂ ︽ᠵᠢᠷᠭᠤᠭᠠᠨ ᠠᠵᠢᠯᠯᠠᠭ᠎ᠠ︾ ᠶᠢ ᠯᠠᠪᠳᠠᠭᠤᠨ ᠪᠠᠲᠤᠲᠠᠢ ᠠᠬᠢᠭᠤᠯᠵᠤ᠂ ᠬᠠᠲᠠᠭᠤᠵᠢᠯᠲᠠᠢ ᠠᠵᠢᠯᠯᠠᠵᠤ ᠪᠣᠳᠠᠲᠠᠢ ᠠᠵᠢᠯᠯᠠᠵᠤ᠂ ᠨᠡᠩ ᠶᠡᠭᠡ ᠵᠣᠷᠢᠭ᠂ ᠨᠡᠩ ᠪᠣᠳᠠᠲᠠᠢ ᠠᠷᠭ᠎ᠠ ᠬᠡᠮᠵᠢᠶ᠎ᠡ᠂ ᠨᠡᠩ ᠴᠢᠩᠭ᠎ᠠ ᠡᠷᠴᠢᠮ ᠢᠶᠠᠷ ᠹᠧᠩᠵᠧᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠪᠠᠶᠢᠳᠠᠯ ᠢ ᠴᠢᠷᠮᠠᠶᠢᠨ ᠡᠭᠦᠳᠬᠦ ᠬᠡᠷᠡᠭᠲᠡᠢ ᠭᠡᠪᠡ᠃        ᠵᠣᠬᠢᠶᠠᠭᠴᠢ᠄ ᠪᠠᠢ ᠯᠢ ᠨᠠ  ᠵᠠᠩ ᠿᠢ ᠵᠢᠤᠸᠠᠨ        ᠨᠠᠶᠢᠷᠠᠭᠤᠯᠤᠭᠴᠢ᠄ ᠯᠢ ᠰᠧ ᠬᠤᠢ        ᠬᠢᠨᠠᠨ ᠬᠠᠷᠭᠤᠭᠤᠯᠤᠭᠴᠢ᠄ ᠶᠠᠨ ᠬᠤᠸᠠᠢ ᡁᠢ        ᠤᠷᠴᠢᠭᠤᠯᠤᠭᠴᠢ᠄ ᠬᠠᠨ ᠰᠢᠶᠤᠤ ᠿᠦᠩ        ᠬᠢᠨᠠᠭᠴᠢ᠄ ᠼᠦᠢ ᠶᠢᠩ
 
ᠢᠷᠡᠯᠲᠡ᠄ ᠠᠮᠢᠵᠢᠷᠠᠯ ᠪᠢᠯᠬᠠᠭᠰᠠᠨ ᠹᠧᠩᠵᠧᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000072号-3