ᠬᠤᠲᠠ ᠶᠢᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ᠶᠢᠨ ᠬᠢᠨ ᠬᠤᠯᠪᠣᠭᠳᠠᠯ ᠪᠦᠬᠦᠢ ᠣᠷᠣᠨ ᠪᠦᠰᠡ ᠶᠢᠨ ᠲᠤᠰᠬᠠᠢ ᠮᠡᠷᠭᠡᠵᠢᠯᠲᠡᠨ ᠤ ᠳᠤᠭᠤᠶᠢᠯᠠᠩ ᠢ ᠤᠷᠢᠵᠤ ᠠᠵᠤ ᠠᠬᠤᠶᠢᠯᠠᠯ ᠳᠤ ᠭᠦᠨᠵᠡᠭᠡᠶᠢᠷᠡᠭᠦᠯᠦᠨ ᠠᠶᠤᠯᠭᠦᠢ ᠦᠢᠯᠡᠳᠪᠦᠷᠢᠯᠡᠯ ᠤᠨ ᠲᠤᠰᠬᠠᠢ ᠵᠢᠯᠤᠭᠤᠳᠤᠯᠭ᠎ᠠ ᠬᠢᠯᠭᠡᠪᠡ
ᠨᠡᠶᠢᠲᠡᠯᠡᠭᠰᠡᠨ ᠴᠠᠭ᠄
2025/2/27
  ᠪᠦᠬᠦ ᠤᠯᠤᠰ ᠤᠨ ᠬᠤᠶᠠᠷ ᠬᠤᠷᠠᠯ ᠤᠨ ᠬᠤᠭᠤᠴᠠᠭᠠᠨ ᠳᠠᠬᠢ ᠠᠶᠤᠯᠭᠦᠢ ᠦᠢᠯᠡᠳᠪᠦᠷᠢᠯᠡᠯ ᠤᠨ ᠠᠵᠢᠯ ᠢ ᠰᠠᠶᠢᠲᠤᠷ ᠬᠢᠵᠦ᠂ ᠠᠵᠤ ᠠᠬᠤᠶᠢᠯᠠᠯ ᠤᠨ ᠠᠶᠤᠯᠭᠦᠢ ᠦᠢᠯᠡᠳᠪᠦᠷᠢᠯᠡᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠪᠣᠳᠠᠲᠠᠢ ᠠᠳᠬᠤᠵᠤ᠂ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ᠠᠮᠤᠷ ᠲᠦᠪᠰᠢᠨ ᠤ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠶᠢᠨ ᠲᠦᠯᠦᠭᠡ᠂ 2 ᠰᠠᠷ᠎ᠠ ᠶᠢᠨ 25 ᠤ ᠡᠳᠦᠷ᠂ ᠬᠤᠲᠠ ᠶᠢᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ᠶᠢᠨ ᠬᠢᠨ ᠬᠤᠯᠪᠣᠭᠳᠠᠯ ᠪᠦᠬᠦᠢ ᠣᠷᠣᠨ ᠪᠦᠰᠡ ᠶᠢᠨ ᠲᠤᠰᠬᠠᠢ ᠮᠡᠷᠭᠡᠵᠢᠯᠲᠡᠨ ᠤ ᠳᠤᠭᠤᠶᠢᠯᠠᠩ ᠢ ᠤᠷᠢᠵᠤ ᠪᠥᠬᠦ ᠬᠤᠲᠠ ᠶᠢᠨ ᠬᠡᠪᠴᠢᠶᠡᠨ ᠳᠠᠬᠢ ᠲᠡᠮᠦᠷᠯᠢᠭ ᠬᠠᠶᠢᠯᠤᠭᠤᠯᠬᠤ᠂ ᠠᠵᠤ ᠦᠢᠯᠡᠳᠪᠦᠷᠢ ᠠᠷᠠᠯᠵᠢᠶ᠎ᠠ᠂ ᠠᠶᠤᠯᠲᠠᠢ ᠬᠢᠮᠢ ᠶᠢᠨ ᠠᠵᠤ ᠠᠬᠤᠶᠢᠯᠠᠯ ᠳᠤ ᠠᠶᠤᠯᠭᠦᠢ ᠦᠢᠯᠡᠳᠪᠦᠷᠢᠯᠡᠯ ᠤᠨ ᠲᠤᠰᠬᠠᠢ ᠮᠡᠷᠭᠡᠵᠢᠯ ᠤᠨ ᠵᠢᠯᠣᠭᠤᠳᠤᠯᠭ᠎ᠠ ᠬᠢᠯᠭᠡᠪᠡ᠃
   ᠲᠤᠰᠬᠠᠢ ᠮᠡᠷᠭᠡᠵᠢᠯᠲᠡᠨ ᠤ ᠳᠤᠭᠤᠶᠢᠯᠠᠩ ᠤᠨ ᠬᠢᠨ ᠤᠷᠢᠳ ᠬᠤᠵᠢᠳ ᠰᠠᠨ ᠠᠢ ᠹᠦ᠋ ᠺᠣᠮᠫᠠᠨᠢ᠂ ᠫᠦ᠋ ᠶᠤᠸᠠᠨ ᠺᠣᠮᠫᠠᠨᠢ᠂ ᠫᠦ᠋ ᠽᠧ ᠺᠣᠮᠫᠠᠨᠢ ᠵᠡᠷᠭᠡ ᠭᠠᠵᠠᠷ ᠢᠶᠠᠷ ᠭᠦᠨᠵᠡᠭᠡᠶᠢᠷᠡᠵᠦ᠂ ᠠᠵᠤ ᠠᠬᠤᠶᠢᠯᠠᠯ ᠳᠤ ᠬᠤᠯᠪᠣᠭᠳᠠᠭᠰᠠᠨ ᠨᠡᠭᠦᠷᠡᠰᠦᠨ ᠬᠡᠢ ᠶᠢᠨ ᠣᠷᠣᠨ ᠪᠦᠰᠡ᠂ ᠳᠠᠷᠤᠯᠲᠠᠲᠤ ᠰᠠᠪᠠ᠂ ᠬᠡᠢ ᠬᠠᠳᠠᠭᠠᠯᠠᠬᠤ ᠰᠠᠪᠠ ᠬᠠᠳᠠᠭᠠᠯᠠᠬᠤ ᠲᠣᠨᠣᠭᠯᠠᠯ᠂ ᠲᠡᠮᠦᠷᠯᠢᠭ ᠪᠣᠯᠪᠠᠰᠤᠷᠠᠭᠤᠯᠬᠤ ᠦᠢᠯᠡᠳᠪᠦᠷᠢᠯᠡᠯ ᠤᠨ ᠲᠠᠰᠤᠭ ᠵᠢᠴᠢ ᠢᠵᠢ ᠪᠦᠷᠢᠳᠦᠭᠦᠯᠬᠦ ᠦᠢᠯᠡᠳᠪᠦᠷᠢ ᠶᠢᠨ ᠲᠠᠰᠤᠭ ᠪᠣᠯᠣᠨ VDF ᠲᠣᠨᠣᠭᠯᠠᠯ᠂ ᠲᠥᠪ ᠤᠨ ᠡᠵᠡᠮᠰᠢᠯ ᠤᠨ ᠲᠠᠰᠤᠭ ᠵᠡᠷᠭᠡ ᠳᠤ ᠪᠦᠬᠦ ᠲᠠᠯ᠎ᠠ ᠪᠠᠷ ᠨᠠᠷᠢᠨ ᠨᠢᠭᠲᠠ ᠪᠠᠶᠢᠴᠠᠭᠠᠯᠲᠠ ᠬᠢᠪᠡ᠃
   ᠪᠠᠶᠢᠴᠠᠭᠠᠬᠤ ᠶᠠᠪᠤᠴᠠ ᠳᠤ᠂ ᠲᠤᠰᠬᠠᠢ ᠮᠡᠷᠭᠡᠵᠢᠯᠲᠡᠨ ᠤ ᠳᠤᠭᠤᠶᠢᠯᠠᠩ ᠤᠨ ᠬᠢᠨ 3 ᠪᠠᠶᠢᠴᠠᠭᠠᠬᠤ ᠳᠤᠭᠤᠶᠢᠯᠠᠩ ᠬᠤᠪᠢᠶᠠᠵᠤ᠂ ᠳᠠᠩᠰᠠ ᠡᠪᠬᠡᠮᠡᠯ ᠤᠨ ᠮᠠᠲ᠋ᠧᠷᠢᠶᠠᠯ ᠢ ᠪᠠᠶᠢᠴᠠᠭᠠᠨ ᠦᠵᠡᠬᠦ ᠪᠠ ᠲᠤᠬᠠᠢ ᠶᠢᠨ ᠭᠠᠵᠠᠷ ᠲᠤᠨᠢ ᠪᠠᠶᠢᠴᠠᠭᠠᠬᠤ ᠶᠢ ᠤᠶᠠᠯᠳᠤᠭᠤᠯᠬᠤ ᠠᠷᠭ᠎ᠠ ᠬᠡᠯᠪᠡᠷᠢ ᠶᠢ ᠠᠪᠴᠤ᠂ ᠠᠵᠤ ᠠᠬᠤᠶᠢᠯᠠᠯ ᠤᠨ ᠠᠶᠤᠯᠭᠦᠢ ᠦᠢᠯᠡᠳᠪᠦᠷᠢᠯᠡᠯ ᠤᠨ ᠪᠠᠶᠢᠳᠠᠯ ᠢ ᠨᠠᠷᠢᠨ ᠣᠶᠢᠯᠠᠭᠠᠵᠤ᠂ ᠠᠵᠤ ᠠᠬᠤᠶᠢᠯᠠᠯ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠤ ᠪᠦᠬᠦ ᠤᠯᠤᠰ ᠤᠨ ᠬᠤᠶᠠᠷ ᠬᠤᠷᠠᠯ ᠤᠨ ᠬᠤᠭᠤᠴᠠᠭᠠᠨ ᠳᠤ ᠵᠢᠴᠢ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ᠠᠮᠤᠷ ᠲᠦᠪᠰᠢᠨ ᠤ ᠰᠡᠷᠭᠡᠶᠢᠯᠡᠯᠲᠡ ᠶᠢᠨ ᠠᠵᠢᠯ ᠤᠨ ᠪᠠᠶᠢᠷᠢᠯᠠᠭᠤᠯᠤᠯᠲᠠ ᠪᠠ ᠠᠮᠤᠷ ᠲᠦᠪᠰᠢᠨ ᠤ ᠰᠡᠷᠭᠡᠶᠢᠯᠡᠯᠲᠡ ᠶᠢᠨ ᠠᠵᠢᠯ ᠢ ᠨᠠᠶᠢᠳᠠᠪᠤᠷᠢᠵᠢᠭᠤᠯᠤᠭᠰᠠᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠨᠠᠷᠢᠨ ᠬᠢᠨᠠᠮᠠᠭᠠᠢ ᠰᠤᠨᠤᠰᠬᠤ ᠶᠢᠨ ᠬᠠᠮᠲᠤ ᠪᠠᠶᠢᠴᠠᠭᠠᠬᠤ ᠶᠠᠪᠤᠴᠠ ᠳᠤ ᠣᠯᠵᠤ ᠮᠡᠳᠡᠭᠰᠡᠨ ᠲᠥᠬᠦᠭᠡᠷᠦᠮᠵᠢ᠂ ᠠᠵᠢᠯᠯᠠᠬᠤ ᠶᠠᠪᠤᠴᠠ ᠵᠡᠷᠭᠡ ᠲᠠᠯ᠎ᠠ ᠪᠠᠷ ᠣᠷᠣᠰᠢᠵᠤ ᠪᠠᠶᠢᠭ᠎ᠠ ᠠᠮᠤᠷ ᠲᠦᠪᠰᠢᠨ ᠤ ᠬᠡᠮ ᠰᠣᠭᠤᠭ ᠤᠨ ᠠᠰᠠᠭᠤᠳᠠᠯ ᠳᠤ ᠲᠤᠬᠠᠢ ᠶᠢᠨ ᠲᠠᠯᠠᠪᠤᠷ ᠲᠤᠨᠢ ᠴᠡᠭᠴᠡᠯᠡᠨ ᠰᠠᠶᠢᠵᠢᠷᠠᠭᠤᠯᠬᠤ ᠰᠠᠨᠠᠭᠤᠯᠭ᠎ᠠ ᠳᠤᠷᠠᠳᠴᠤ᠂ ᠠᠵᠤ ᠠᠬᠤᠶᠢᠯᠠᠯ ᠢ ᠬᠡᠮ ᠰᠣᠭᠤᠭ ᠢ ᠵᠢᠭᠰᠠᠭᠠᠨ ᠪᠠᠶᠢᠴᠠᠭᠠᠬᠤ ᠡᠬᠡ ᠲᠠᠩᠰᠠ ᠶᠢ ᠪᠣᠶ ᠪᠣᠯᠭᠠᠵᠤ᠂ ᠴᠡᠭᠴᠡᠯᠡᠨ ᠰᠠᠶᠢᠵᠢᠷᠠᠭᠤᠯᠬᠤ ᠶᠢ ᠰᠢᠪᠠᠳᠠᠨ ᠱᠠᠭᠠᠷᠳᠠᠵᠤ᠂ ᠲᠣᠭᠲᠠᠮᠠᠯ ᠬᠤᠭᠤᠴᠠᠭ᠎ᠠ ᠲᠠᠢ ᠪᠠᠷ ᠳᠠᠬᠢᠨ ᠪᠠᠶᠢᠴᠠᠭᠠᠬᠤ ᠬᠡᠷᠡᠭᠲᠡᠢ ᠭᠡᠵᠦ ᠱᠠᠭᠠᠷᠳᠠᠪᠠ᠃    ᠲᠠᠷᠠᠭᠠᠴᠢ ᠶᠢᠨ ᠠᠯᠬᠤᠮ ᠳᠤ᠂ ᠬᠤᠲᠠ ᠶᠢᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ᠠᠴᠠ ᠲᠤᠰᠬᠠᠢ ᠮᠡᠷᠭᠡᠵᠢᠯᠲᠡᠨ ᠤ ᠳᠤᠭᠤᠶᠢᠯᠠᠩ ᠤᠨ ᠬᠡᠮ ᠰᠣᠭᠤᠭ ᠢ ᠵᠢᠭᠰᠠᠭᠠᠨ ᠪᠠᠶᠢᠴᠠᠭᠠᠵᠤ ᠦᠨᠡᠯᠡᠨ ᠵᠢᠱᠢᠬᠦ ᠳᠤ ᠵᠢᠭᠠᠵᠤ ᠭᠠᠷᠭᠠᠭᠰᠠᠨ ᠠᠰᠠᠭᠤᠳᠠᠯ ᠢ ᠦᠨᠳᠦᠰᠦᠯᠡᠨ᠂ ᠠᠵᠤ ᠠᠬᠤᠶᠢᠯᠠᠯ ᠢ ᠰᠢᠪᠠᠳᠠᠨ ᠵᠦᠢᠯ ᠵᠤᠷᠪᠤᠰ ᠳᠠᠷᠠᠭᠠᠯᠠᠨ ᠴᠡᠭᠴᠡᠯᠡᠨ ᠰᠠᠶᠢᠵᠢᠷᠠᠭᠤᠯᠵᠤ᠂ ᠨᠠᠶᠢᠳᠠᠪᠤᠷᠢᠵᠢᠭᠤᠯᠤᠯᠲᠠ ᠶᠢ ᠦᠨᠡᠨᠬᠦ ᠪᠠᠲᠤᠯᠠᠵᠤ᠂ ᠠᠶᠤᠯᠭᠦᠢ ᠦᠢᠯᠡᠳᠪᠦᠷᠢᠯᠡᠯ ᠤᠨ ᠰᠠᠭᠤᠷᠢ ᠶᠢ ᠲᠠᠰᠤᠷᠠᠯᠲᠠ ᠦᠭᠡᠢ ᠪᠠᠲᠤᠳᠬᠠᠨ᠂ ᠡᠯ᠎ᠡ ᠲᠥᠷᠥᠯ ᠤᠨ ᠠᠶᠤᠯᠭᠦᠢ ᠦᠢᠯᠡᠳᠪᠦᠷᠢᠯᠡᠯ ᠤᠨ ᠠᠳᠡᠯ ᠭᠠᠷᠬᠤ ᠶᠢ ᠪᠦᠲᠦᠮᠵᠢᠲᠡᠶ ᠰᠡᠷᠭᠡᠶᠢᠯᠡᠨ ᠬᠤᠷᠢᠭᠯᠠᠵᠤ᠂ ᠠᠵᠤ ᠠᠬᠤᠶᠢᠯᠠᠯ ᠤᠨ ᠠᠶᠤᠯᠭᠦᠢ ᠦᠢᠯᠡᠳᠪᠦᠷᠢᠯᠡᠯ ᠤᠨ ᠬᠢᠷᠢ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠦᠨ᠎ᠡ᠃           ᠵᠣᠬᠢᠶᠠᠭᠴᠢ᠄ ᠰᠢᠤᠸᠠᠨ ᠶᠠᠨ           ᠨᠠᠶᠢᠷᠠᠭᠤᠯᠤᠭᠴᠢ᠄ ᠯᠢ ᠰᠧ ᠬᠤᠢ           ᠬᠢᠨᠠᠨ ᠬᠠᠷᠭᠤᠭᠤᠯᠤᠭᠴᠢ᠄ ᠶᠠᠨ ᠬᠤᠸᠠᠢ ᡁᠢ           ᠤᠷᠴᠢᠭᠤᠯᠤᠭᠴᠢ᠄ ᠬᠠᠨ ᠰᠢᠶᠤᠤ ᠿᠦᠩ           ᠬᠢᠨᠠᠭᠴᠢ᠄ ᠼᠦᠢ ᠶᠢᠩ
 
ᠢᠷᠡᠯᠲᠡ᠄ ᠠᠮᠢᠵᠢᠷᠠᠯ ᠪᠢᠯᠬᠠᠭᠰᠠᠨ ᠹᠧᠩᠵᠧᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000072号-3