| ᠬᠤᠳᠠ ᠶᠢᠨ ᠨᠠᠮ ᠤᠨ ᠬᠤᠷᠢᠶ᠎ᠠ ᠪᠤᠯᠤᠨ ᠵᠠᠰᠠᠭ ᠤᠨ ᠣᠷᠳᠣᠨ ᠤ ᠠᠶᠤᠯᠭᠦᠢ ᠦᠢᠯᠡᠳᠪᠦᠷᠢᠯᠡᠯ ᠤᠨ ᠠᠵᠢᠯ ᠤᠨ | ᠲᠠᠯ᠎ᠠ ᠪᠠᠷ ᠬᠢ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠭᠦᠨᠵᠡᠭᠡᠢ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠠᠶᠤᠯᠭᠦᠢ ᠦᠢᠯᠡᠳᠪᠦᠷᠢᠯᠡᠯ ᠤᠨ ᠦᠨᠳᠦᠰᠦ ᠠᠴᠠ ᠨᠢ ᠵᠠᠰᠠᠬᠤ ᠪᠣᠭᠤᠮᠲᠠ ᠰᠢᠪᠲᠤᠯᠬᠤ | ᠭᠤᠷᠪᠠᠨ ᠵᠢᠯ ᠤᠨ ᠠᠵᠢᠯᠯᠠᠭ᠎ᠠ ᠶᠢ ᠦᠷᠭᠦᠯᠵᠢᠯᠡᠨ ᠭᠦᠨᠵᠡᠭᠡᠢ ᠠᠬᠢᠭᠤᠯᠵᠤ᠂ ᠠᠵᠤ ᠠᠬᠤᠶᠢᠯᠠᠯ ᠤᠨ ᠠᠶᠤᠯᠭᠦᠢ | ᠦᠢᠯᠡᠳᠪᠦᠷᠢᠯᠡᠯ ᠤᠨ ᠬᠠᠮᠢᠶᠠᠷᠤᠯᠲᠠ ᠶᠢᠨ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠬᠦ ᠶᠢᠨ ᠲᠥᠯᠥᠭᠡ᠂ 2 | ᠰᠠᠷ᠎ᠠ ᠶᠢᠨ 24 ᠤ ᠡᠳᠦᠷ᠂ ᠹᠧᠩᠵᠧᠨ ᠬᠤᠲᠠ ᠶᠢᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ | ᠲᠣᠪᠴᠢᠶ᠎ᠠ ᠶᠢᠨ ᠬᠢᠨ 2025 ᠣᠨ ᠤ ᠪᠥᠬᠦ ᠬᠤᠲᠠ ᠶᠢᠨ ᠠᠶᠤᠯᠭᠦᠢ ᠦᠢᠯᠡᠳᠪᠦᠷᠢᠯᠡᠯ ᠤᠨ ᠰᠡᠷᠡᠮᠵᠢᠯᠡᠭᠦᠯᠬᠦ | ᠬᠥᠮᠦᠵᠢᠯ ᠤᠨ ᠶᠡᠭᠡ ᠬᠤᠷᠠᠯ ᠵᠢᠴᠢ ᠠᠵᠤ ᠠᠬᠤᠶᠢᠯᠠᠯ ᠤᠨ ᠭᠤᠣᠯ ᠬᠠᠷᠢᠭᠤᠴᠠᠯᠭᠠᠲᠠᠨ᠂ ᠠᠶᠤᠯᠭᠦᠢ ᠶᠢᠨ | ᠬᠠᠮᠢᠶᠠᠷᠤᠯᠲᠠ ᠶᠢᠨ ᠠᠵᠢᠯᠲᠠᠨ ᠤ ᠪᠣᠯᠪᠠᠰᠤᠷᠠᠭᠤᠯᠤᠯ ᠤᠨ ᠬᠤᠷᠠᠯ ᠢ ᠵᠣᠬᠢᠶᠠᠨ ᠪᠠᠶᠢᠭᠤᠯᠵᠤ ᠡᠷᠭᠢᠯᠡᠪᠡ᠃ ᠪᠥᠬᠦ | ᠬᠤᠲᠠ ᠶᠢᠨ ᠬᠤᠯᠪᠣᠭᠳᠠᠯ ᠪᠦᠬᠦᠢ 100 ᠭᠠᠷᠤᠢ ᠠᠵᠤ ᠠᠬᠤᠶᠢᠯᠠᠯ᠂ ᠨᠡᠶᠢᠲᠡ 200 ᠭᠠᠷᠤᠢ ᠬᠥᠮᠥᠨ ᠲᠣᠰ | ᠤᠳᠠᠭᠠᠨ ᠤ ᠪᠣᠯᠪᠠᠰᠤᠷᠠᠭᠤᠯᠤᠯ ᠳᠤ ᠤᠷᠤᠯᠴᠠᠪᠠ᠃ | | | | | ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ | ᠬᠤᠲᠠ ᠶᠢᠨ ᠳᠠᠷᠤᠭ᠎ᠠ ᠸᠧᠢ ᠭᠦᠸᠧ ᠴᠦᠨ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ | ᠲᠡᠷᠢᠭᠦᠯᠡᠭᠴᠢ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶᠠᠨ ᠤ ᠳᠠᠷᠤᠭ᠎ᠠ ᠵᠧᠦ ᠵᠢᠶᠠᠨ ᠫᠢᠩ | ᠵᠡᠷᠭᠡ ᠤᠳᠤᠷᠢᠳᠤᠯᠭ᠎ᠠ ᠨᠠᠷ ᠬᠤᠷᠠᠯ ᠳᠤ ᠣᠷᠣᠯᠴᠠᠪᠠ᠃ ᠬᠤᠷᠠᠯ ᠠᠴᠠ ᠤᠯᠠᠭᠠᠨᠴᠠᠪ ᠬᠤᠳᠠ ᠶᠢᠨ ᠪᠠᠴᠢᠮ ᠪᠠᠶᠢᠳᠠᠯ ᠢ | ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ᠶᠢᠨ ᠤᠬᠠᠭᠤᠯᠭ᠎ᠠ ᠬᠥᠮᠦᠵᠢᠯ ᠪᠤᠯᠪᠠᠰᠤᠷᠠᠭᠤᠯᠤᠯ ᠤᠨ ᠰᠠᠯᠠᠭ᠎ᠠ ᠶᠢᠨ | ᠳᠠᠷᠤᠭ᠎ᠠ ᠵᠧᠩ ᠵᠢᠶᠦ᠋ᠨ ᠢ ᠣᠨᠴᠠᠭᠠᠶᠢᠯᠠᠨ ᠤᠷᠢᠵᠤ ᠬᠢᠴᠢᠶᠡᠯ ᠤᠷᠤᠪᠠ᠃ | | | | | | ᠲᠣᠰ ᠤᠳᠠᠭᠠᠨ ᠤ ᠪᠣᠯᠪᠠᠰᠤᠷᠠᠭᠤᠯᠤᠯ ᠳᠤ ᠬᠢᠴᠢᠶᠡᠯ ᠤᠨ ᠲᠢᠩᠬᠢᠮ ᠳᠤ ᠬᠢᠴᠢᠶᠡᠯ ᠵᠢᠭᠠᠬᠤ᠂ ᠳᠤᠭᠤᠶᠢᠯᠠᠩ ᠢᠶᠠᠷ | ᠶᠠᠷᠢᠯᠴᠠᠬᠤ ᠪᠠ ᠲᠤᠬᠠᠢ ᠶᠢᠨ ᠭᠠᠵᠠᠷ ᠲᠤᠨᠢ ᠲᠣᠭᠤᠷᠢᠨ ᠦᠵᠡᠬᠦ ᠶᠢ ᠤᠶᠠᠯᠳᠤᠭᠤᠯᠬᠤ ᠬᠡᠯᠪᠡᠷᠢ ᠶᠢ ᠠᠪᠴᠤ᠂ | ᠰᠤᠷᠤᠭᠴᠢᠳ ᠢ ᠬᠥᠲᠥᠯᠥᠨ ᠵᠢᠯᠤᠭᠤᠳᠴᠤ ᠪᠠᠶᠢᠭᠠᠳ ᠠᠶᠤᠯᠭᠦᠢ ᠦᠢᠯᠡᠳᠪᠦᠷᠢᠯᠡᠯ ᠤᠨ ᠮᠡᠳᠡᠯᠭᠡ ᠶᠢ ᠰᠢᠰᠲ᠋ᠧᠮ ᠲᠠᠢ | ᠰᠤᠷᠤᠯᠴᠠᠭᠤᠯᠤᠭᠰᠠᠨ ᠢᠶᠠᠷ ᠪᠠᠷᠠᠬᠤ ᠦᠭᠡᠢ ᠪᠠᠰᠠ ᠠᠵᠤ ᠠᠬᠤᠶᠢᠯᠠᠯ ᠤᠨ ᠬᠤᠭᠤᠷᠣᠨᠳᠣᠬᠢ ᠲᠤᠷᠰᠢᠯᠭ᠎ᠠ ᠶᠢᠨ | ᠰᠣᠯᠢᠯᠴᠠᠭ᠎ᠠ ᠶᠢ ᠠᠬᠢᠭᠤᠯᠤᠭᠰᠠᠨ ᠪᠥᠭᠡᠳ ᠪᠠᠰᠠ ᠰᠤᠷᠤᠭᠴᠢᠳ ᠤᠨ ᠦᠢᠯᠡᠳᠦᠯᠭᠡ ᠶᠢᠨ ᠲᠠᠯᠠᠪᠤᠷ ᠲᠤ ᠠᠶᠤᠯᠭᠦᠢ | ᠦᠢᠯᠡᠳᠪᠦᠷᠢᠯᠡᠯ ᠤᠨ ᠲᠤᠬᠠᠢ ᠣᠶᠢᠯᠠᠭᠠᠯᠲᠠ ᠶᠢ ᠭᠦᠨᠵᠡᠭᠡᠶᠢᠷᠡᠭᠦᠯᠪᠡ᠃ ᠲᠣᠰ ᠤᠳᠠᠭᠠᠨ ᠤ ᠪᠣᠯᠪᠠᠰᠤᠷᠠᠭᠤᠯᠤᠯ ᠢᠶᠠᠷ | ᠳᠡᠮᠵᠢᠨ᠂ ᠠᠵᠤ ᠠᠬᠤᠶᠢᠯᠠᠯ ᠤᠨ ᠭᠤᠣᠯ ᠬᠠᠷᠢᠭᠤᠴᠠᠯᠭᠠᠲᠠᠨ ᠵᠢᠴᠢ ᠠᠮᠤᠷ ᠲᠦᠪᠰᠢᠨ ᠤ ᠬᠠᠮᠢᠶᠠᠷᠤᠯᠲᠠ ᠶᠢᠨ | ᠠᠵᠢᠯᠲᠠᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ ᠤᠬᠠᠮᠰᠠᠷ ᠪᠠ ᠴᠢᠳᠠᠪᠤᠷᠢ ᠶᠢ ᠦᠨᠡᠨᠬᠦ ᠴᠢᠩᠭᠠᠳᠬᠠᠵᠤ᠂ | ᠠᠵᠤ ᠠᠬᠤᠶᠢᠯᠠᠯ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠰᠠᠭᠤᠷᠢ ᠶᠢ ᠤᠯᠠᠮ ᠨᠢᠭᠡ ᠠᠯᠬᠤᠮ ᠪᠠᠲᠤᠳᠬᠠᠪᠠ᠃ | | ᠰᠣᠷᠣᠭᠰᠠᠨ ᠮᠡᠳᠡᠯᠭᠡ ᠪᠠᠨ ᠴᠠᠭ ᠲᠤᠬᠠᠢ ᠳᠤᠨᠢ ᠰᠢᠩᠭᠡᠬᠡᠨ ᠠᠪᠴᠤ᠂ ᠠᠵᠤ ᠠᠬᠤᠶᠢᠯᠠᠯ ᠤᠨ ᠠᠶᠤᠯᠭᠦᠢ | ᠦᠢᠯᠡᠳᠪᠦᠷᠢᠯᠡᠯ ᠤᠨ ᠠᠵᠢᠯ ᠤᠨ ᠦᠢᠯᠡᠳᠦᠯᠭᠡ ᠳᠤ ᠦᠳᠲᠡᠷ ᠲᠦᠷᠭᠡᠨ ᠬᠡᠷᠡᠭᠯᠡᠨ᠂ ᠦᠨᠡᠨᠬᠦ ᠶᠠᠪᠤᠭᠳᠠᠭᠤᠰᠢᠲᠠᠢ | ᠠᠵᠢᠯ ᠤᠨ ᠰᠡᠳᠬᠢᠴᠡ᠂ ᠪᠦᠲᠦᠮᠵᠢᠲᠡᠶ ᠠᠵᠢᠯ ᠤᠨ ᠠᠷᠭ᠎ᠠ ᠬᠡᠮᠵᠢᠶ᠎ᠡ ᠪᠣᠯᠣᠨ ᠦᠨᠡᠨᠬᠦ ᠠᠳᠬᠤᠵᠤ ᠪᠣᠳᠠᠲᠠᠢ ᠪᠠᠷ | ᠠᠵᠢᠯᠯᠠᠬᠤ ᠠᠵᠢᠯ ᠤᠨ ᠰᠤᠷᠲᠠᠯ ᠪᠣᠯᠭᠠᠨ ᠬᠤᠪᠢᠷᠠᠭᠤᠯᠵᠤ᠂ ᠰᠣᠷᠣᠭᠰᠠᠨ ᠢᠶᠠᠨ ᠬᠡᠷᠡᠭᠯᠡᠬᠦ᠂ ᠢᠳᠡᠭᠡᠰᠢᠭᠦᠯᠦᠨ | ᠨᠡᠪᠲᠡᠷᠡᠲᠡᠯ᠎ᠡ ᠣᠶᠢᠯᠠᠭᠠᠵᠤ᠂ ᠪᠥᠬᠦ ᠵᠢᠯ ᠤᠨ ᠠᠶᠤᠯᠭᠦᠢ ᠦᠢᠯᠡᠳᠪᠦᠷᠢᠯᠡᠯ ᠤᠨ ᠠᠵᠢᠯ ᠢ ᠰᠠᠶᠢᠲᠤᠷ ᠡᠬᠢᠯᠡᠭᠦᠯᠦᠨ᠂ | ᠰᠠᠶᠢᠨ ᠠᠯᠬᠤᠬᠤ ᠳᠤ ᠪᠠᠲᠤ ᠴᠢᠩᠭ᠎ᠠ ᠪᠠᠲᠤᠯᠠᠭ᠎ᠠ ᠬᠠᠩᠭᠠᠨ᠎ᠠ ᠬᠡᠵᠦ ᠪᠤᠯᠪᠠᠰᠤᠷᠠᠭᠤᠯᠤᠯ ᠳᠤ ᠣᠷᠣᠯᠴᠠᠭᠰᠠᠳ | ᠢᠯᠡᠳᠭᠡᠵᠡᠭᠡᠪᠡ᠃ | | | | ᠤᠷᠴᠢᠭᠤᠯᠤᠭᠴᠢ᠄ ᠬᠠᠨ ᠰᠢᠶᠤᠤ ᠿᠦᠩ | ᠬᠢᠨᠠᠭᠴᠢ᠄ ᠼᠦᠢ ᠶᠢᠩ |