ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠬᠢᠨ 2024 ᠣᠨ ᠤ ᠠᠷᠠᠳᠴᠢᠯᠠᠭᠰᠠᠨ ᠠᠮᠢᠳᠤᠷᠠᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/2/27
     2 ᠰᠠᠷ᠎ᠠ ᠶᠢᠨ 25 ᠤ ᠡᠳᠦᠷ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠬᠢᠨ 2024 ᠣᠨ ᠤ ᠠᠷᠠᠳᠴᠢᠯᠠᠭᠰᠠᠨ ᠠᠮᠢᠳᠤᠷᠠᠯ ᠤᠨ ᠬᠤᠷᠠᠯ ᠬᠤᠷᠠᠯᠳᠤᠭᠤᠯᠪᠠ᠃ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ ᠵᠠᠩ ᠬᠤᠩ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠪᠠ᠃ ᠬᠤᠳᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠬᠦ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠸᠠᠩ ᠯᠠᠢ ᠱᠤᠸᠠᠨ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ  ᠪᠠᠶᠢᠭᠤᠯᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠠᠯᠪᠠᠨ ᠭᠡᠷ ᠤᠨ ᠡᠷᠬᠢᠯᠡᠭᠴᠢ ᠴᠧᠩ ᡁᠢ ᠢᠦᠢ ᠬᠤᠷᠠᠯ ᠳᠤ ᠰᠤᠯᠠ ᠣᠷᠣᠯᠴᠠᠪᠠ᠃ ᠬᠤᠲᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠳᠡᠳ᠋ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠳᠡᠳ᠋ ᠡᠷᠬᠢᠯᠡᠭᠴᠢ ᠰᠥᠩ ᠽᠢ ᠸᠧᠨ᠂ ᠬᠤᠲᠠ ᠶᠢᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ ᠳᠡᠳ᠋ ᠬᠡᠯᠳᠡᠰ ᠤᠨ ᠳᠠᠷᠤᠭ᠎ᠠ ᠮᠧᠩ ᠷᠦᠢ ᠮᠢᠨ ᠬᠤᠷᠠᠯ ᠳᠤ ᠣᠷᠣᠯᠴᠠᠨ ᠵᠢᠭᠠᠨ ᠵᠢᠯᠣᠭᠤᠳᠪᠠ᠃
   ᠬᠤᠷᠠᠯ ᠳᠡᠭᠡᠷ᠎ᠡ᠂ ᠳᠡᠭᠡᠷ᠎ᠡ ᠵᠢᠯ ᠤᠨ ᠠᠷᠠᠳᠴᠢᠯᠠᠭᠰᠠᠨ ᠠᠮᠢᠳᠤᠷᠠᠯ ᠤᠨ ᠬᠤᠷᠠᠯ ᠤᠨ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠤᠭᠰᠠᠨ ᠪᠠᠶᠢᠳᠠᠯ ᠵᠢᠴᠢ ᠲᠤᠰ ᠤᠳᠠᠭ᠎ᠠ ᠶᠢᠨ ᠠᠷᠠᠳᠴᠢᠯᠠᠭᠰᠠᠨ ᠠᠮᠢᠳᠤᠷᠠᠯ ᠤᠨ ᠬᠤᠷᠠᠯ ᠤᠨ ᠰᠠᠨᠠᠯ ᠬᠤᠷᠢᠶᠠᠭᠰᠠᠨ ᠪᠠᠶᠢᠳᠠᠯ ᠢ ᠮᠡᠳᠡᠭᠳᠡᠪᠡ︔ ᠵᠠᠩ ᠬᠤᠩ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠠᠭ ᠢ ᠲᠥᠯᠥᠭᠡᠯᠡᠨ ᠬᠠᠷᠢᠴᠠᠭᠤᠯᠤᠨ ᠪᠠᠶᠢᠴᠠᠭᠠᠬᠤ ᠶᠢᠨ ᠬᠠᠮᠲᠤ ᠬᠤᠪᠢ ᠬᠥᠮᠥᠨ ᠤ ᠬᠠᠷᠢᠴᠠᠭᠤᠯᠤᠨ ᠪᠠᠶᠢᠴᠠᠭᠠᠯᠳᠠ ᠬᠢᠵᠦ᠂ ᠨᠠᠮ ᠤᠨ ᠤᠳᠤᠷᠢᠳᠬᠤ ᠳᠤᠭᠤᠶᠢᠯᠠᠩ ᠤᠨ ᠪᠤᠰᠤᠳ ᠪᠦᠷᠢᠯᠳᠦᠭᠦᠨ ᠨᠠᠷ ᠨᠢᠭᠡᠳ ᠨᠢᠭᠡ ᠪᠠᠷ ᠬᠠᠷᠢᠴᠠᠭᠤᠯᠤᠨ ᠪᠠᠶᠢᠴᠠᠭᠠᠬᠤ ᠶᠢᠨ ᠬᠠᠮᠲᠤ ᠬᠠᠷᠢᠯᠴᠠᠨ ᠰᠢᠭᠦᠮᠵᠢᠯᠡᠪᠡ︔ ᠵᠢᠯᠤᠭᠤᠳᠬᠤ ᠳᠤᠭᠤᠶᠢᠯᠠᠩ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠠᠴᠠ ᠲᠤᠰ ᠤᠳᠠᠭ᠎ᠠ ᠶᠢᠨ ᠠᠷᠠᠳᠴᠢᠯᠠᠭᠰᠠᠨ ᠠᠮᠢᠳᠤᠷᠠᠯ ᠤᠨ ᠬᠤᠷᠠᠯ ᠳᠤ ᠦᠨᠡᠯᠡᠯᠲᠡ ᠬᠢᠪᠡ᠃    ᠵᠠᠩ ᠬᠤᠩ ᠬᠤᠳᠠ ᠶᠢᠨ ᠨᠠᠮ ᠤᠨ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠤᠯᠤᠰ ᠲᠦᠷᠦ ᠶᠢᠨ ᠱᠠᠭᠠᠷᠳᠠᠯᠭ᠎ᠠ ᠶᠢ ᠡᠷᠬᠢᠮᠯᠡᠬᠦ ᠶᠢ ᠠᠵᠢᠯ ᠤᠨ ᠪᠦᠬᠦ ᠶᠠᠪᠤᠴᠠ ᠪᠣᠯᠣᠨ ᠡᠯ᠎ᠡ ᠲᠠᠯ᠎ᠠ ᠳᠤ  ᠲᠤᠭᠤᠰᠢᠯᠠᠭᠤᠯᠵᠤ᠂ ᠤᠯᠤᠰ ᠲᠦᠷᠦ ᠶᠢᠨ ᠰᠠᠬᠢᠯᠭ᠎ᠠ ᠪᠠᠲᠤ ᠪᠣᠯᠣᠨ ᠤᠯᠤᠰ ᠲᠦᠷᠦ ᠶᠢᠨ ᠶᠣᠰᠣ ᠳᠦᠷᠢᠮ ᠢ ᠴᠢᠩᠭ᠎ᠠ ᠵᠢᠷᠤᠮᠯᠠᠵᠤ᠂ ᠤᠯᠤᠰ ᠲᠦᠷᠦ ᠶᠢᠨ ᠦᠨᠡᠨᠴᠢ ᠰᠢᠳᠤᠷᠭᠤ ᠶᠢ ᠪᠠᠲᠤ ᠪᠤᠢ ᠪᠣᠯᠭᠠᠵᠤ᠂ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠨ ᠠᠵᠢᠯ ᠬᠢᠵᠦ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠨᠠᠶᠢᠳᠠᠪᠤᠷᠢᠵᠢᠭᠤᠯᠵᠤ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠰᠠᠶᠢᠲᠤᠷ ᠠᠳᠬᠤᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠡᠯ᠎ᠡ ᠵᠦᠢᠯ ᠤᠨ ᠠᠵᠢᠯ ᠢ ᠢᠮᠠᠭᠲᠠ ᠵᠥᠪ ᠣᠨᠣᠪᠴᠢᠲᠠᠢ ᠤᠯᠤᠰ ᠲᠦᠷᠦ ᠶᠢᠨ ᠴᠢᠭᠯᠡᠯ ᠢᠶᠠᠷ ᠶᠠᠪᠤᠭᠳᠠᠭᠤᠯᠬᠤ ᠶᠢ ᠪᠠᠲᠤᠯᠠᠬᠤ ᠬᠡᠷᠡᠭᠲᠡᠢ ᠭᠡᠪᠡ᠃         ᠵᠣᠬᠢᠶᠠᠭᠴᠢ᠄ ᠬᠤᠤ ᠴᠧᠨ ᠹᠧᠩ         ᠨᠠᠶᠢᠷᠠᠭᠤᠯᠤᠭᠴᠢ᠄ ᠯᠢ ᠰᠧ ᠬᠤᠢ         ᠬᠢᠨᠠᠨ ᠬᠠᠷᠭᠤᠭᠤᠯᠤᠭᠴᠢ᠄ ᠶᠠᠨ ᠬᠤᠸᠠᠢ ᡁᠢ         ᠤᠷᠴᠢᠭᠤᠯᠤᠭᠴᠢ᠄ ᠬᠠᠨ ᠰᠢᠶᠤᠤ ᠿᠦᠩ         ᠬᠢᠨᠠᠭᠴᠢ᠄ ᠼᠦᠢ ᠶᠢᠩ
 
ᠢᠷᠡᠯᠲᠡ᠄ ᠠᠮᠢᠵᠢᠷᠠᠯ ᠪᠢᠯᠬᠠᠭᠰᠠᠨ ᠹᠧᠩᠵᠧᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000072号-3