| 2025 ᠣᠨ ᠤ ᠡᠬᠢ ᠪᠠᠷ᠂ ᠯᠦᠩ ᠱᠧᠩ ᠵᠤᠸᠠᠩ ᠪᠠᠯᠭᠠᠰᠤ ᠶᠢᠨ ᠶᠡᠷᠦᠩᠬᠡᠶᠢᠯᠡᠨ ᠵᠠᠰᠠᠬᠤ ᠲᠥᠪ ᠤᠨ ᠬᠢᠨ | ᠪᠠᠷᠢᠮᠵᠢᠶᠠᠵᠢᠭᠤᠯᠤᠯᠲᠠ ᠶᠢᠨ ᠪᠦᠲᠦᠭᠡᠨ ᠪᠠᠶᠢᠭᠤᠯᠤᠯᠲᠠ ᠥᠭᠡᠷᠡᠴᠢᠯᠡᠯᠲᠡ ᠶᠢ ᠪᠡᠶᠡᠯᠡᠭᠦᠯᠦᠭᠰᠡᠨ ᠪᠥᠭᠡᠳ ᠪᠣᠳᠠᠲᠤ | ᠴᠣᠭᠴᠠ ᠶᠢᠨ ᠠᠵᠢᠯᠯᠠᠭᠠᠨ ᠳᠤ ᠤᠷᠤᠪᠠ᠃ ᠲᠥᠪ ᠤᠨ ᠬᠢᠨ ︽ᠳᠦᠷᠪᠡ ᠪᠠᠶᠢᠬᠤ︾ ᠪᠠᠷᠢᠮᠵᠢᠶ᠎ᠠ ᠶᠢ ᠴᠢᠩᠭ᠎ᠠ | ᠵᠢᠷᠤᠮᠯᠠᠵᠤ᠂ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠪᠥᠬᠦ ᠲᠠᠯ᠎ᠠ ᠪᠠᠷ᠂ ᠴᠢᠨᠠᠷ ᠰᠠᠶᠢᠲᠠᠢ ᠪᠠᠷ ᠲᠦᠯᠬᠢᠨ | ᠠᠬᠢᠭᠤᠯᠬᠤ ᠶᠢᠨ ᠲᠦᠯᠦᠭᠡ᠂ ᠣᠳᠣᠬᠠᠨ ᠳᠤ᠂ ᠲᠥᠪ ᠲᠤ 8 ᠪᠠᠶᠢᠩᠭᠤ ᠰᠠᠭᠤᠭ᠎ᠠ ᠠᠵᠢᠯᠲᠠᠨ ᠲᠠᠢ ᠪᠠᠶᠢᠵᠤ᠂ ᠡᠯ᠎ᠡ | ᠵᠦᠢᠯ ᠤᠨ ᠠᠵᠢᠯ ᠢ ᠥᠷᠨᠢᠭᠦᠯᠬᠦ ᠳᠤ ᠪᠠᠲᠤ ᠴᠢᠩᠭ᠎ᠠ ᠬᠥᠮᠥᠨ ᠤ ᠬᠦᠴᠦᠨ ᠤ ᠪᠠᠲᠤᠯᠠᠭ᠎ᠠ ᠬᠠᠩᠭᠠᠭᠰᠠᠨ ᠪᠠᠶᠢᠨ᠎ᠠ᠃ | ᠲᠥᠪ ᠤᠨ ᠡᠵᠡᠯᠡᠬᠦ ᠲᠠᠯᠠᠪᠠᠶ ᠨᠢ 100 ᠲᠡᠭᠰᠢ ᠳᠥᠷᠪᠡᠯᠵᠢᠨ ᠮᠧᠲᠷ ᠲᠤ ᠬᠦᠷᠴᠦ᠂ ᠪᠠᠶᠢᠷᠢᠰᠢᠯ ᠨᠢ ᠵᠦᠢ | ᠵᠣᠬᠢᠰᠲᠠᠢ᠂ ᠴᠢᠳᠠᠮᠵᠢ ᠨᠢ ᠪᠦᠷᠢᠨ ᠭᠦᠢᠴᠡᠳ ᠪᠠᠶᠢᠵᠤ᠂ 1 ᠠᠭᠤᠵᠢᠮ ᠰᠠᠷᠠᠭᠤᠯ ᠶᠡᠭᠡ ᠲᠢᠩᠬᠢᠮ ᠪᠠ 4 ᠠᠳᠠᠯᠢ | ᠪᠤᠰᠤ ᠡᠭᠦᠷᠭᠡ ᠴᠢᠳᠠᠪᠤᠷᠢ ᠶᠢ ᠬᠠᠮᠤᠷᠤᠭᠰᠠᠨ ᠴᠢᠳᠠᠮᠵᠢᠲᠤ ᠣᠷᠣᠨ ᠲᠠᠢ᠃ | | ᠶᠡᠷᠦᠩᠬᠡᠶᠢᠯᠡᠨ ᠵᠠᠰᠠᠬᠤ ᠲᠥᠪ ᠤᠨ ᠶᠡᠭᠡ ᠲᠢᠩᠬᠢᠮ ᠳᠤ ᠣᠷᠣᠬᠤ ᠳᠤ᠂ ᠵᠠᠬᠢᠳᠠᠯ ᠰᠣᠷᠪᠤᠯᠵᠢᠯᠠᠭ᠎ᠠ ᠶᠢᠨ | ᠣᠷᠣᠯᠠᠨ ᠭᠦᠢᠴᠡᠳᠭᠡᠭᠴᠢ᠂ ᠬᠠᠤᠯᠢ ᠴᠠᠭᠠᠵᠠ ᠶᠢᠨ ᠦᠢᠯᠡᠴᠢᠯᠡᠭᠡ᠂ ᠤᠯᠠᠨ ᠲᠦᠮᠡᠨ ᠤ ᠬᠦᠯᠢᠶᠡᠨ ᠠᠪᠬᠤ ᠭᠤᠷᠪᠠᠨ | ᠴᠣᠩᠬᠤ ᠶᠢ ᠲᠡᠷᠢ ᠲᠡᠭᠰᠢ ᠵᠢᠭᠰᠠᠭᠠᠵᠤ᠂ ᠡᠮᠬᠢ ᠳᠢᠭᠯᠢᠮ ᠲᠠᠢ ᠪᠣᠯᠪᠠ᠃ ᠠᠵᠢᠯᠲᠠᠳ ᠣᠷᠭᠢᠯᠤᠮ᠎ᠠ ᠬᠠᠯᠠᠭᠤᠨ | ᠰᠡᠳᠬᠢᠯᠭᠡ᠂ ᠲᠤᠰᠬᠠᠢ ᠮᠡᠷᠭᠡᠵᠢᠯ ᠤᠨ ᠪᠣᠯᠪᠠᠰᠤᠷᠠᠯ ᠢᠶᠠᠷ ᠢᠶᠠᠨ ᠠᠰᠠᠭᠤᠨ ᠯᠠᠪᠯᠠᠬᠤ ᠪᠠᠷ ᠢᠷᠡᠭᠰᠡᠨ ᠣᠯᠠᠨ | ᠲᠦᠮᠡᠨ ᠳᠤ ᠴᠢᠨᠠᠷ ᠰᠠᠶᠢᠲᠠᠢ ᠥᠨᠳᠥᠷ ᠪᠦᠲᠦᠮᠵᠢᠲᠡᠶ ᠦᠢᠯᠡᠴᠢᠯᠡᠭᠡ ᠬᠠᠩᠭᠠᠵᠤ᠂ ᠣᠯᠠᠨ ᠲᠦᠮᠡᠨ ᠤ ᠠᠰᠠᠭᠤᠯᠲᠠ | ᠪᠦᠬᠦᠨ ᠢ ᠬᠦᠯᠢᠴᠡᠩᠭᠦᠢ ᠪᠠᠷ ᠬᠠᠷᠢᠭᠤᠯᠵᠤ ᠪᠠᠶᠢᠯ᠎ᠠ᠃ ᠲᠦᠷᠪᠡᠨ ᠴᠢᠳᠠᠮᠵᠢᠲᠤ ᠣᠷᠣᠨ ᠤ ᠣᠨᠴᠠᠯᠢᠭ ᠨᠢ ᠢᠯᠡ | ᠲᠣᠳᠣ᠂ ᠲᠤᠰ ᠲᠤᠰ ᠤᠨ ᠲᠤᠰᠬᠠᠢ ᠮᠡᠷᠭᠡᠵᠢᠯ ᠲᠠᠢ᠂ ︽ᠨᠢᠭᠡ ᠯᠡ ᠥᠷᠲᠡᠭᠡᠨ ᠤ ᠮᠠᠶ᠋ᠢᠭ ᠤᠨ ᠵᠥᠷᠢᠴᠡᠯ | ᠵᠢᠭᠤᠷᠠᠯᠳᠤᠭᠠᠨ ᠢ ᠡᠶᠡᠳᠡᠭᠦᠯᠦᠨ ᠰᠢᠢᠳᠪᠦᠷᠢᠯᠡᠬᠦ ᠲᠥᠪ︾ ᠨᠢ ᠵᠥᠷᠢᠴᠡᠯ ᠢ ᠰᠢᠢᠳᠪᠦᠷᠢᠯᠡᠬᠦ ᠭᠤᠣᠯ ᠵᠢᠭᠰᠠᠭᠠᠯ ᠤᠨ | ᠭᠠᠵᠠᠷ ᠪᠣᠯᠤᠭᠰᠠᠨ ᠤ ᠬᠤᠪᠢ ᠳᠤ᠂ ᠡᠶᠡᠳᠡᠭᠦᠯᠦᠭᠴᠢ ᠨᠢ ᠡᠯᠪᠡᠭ ᠪᠠᠶᠠᠯᠢᠭ ᠡᠶᠡᠳᠡᠭᠦᠯᠭᠡ ᠶᠢᠨ ᠲᠤᠷᠰᠢᠯᠭ᠎ᠠ ᠪᠠ | ᠲᠤᠰᠬᠠᠢ ᠮᠡᠷᠭᠡᠵᠢᠯ ᠤᠨ ᠡᠶᠡᠳᠡᠭᠦᠯᠭᠡ ᠶᠢᠨ ᠤᠷ᠎ᠠ ᠮᠡᠷᠭᠡᠵᠢᠯ ᠢᠶᠠᠷ ᠢᠶᠠᠨ ᠡᠯ᠎ᠡ ᠲᠦᠷᠦᠯ ᠤᠨ ᠵᠢᠭᠤᠷᠠᠯᠳᠤᠭᠠᠨ ᠢ | ᠲᠣᠬᠢᠲᠠᠢ ᠡᠶᠡᠳᠡᠭᠦᠯᠳᠡᠭ︔ ︽ᠨᠡᠶᠢᠭᠡᠮ ᠤᠨ ᠵᠠᠰᠠᠯᠲᠠ ᠶᠢᠨ ᠠᠯᠪᠠᠨ ᠭᠡᠷ + 12345 ᠠᠵᠢᠯ ᠤᠨ ᠥᠷᠲᠡᠭᠡ︾ | ᠨᠢ ᠣᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠨᠢᠭᠲᠠ ᠵᠣᠯᠭᠠᠭᠤᠯᠵᠤ᠂ ᠠᠷᠠᠳ ᠤᠨ ᠠᠮᠢᠳᠤᠷᠠᠯ ᠤᠨ | ᠠᠰᠠᠭᠤᠳᠠᠯ ᠢ ᠲᠦᠷᠭᠡᠨ ᠰᠢᠢᠳᠪᠦᠷᠢᠯᠡᠪᠡ︔ ︽ᠰᠡᠳᠬᠢᠴᠡ ᠶᠢᠨ ᠯᠠᠪᠯᠠᠯᠲᠠ ᠶᠢᠨ ᠲᠠᠰᠤᠭ + ᠬᠠᠤᠯᠢ ᠴᠠᠭᠠᠵᠠ ᠶᠢᠨ | ᠦᠢᠯᠡᠴᠢᠯᠡᠭᠡᠨ ᠤ ᠲᠠᠰᠤᠭ︾ ᠬᠠᠮᠵᠢᠯᠴᠠᠨ ᠠᠵᠢᠯᠯᠠᠵᠤ᠂ ᠣᠯᠠᠨ ᠲᠦᠮᠡᠨ ᠤ ᠰᠡᠳᠬᠢᠴᠡ ᠶᠢᠨ ᠡᠷᠡᠭᠦᠯ ᠮᠡᠨᠳᠦ ᠶᠢ | ᠬᠠᠯᠠᠮᠵᠢᠯᠠᠬᠤ ᠪᠠᠷ ᠪᠠᠷᠠᠬᠤ ᠦᠭᠡᠢ ᠪᠠᠰᠠ ᠲᠤᠰᠬᠠᠢ ᠮᠡᠷᠭᠡᠵᠢᠯ ᠤᠨ ᠬᠠᠤᠯᠢ ᠴᠠᠭᠠᠵᠠ ᠶᠢᠨ ᠳᠡᠮᠵᠢᠯᠭᠡ ᠬᠠᠩᠭᠠᠨ᠎ᠠ︔ | ︽ᠭᠠᠵᠢᠭᠤ ᠨᠣᠮᠯᠠᠯ ᠢ ᠡᠰᠡᠷᠭᠦᠴᠡᠬᠦ ᠠᠯᠪᠠᠨ ᠭᠡᠷ + ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠠᠯᠪᠠᠨ | ᠭᠡᠷ︾ ᠴᠠᠭ ᠢᠮᠠᠭᠲᠠ ᠠᠵᠢᠯ ᠤᠨ ᠪᠠᠶᠢᠷᠢ ᠪᠠᠨ ᠪᠠᠲᠤ ᠰᠠᠬᠢᠵᠤ᠂ ᠭᠠᠵᠢᠭᠤ ᠨᠣᠮᠯᠠᠯ ᠢ ᠡᠰᠡᠷᠭᠦᠴᠡᠬᠦ ᠤᠬᠠᠭᠤᠯᠭ᠎ᠠ | ᠬᠥᠮᠦᠵᠢᠯ ᠪᠠ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠠᠵᠢᠯ ᠢ ᠢᠳᠡᠪᠬᠢᠲᠡᠢ ᠥᠷᠨᠢᠭᠦᠯᠵᠦ᠂ ᠪᠥᠬᠦ | ᠪᠠᠯᠭᠠᠰᠤᠨ ᠤ ᠡᠶ᠎ᠡ ᠵᠣᠬᠢᠴᠠᠯ ᠲᠠᠢ ᠲᠣᠭᠲᠠᠭᠤᠨ ᠪᠠᠶᠢᠳᠠᠯ ᠳᠤ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ | ᠪᠠᠲᠤ ᠪᠠᠬᠢ ᠪᠠᠶᠢᠭᠤᠯᠵᠤ ᠥᠭᠪᠡ᠃ ᠶᠡᠷᠦᠩᠬᠡᠶᠢᠯᠡᠨ ᠵᠠᠰᠠᠬᠤ ᠲᠥᠪ ᠢ ᠥᠭᠡᠷᠡᠴᠢᠯᠡᠨ ᠳᠡᠰ ᠳᠡᠪᠰᠢᠭᠦᠯᠦᠭᠰᠡᠨ ᠢᠶᠠᠷ | ᠬᠡᠷᠡᠭ ᠡᠷᠬᠢᠯᠡᠬᠦ ᠶᠠᠪᠤᠴᠠ ᠶᠢ ᠲᠤᠶᠢᠯ ᠤᠨ ᠶᠡᠭᠡ ᠪᠠᠷ ᠰᠢᠯᠢᠳᠡᠭᠵᠢᠭᠦᠯᠵᠦ᠂ ᠤᠯᠠᠨ ᠲᠦᠮᠡᠨ ᠤ ︽ᠨᠢᠭᠡ ᠯᠡ | ᠡᠭᠦᠳᠡ ᠪᠠᠷ ᠠᠯᠢᠪᠠ ᠶᠠᠪᠤᠳᠠᠯ ᠢᠶᠠᠨ ᠰᠢᠢᠳᠪᠦᠷᠢᠯᠡᠬᠦ︾ ᠳᠥᠭᠦᠮ ᠳᠥᠲᠡ ᠦᠢᠯᠡᠴᠢᠯᠡᠭᠡᠨ ᠤ ᠬᠠᠷᠠᠯᠲᠠ ᠶᠢ ᠦᠨᠡᠨᠬᠦ | ᠪᠡᠶᠡᠯᠡᠭᠦᠯᠪᠡ᠃ | | 2025 ᠣᠨ ᠠᠴᠠ ᠨᠠᠰᠢ᠂ ᠶᠡᠷᠦᠩᠬᠡᠶᠢᠯᠡᠨ ᠵᠠᠰᠠᠬᠤ ᠲᠥᠪ ᠤᠨ ᠬᠢᠨ ᠰᠤᠷᠪᠤᠯᠵᠢᠯᠠᠬᠤ ᠪᠠᠷ ᠢᠷᠡᠭᠰᠡᠨ ᠤᠯᠠᠨ | ᠲᠦᠮᠡᠨ ᠢ ᠨᠡᠶᠢᠳᠡ 10 ᠪᠦᠯᠦᠭ ᠤᠳᠠᠭ᠎ᠠ ᠬᠦᠯᠢᠶᠡᠨ ᠠᠪᠴᠤ᠂ 12345 ᠠᠵᠢᠯ ᠤᠨ ᠬᠠᠭᠤᠳᠠᠰᠤ ᠶᠢ 14 | ᠬᠤᠪᠢ ᠰᠢᠢᠳᠪᠦᠷᠢᠯᠡᠵᠦ᠂ 6 ᠵᠥᠷᠢᠴᠡᠯ ᠵᠢᠭᠤᠷᠠᠯᠳᠤᠭᠠᠨ ᠢ ᠰᠤᠷᠪᠤᠯᠵᠢᠯᠠᠨ ᠪᠠᠶᠢᠴᠠᠭᠠᠵᠤ᠂ ᠡᠭᠦᠨ ᠳᠤ 321 | ᠠᠵᠢᠯ ᠤᠨ ᠠᠷᠭ᠎ᠠ ᠪᠠᠷ 4 ᠵᠢᠭᠤᠷᠠᠯᠳᠤᠭᠠᠨ ᠢ ᠰᠢᠢᠳᠪᠦᠷᠢᠯᠡᠵᠦ᠂ ᠤᠯᠠᠨ ᠰᠠᠯᠠᠭ᠎ᠠ ᠮᠥᠴᠢᠷ ᠤᠨ ᠵᠣᠬᠢᠴᠠᠭᠤᠯᠭ᠎ᠠ | ᠬᠠᠮᠵᠢᠯᠴᠠᠭ᠎ᠠ ᠪᠠᠷ ᠳᠠᠮᠵᠢᠨ 2 ᠵᠢᠭᠤᠷᠠᠯᠳᠤᠭᠠᠨ ᠢ ᠰᠢᠢᠳᠪᠦᠷᠢᠯᠡᠪᠡ᠃ ᠯᠠᠪᠳᠠᠭᠤᠨ ᠪᠠᠲᠤᠲᠠᠢ ᠠᠵᠢᠯ ᠤᠨ ᠦᠷ᠎ᠡ | ᠪᠦᠲᠦᠮᠵᠢ ᠪᠠ ᠰᠠᠶᠢᠨ ᠰᠠᠶᠢᠬᠠᠨ ᠦᠢᠯᠡᠴᠢᠯᠡᠭᠡᠨ ᠤ ᠶᠠᠰᠤ ᠴᠢᠨᠠᠷ ᠲᠤ ᠲᠦᠰᠢᠭᠯᠡᠨ᠂ ᠶᠡᠷᠦᠩᠬᠡᠶᠢᠯᠡᠨ ᠵᠠᠰᠠᠬᠤ ᠲᠥᠪ | ᠨᠢ ᠣᠯᠠᠨ ᠲᠦᠮᠡᠨ ᠤ ᠳᠡᠭᠡᠳᠦ ᠬᠡᠮᠵᠢᠶᠡᠨ ᠤ ᠵᠥᠪᠰᠢᠶᠡᠷᠡᠯ ᠪᠠ ᠨᠢᠭᠡᠳᠦᠯᠲᠡᠢ ᠰᠠᠶᠢᠨ ᠦᠨᠡᠯᠡᠯᠲᠡ ᠶᠢ ᠣᠯᠵᠤ᠂ | ᠣᠯᠠᠨ ᠲᠦᠮᠡᠨ ᠤ ᠬᠠᠨᠤᠮᠵᠢ ᠶᠢᠨ ᠨᠣᠷᠮ᠎ᠠ 100% ᠳᠤ ᠬᠥᠷᠪᠡ᠃ | | | ᠤᠷᠴᠢᠭᠤᠯᠤᠭᠴᠢ᠄ ᠬᠠᠨ ᠰᠢᠶᠤᠤ ᠿᠦᠩ | ᠬᠢᠨᠠᠭᠴᠢ᠄ ᠼᠦᠢ ᠶᠢᠩ | |