ᠬᠤᠲᠠ ᠶᠢᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ᠶᠢᠨ ᠬᠢᠨ ᠲᠡᠮᠦᠷᠯᠢᠭ ᠬᠠᠶᠢᠯᠤᠭᠤᠯᠬᠤ ᠠᠵᠤ ᠠᠬᠤᠶᠢᠯᠠᠯ ᠤᠨ ᠨᠡᠭᠦᠷᠡᠰᠦᠨ ᠬᠡᠢ ᠬᠠᠳᠠᠭᠠᠯᠠᠬᠤ ᠰᠠᠪᠠ ᠵᠢᠴᠢ ᠬᠤᠭᠤᠯᠠᠢ᠂ ᠬᠡᠢ ᠪᠡᠶᠡᠲᠦ ᠬᠠᠳᠠᠭᠠᠯᠠᠬᠤ ᠰᠠᠪᠠ ᠶᠢ ᠲᠤᠰᠬᠠᠢ ᠴᠡᠭᠴᠡᠯᠡᠨ ᠵᠠᠰᠠᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2025/2/28
    ᠪᠥᠬᠦ ᠬᠤᠲᠠ ᠶᠢᠨ ᠲᠡᠮᠦᠷᠯᠢᠭ ᠬᠠᠶᠢᠯᠤᠭᠤᠯᠬᠤ ᠠᠵᠤ ᠠᠬᠤᠶᠢᠯᠠᠯ ᠤᠨ ᠠᠶᠤᠯᠭᠦᠢ ᠦᠢᠯᠡᠳᠪᠦᠷᠢᠯᠡᠯ ᠤᠨ ᠠᠵᠢᠯ ᠢ ᠤᠯᠠᠮ ᠨᠢᠭᠡ ᠠᠯᠬᠤᠮ ᠰᠠᠶᠢᠲᠤᠷ ᠠᠳᠬᠤᠵᠤ᠂ ᠦᠢᠯᠡᠳᠪᠦᠷᠢᠯᠡᠯ ᠤᠨ ᠠᠶᠤᠯᠭᠦᠢ ᠶᠢᠨ ᠠᠳᠡᠯ ᠢ ᠪᠦᠲᠦᠮᠵᠢᠲᠡᠶ ᠰᠡᠷᠭᠡᠶᠢᠯᠡᠬᠦ ᠶᠢᠨ ᠲᠦᠯᠦᠭᠡ᠂ 2 ᠰᠠᠷ᠎ᠠ ᠶᠢᠨ 26 ᠤ ᠡᠳᠦᠷ᠂ ᠬᠤᠲᠠ ᠶᠢᠨ ᠪᠠᠴᠢᠮ ᠪᠠᠶᠢᠳᠠᠯ ᠢ  ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ᠶᠢᠨ ᠬᠢᠨ ᠲᠡᠮᠦᠷᠯᠢᠭ ᠬᠠᠶᠢᠯᠤᠭᠤᠯᠬᠤ ᠠᠵᠤ ᠠᠬᠤᠶᠢᠯᠠᠯ ᠤᠨ ᠨᠡᠭᠦᠷᠡᠰᠦᠨ ᠬᠡᠢ ᠬᠠᠳᠠᠭᠠᠯᠠᠬᠤ ᠰᠠᠪᠠ ᠵᠢᠴᠢ ᠬᠤᠭᠤᠯᠠᠢ᠂ ᠬᠡᠢ ᠪᠡᠶᠡᠲᠦ ᠬᠠᠳᠠᠭᠠᠯᠠᠬᠤ ᠰᠠᠪᠠ ᠶᠢ ᠲᠤᠰᠬᠠᠢ ᠴᠡᠭᠴᠡᠯᠡᠨ ᠵᠠᠰᠠᠬᠤ ᠠᠵᠢᠯᠯᠠᠭ᠎ᠠ ᠥᠷᠨᠢᠭᠦᠯᠪᠡ᠃
   ᠲᠤᠰᠬᠠᠢ ᠴᠡᠭᠴᠡᠯᠡᠨ ᠵᠠᠰᠠᠬᠤ ᠠᠵᠢᠯᠯᠠᠭ᠎ᠠ ᠶᠢᠨ ᠳᠤᠮᠳᠠ᠂ ᠬᠤᠲᠠ ᠶᠢᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ᠶᠢᠨ ᠬᠢᠨ ᠲᠤᠰᠬᠠᠢ ᠮᠡᠷᠭᠡᠵᠢᠯᠲᠡᠨ ᠤᠷᠢᠵᠤ ᠠᠭᠤᠷᠬᠠᠢ ᠶᠢᠨ ᠢᠯᠴᠢ ᠶᠢᠨ ᠵᠤᠤᠬ᠎ᠠ ᠶᠢᠨ ᠲᠡᠮᠦᠷ ᠭᠠᠷᠭᠠᠬᠤ ᠲᠠᠪᠴᠠᠩ᠂ ᠨᠡᠭᠦᠷᠡᠰᠦᠨ ᠬᠡᠢ ᠴᠡᠪᠡᠷᠰᠢᠭᠦᠯᠬᠦ ᠣᠷᠣᠨ ᠪᠦᠰᠡ ᠶᠢᠨ ᠬᠤᠭᠤᠯᠠᠢ ᠵᠢᠴᠢ ᠲᠤᠯᠬᠤ ᠵᠢᠶᠠᠰᠠ᠂ ᠨᠡᠭᠦᠷᠡᠰᠦᠲᠥ᠋ᠷᠥᠭᠴᠢ ᠶᠢᠨ ᠲᠠᠩ ᠢᠰᠦᠯ ᠤᠨ ᠲᠦᠭᠰᠢᠭᠦᠷᠢ ᠮᠡᠳᠡᠭᠡᠯᠡᠬᠦ ᠲᠣᠨᠣᠭᠯᠠᠯ᠂ ᠠᠮᠤᠷ ᠲᠦᠪᠰᠢᠨ ᠤ ᠰᠡᠷᠡᠮᠵᠢ ᠶᠢᠨ ᠲᠡᠮᠳᠡᠭ᠂ ᠲᠡᠷᠭᠡ ᠬᠡᠷᠡᠭᠯᠡᠬᠦ ᠵᠢᠷᠤᠮᠵᠢᠯ᠂ ᠪᠥᠰ ᠮᠠᠲ᠋ᠧᠷᠢᠶᠠᠯ ᠤᠨ ᠣᠷᠣᠨ ᠪᠦᠰᠡ᠂ ᠲᠥᠪ ᠤᠨ ᠡᠵᠡᠮᠰᠢᠯ ᠤᠨ ᠲᠠᠰᠤᠭ ᠤᠨ ᠰᠢᠰᠲ᠋ᠧᠮ ᠤᠨ ᠪᠣᠯᠵᠣᠯᠲᠤ ᠲᠤᠭ᠎ᠠ ᠵᠢᠴᠢ ᠬᠤᠯᠪᠣᠨ ᠣᠨᠢᠰᠤᠯᠠᠬᠤ ᠲᠣᠨᠣᠭᠯᠠᠯ ᠵᠢᠴᠢ ᠠᠵᠤ ᠠᠬᠤᠶᠢᠯᠠᠯ ᠤᠨ ᠡᠯ᠎ᠡ ᠵᠦᠢᠯ ᠤᠨ ᠠᠮᠤᠷ ᠲᠦᠪᠰᠢᠨ ᠤ ᠵᠥᠭᠡᠯᠡᠨ ᠲᠣᠨᠤᠭ ᠤᠨ ᠮᠠᠲ᠋ᠧᠷᠢᠶᠠᠯ ᠵᠡᠷᠭᠡ ᠳᠤ ᠭᠤᠣᠯᠳᠠᠯᠭ᠎ᠠ ᠲᠠᠢ ᠪᠠᠷ ᠪᠥᠬᠦ ᠲᠠᠯ᠎ᠠ ᠪᠠᠷ ᠨᠠᠷᠢᠨ ᠨᠢᠮᠪᠠᠢ ᠪᠠᠶᠢᠴᠠᠭᠠᠯᠲᠠ ᠬᠢᠪᠡ᠃
   ᠥᠪᠥᠷ ᠮᠣᠩᠭᠤᠯ ᠤᠨ ᠺᠧ ᠬᠠᠨ ᠲᠡᠮᠦᠷᠯᠢᠭ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠳᠤ᠂ ᠪᠠᠶᠢᠴᠠᠭᠠᠬᠤ ᠳᠤᠭᠤᠶᠢᠯᠠᠩ ᠤᠨ ᠬᠢᠨ ᠺᠣᠮᠫᠠᠨᠢ ᠶᠢᠨ ᠬᠠᠷᠢᠭᠤᠴᠠᠯᠭᠠᠲᠠᠨ ᠤ ᠲᠡᠮᠦᠷᠯᠢᠭ ᠬᠠᠶᠢᠯᠤᠭᠤᠯᠬᠤ ᠠᠵᠤ ᠠᠬᠤᠶᠢᠯᠠᠯ ᠤᠨ ᠨᠡᠭᠦᠷᠡᠰᠦᠨ ᠬᠡᠢ ᠶᠢᠨ ᠠᠮᠤᠷ ᠲᠦᠪᠰᠢᠨ ᠤ ᠬᠠᠮᠢᠶᠠᠷᠤᠯᠲᠠ ᠶᠢᠨ ᠲᠤᠰᠬᠠᠢ ᠪᠠᠶᠢᠴᠠᠭᠠᠯᠲᠠ ᠶᠢᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠴᠤ᠂ ᠲᠤᠬᠠᠢ ᠶᠢᠨ ᠭᠠᠵᠠᠷ ᠲᠤᠨᠢ ᠠᠵᠤ ᠠᠬᠤᠶᠢᠯᠠᠯ ᠤᠨ ᠬᠤᠯᠪᠣᠭᠳᠠᠯ ᠪᠦᠬᠦᠢ ᠡᠬᠡ ᠲᠠᠩᠰᠠ ᠶᠢᠨ ᠮᠠᠲ᠋ᠧᠷᠢᠶᠠᠯ ᠢ ᠪᠠᠶᠢᠴᠠᠭᠠᠨ ᠦᠵᠡᠭᠰᠡᠨ ᠪᠥᠭᠡᠳ ᠦᠢᠯᠡᠳᠪᠦᠷᠢ ᠶᠢᠨ ᠲᠠᠰᠤᠭ ᠤᠨ ᠨᠡᠭᠦᠷᠡᠰᠦᠨ ᠬᠡᠢ ᠯᠡᠪᠡᠷᠡᠬᠦ ᠶᠢ ᠬᠠᠮᠠᠭᠠᠯᠠᠬᠤ ᠲᠣᠨᠣᠭᠯᠠᠯ᠂ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠪᠡᠯᠡᠳᠬᠡᠯ ᠲᠥᠰᠥᠯ ᠪᠣᠯᠣᠨ ᠰᠣᠷᠢᠯᠲᠠ᠂ ᠲᠤᠬᠠᠢ ᠶᠢᠨ ᠲᠠᠯᠠᠪᠤᠷ ᠲᠤ ᠠᠵᠢᠯᠯᠠᠵᠤ ᠪᠠᠶᠢᠭ᠎ᠠ ᠬᠥᠮᠥᠰ ᠤᠨ ᠬᠠᠮᠠᠭᠠᠯᠠᠯᠲᠠ ᠶᠢᠨ ᠬᠡᠷᠡᠭᠰᠡᠯ ᠤᠨ ᠬᠡᠷᠡᠭᠯᠡᠯᠲᠡ ᠵᠡᠷᠭᠡ ᠶᠢ ᠰᠣᠩᠭᠤᠨ ᠪᠠᠶᠢᠴᠠᠭᠠᠪᠠ᠃        ᠵᠣᠬᠢᠶᠠᠭᠴᠢ᠄ ᠰᠢᠤᠸᠠᠨ ᠶᠠᠨ        ᠨᠠᠶᠢᠷᠠᠭᠤᠯᠤᠭᠴᠢ᠄ ᠯᠢ ᠰᠧ ᠬᠤᠢ        ᠬᠢᠨᠠᠨ ᠬᠠᠷᠭᠤᠭᠤᠯᠤᠭᠴᠢ᠄ ᠶᠠᠨ ᠬᠤᠸᠠᠢ ᡁᠢ        ᠤᠷᠴᠢᠭᠤᠯᠤᠭᠴᠢ᠄ ᠬᠠᠨ ᠰᠢᠶᠤᠤ ᠿᠦᠩ        ᠬᠢᠨᠠᠭᠴᠢ᠄ ᠼᠦᠢ ᠶᠢᠩ
 
ᠢᠷᠡᠯᠲᠡ᠄ ᠠᠮᠢᠵᠢᠷᠠᠯ ᠪᠢᠯᠬᠠᠭᠰᠠᠨ ᠹᠧᠩᠵᠧᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000072号-3